ᠾᠧ ᠬᠠᠶ ᠳ᠋ᠦᠩ ᠲᠦᠮᠡᠳ ᠵᠡᠭᠦᠨ ᠬᠤᠰᠢᠭᠤᠨ ᠤ ᠭᠤᠤᠯᠳᠠᠯᠭ᠎ᠠ ᠲᠠᠢ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2022/3/4
     3 ᠰᠠᠷ᠎ᠠ ᠶᠢᠨ 1 ᠤ ᠤᠷᠤᠢ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠾᠧ ᠬᠠᠢ ᠳ᠋ᠦᠩ ᠨᠡᠷ ᠪᠠᠰᠠ ᠲᠦᠮᠡᠳ ᠵᠡᠭᠦᠨ ᠬᠤᠰᠢᠭᠤᠨ ᠤ ᠭᠤᠣᠯᠳᠠᠯᠭ᠎ᠠ ᠲᠠᠢ ᠣᠷᠣᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠲᠦᠮᠡᠳ ᠵᠡᠭᠦᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠬᠤᠷᠠᠯ ᠳᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠪᠠ᠃      ᠾᠧ ᠬᠠᠶ ᠳ᠋ᠦᠩ ᠡᠩ ᠲᠡᠷᠢᠭᠦᠨ ᠳᠤ ᠲᠦᠮᠡᠳ ᠵᠡᠭᠦᠨ ᠬᠤᠰᠢᠭᠤᠨ ᠤ ᠶᠢᠨ ᠰᠢᠶᠠ ᠠᠭᠤᠳᠠᠮ ᠲᠠᠯᠠᠪᠠᠶ ᠶᠢᠨ ᠪᠠᠭ᠎ᠠ ᠲᠣᠭᠤᠷᠢᠭ ᠪᠣᠯᠤᠨ ᠬᠤᠩ ᠲᠠᠢ ᠠᠭᠤᠳᠠᠮ ᠲᠠᠯᠠᠪᠠᠶ ᠶᠢᠨ ᠨᠡᠶᠢᠲᠡ ᠶᠢᠨ ᠪᠠᠶᠢᠷᠢ ᠳᠤ ᠬᠦᠷᠴᠦ᠂ ᠡᠮᠦᠨ᠎ᠡ ᠨᠢᠭᠡ ᠡᠳᠦᠷ ᠤᠨ ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠲᠤᠬᠠᠶ ︽ᠡᠷᠭᠢᠵᠦ ᠦᠵᠡᠬᠦ︾ ᠠᠵᠢᠯ ᠬᠢᠵᠦ᠂ ᠳᠠᠷᠠᠭ᠎ᠠ ᠨᠢ ᠮᠢᠨ ᠡᡁᠧ ᠸᠧᠨ ᠶᠤᠸᠠᠨ᠂ ᠲᠢᠶᠠᠨ ᠢᠦ ᠬᠤᠸᠠ ᠶᠤᠸᠠᠨ ᠵᠡᠷᠭᠡ ᠪᠠᠭ᠎ᠠ ᠲᠣᠭᠤᠷᠢᠭ ᠲᠤ ᠬᠦᠷᠴᠦ ᠵᠢᠵᠢᠭᠦᠷᠯᠡᠵᠦ ᠵᠢᠵᠢᠭᠦᠷᠯᠡᠬᠦ ᠪᠡᠯᠡᠳᠬᠡᠯ ᠠᠵᠢᠯ ᠤᠨ ᠲᠤᠬᠢᠷᠠᠭᠤᠯᠤᠯᠳᠠ᠂ ᠣᠳᠣᠬᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠠᠬᠢᠴᠠ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠠᠭ ᠠᠳᠠᠯᠢᠬᠠᠨ ᠴᠠᠭ ᠲᠤ ᠤᠷᠤᠯᠳᠤᠨ ᠭᠦᠶᠦᠵᠦ᠂ ᠸᠢᠷᠦ᠋ᠰ ᠲᠠᠢ ᠦᠵᠡᠯᠴᠡᠬᠦ ᠵᠠᠩᠭᠢᠯᠠᠭ᠎ᠠ ᠶᠢᠨ ᠴᠠᠭ ᠮᠥᠴᠡ ᠳᠤ ᠣᠷᠣᠰᠢᠵᠤ ᠪᠠᠶᠢᠨ᠎ᠠ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠳᠤ ᠥᠴᠦᠬᠡᠨ ᠴᠦ ᠠᠯᠳᠠᠰᠢ ᠭᠠᠷᠭᠠᠵᠤ ᠪᠣᠯᠬᠤ ᠥᠬᠡᠶ᠂ ᠲᠦᠮᠡᠳ ᠵᠡᠭᠦᠨ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠠᠳᠬᠤᠵᠤ᠂ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠯᠲᠡ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠶᠢ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠪᠠᠷ ᠬᠡᠷᠡᠭᠵᠢᠭᠦᠯᠬᠦ ᠬᠡᠷᠡᠭᠲᠡᠶ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠾᠧ ᠬᠠᠶ ᠳ᠋ᠦᠩ ᠡᠯ᠎ᠡ ᠠᠵᠢᠯᠯᠠᠬᠤ ᠳᠤᠭᠤᠶᠢᠯᠠᠩ ᠤᠨ ︽ᠶᠠᠩ ᠶᠠᠩ︾ ᠲᠤᠰᠬᠠᠶ ᠠᠩᠭᠢ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠤᠷᠤᠰᠬᠠᠯ ᠢ ᠡᠷᠢᠬᠦ᠂ ᠨᠡᠶᠢᠭᠡᠮ ᠠᠴᠠ ᠬᠠᠮᠢᠶᠠᠷᠤᠨ ᠡᠵᠡᠮᠳᠡᠬᠦ᠂ ᠤᠬᠠᠭᠤᠯᠤᠨ ᠳᠠᠶᠢᠴᠢᠯᠠᠬᠤ᠂ ᠪᠠᠭᠤᠳᠠᠯ ᠤᠨ ᠬᠠᠮᠢᠶᠠᠷᠤᠯᠲᠠ ᠶᠢ ᠲᠤᠰᠠᠭᠠᠷᠯᠠᠬᠤ᠂ ᠠᠵᠢᠯᠲᠠᠨ ᠤ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠰ ᠳᠡᠭᠡᠭᠰᠢᠯᠡᠭᠦᠯᠬᠦ ᠬᠠᠮᠢᠶᠠᠷᠤᠯᠲᠠ ᠶᠢ ᠬᠡᠷᠡᠭᠵᠢᠭᠦᠯᠬᠦ ᠳᠤ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠢᠵᠢᠭ ᠲᠣᠭᠤᠷᠢᠭ᠂ ᠲᠣᠰᠬᠤᠨ ᠳᠤᠭᠤᠶᠢᠯᠠᠩ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠂ ᠵᠠᠪᠠᠯ ᠭᠠᠳᠠᠭᠰᠢ ᠭᠠᠷᠬᠤ ᠬᠡᠷᠡᠭᠲᠡᠶ︔ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠪᠡᠭᠡᠯᠡᠶ ᠵᠡᠭᠦᠬᠦ ᠵᠡᠷᠭᠡ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠢ ᠰᠥᠨᠢᠵᠢᠨ ᠬᠢᠬᠦ ᠥᠬᠡᠶ ᠪᠠᠷ ᠴᠢᠩᠭ᠎ᠠ ᠠᠳᠬᠤᠨ ᠪᠣᠳᠠᠲᠠᠶ ᠠᠳᠬᠤᠵᠤ᠂ ᠡᠭᠦᠷᠭᠡ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠲᠦᠷᠭᠡᠳᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠷᠤᠰᠬᠠᠯ ᠢᠶᠠᠷ ᠤᠭ ᠦᠨᠳᠦᠰᠦ ᠶᠢ ᠨᠢ ᠡᠷᠢᠬᠦ ᠶᠢ ᠦᠷᠭᠦᠯᠵᠢᠯᠡᠨ ᠴᠢᠩᠭᠠᠳᠬᠠᠵᠤ᠂ ᠠᠬᠢᠴᠠ ᠶᠢ ᠲᠤᠰᠠᠭᠠᠷᠯᠠᠨ ᠬᠠᠮᠢᠶᠠᠷᠤᠨ ᠡᠵᠡᠮᠳᠡᠵᠦ᠂ ᠠᠵᠢᠯ ᠤᠨ ᠲᠤᠰᠬᠠᠢ ᠠᠩᠬᠢ ᠶᠢ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠤᠬᠢᠷᠠᠭᠤᠯᠵᠤ᠂ ᠬᠠᠮᠢᠶᠠᠷᠤᠯᠲᠠ ᠶᠢᠨ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠠᠵᠢᠯ ᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠭᠡᠯᠵᠢ ᠪᠠ ᠠᠵᠢᠯ ᠤᠨ ᠪᠠᠶᠢᠷᠢ ᠶᠢ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠪᠠᠯ ᠴᠠᠭ ᠲᠤᠬᠠᠶ ᠳᠤᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠬᠤᠳᠠ ᠶᠢᠨ ᠤᠳᠤᠷᠢᠳᠤᠯᠭ᠎ᠠ ᠸᠧᠢ ᠬᠤᠩ ᠵᠢᠶᠦ᠋ᠨ᠂ ᠸᠠᠩ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠢᠷᠠᠭᠤᠯᠭ᠎ᠠ ᠶᠢᠨ ᠬᠤᠷᠠᠯ ᠳᠤ ᠣᠷᠣᠯᠴᠠᠪᠠ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号