ᠨᠢᠭᠡ᠂ ︽ᠰᠠᠨᠠᠯ︾ ᠢ ᠲᠣᠭᠲᠠᠭᠠᠭᠰᠠᠨ ᠦᠨᠳᠦᠰᠦᠯᠡᠯ ᠪᠠ ᠶᠠᠪᠤᠴᠠ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠲᠠᠪᠴᠠᠩ ᠤᠨ | ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶ᠎ᠠ ᠶᠢᠨ ᠬᠥᠭᠵᠢᠯᠲᠡ | ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ | ᠲᠤᠰᠠᠳᠠ᠂ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠬᠢᠷᠢ ᠲᠦᠪᠰᠢᠨ ᠲᠠᠢ ᠨᠡᠭᠡᠭᠡᠯᠲᠡ ᠬᠢᠵᠦ | ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ | ᠲᠥᠷᠥ ᠲᠠᠷᠬᠠᠭᠠᠭᠰᠠᠨ ︹2019︺ 3 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ︽ᠰᠠᠨᠠᠯ︾ ᠢ | ᠲᠣᠭᠲᠠᠭᠠᠪᠠ᠃ | ᠬᠤᠶᠠᠷ᠂ ︽ᠰᠠᠨᠠᠯ︾ ᠤᠨ ᠭᠤᠣᠯ ᠠᠭᠤᠯᠭ᠎ᠠ | ︽ᠰᠠᠨᠠᠯ︾ ᠨᠢ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠬᠡᠰᠡᠭ ᠢᠶᠠᠷ ᠪᠦᠷᠢᠯᠳᠦᠪᠡ᠃ | ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ | ᠵᠠᠷᠴᠢᠮ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠬᠠᠷᠠᠯᠲᠠ ᠵᠡᠷᠭᠡ ᠲᠦᠷᠪᠡᠨ ᠠᠭᠤᠯᠭ᠎ᠠ ᠪᠠᠷ | ᠪᠦᠷᠢᠯᠳᠦᠪᠡ᠃ | ᠵᠢᠯᠤᠭᠤᠳᠬᠤ ᠦᠵᠡᠯ ᠰᠠᠨᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠳᠤ ᠰᠠᠭᠤᠷᠢᠯᠠᠨ᠂ ᠬᠤᠲᠠ ᠶᠢᠨ ᠠᠷᠪᠠᠨ | ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠣᠷᠣᠰ | ᠮᠣᠩᠭᠤᠯ ᠡᠸᠦ᠋ᠷᠦᠫᠡ ᠳᠤ ᠬᠠᠨᠳᠤᠭᠤᠯᠤᠭᠰᠠᠨ ︽ᠭᠠᠳᠠᠭᠠᠳᠤ ᠨᠡᠭᠡᠭᠡᠯᠲᠡ ᠶᠢᠨ ᠴᠠᠭᠠᠷᠢᠭ︾ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ | ᠭᠤᠣᠯ ᠵᠠᠩᠭᠢᠯᠠᠭ᠎ᠠ ᠶᠢᠨ ᠴᠡᠭ ᠢ ᠴᠤᠭᠴᠠᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠴᠠ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠦᠢᠯᠡᠰ ᠤᠨ ᠠᠮᠢ ᠠᠬᠤᠢ ᠭᠤᠷᠪᠠ ᠳᠤ ᠰᠢᠨ᠎ᠡ ᠶᠢ | ᠡᠭᠦᠳᠬᠦ ᠶᠢ ᠠᠬᠢᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠴᠢᠯᠦᠭᠡᠲᠦ ᠠᠷᠠᠯᠵᠢᠶ᠎ᠠ ᠶᠢᠨ | ᠲᠤᠷᠰᠢᠯᠭ᠎ᠠ ᠶᠢ ᠬᠠᠭᠤᠯᠪᠤᠷᠢᠯᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠣᠢ ᠤᠬᠠᠭᠠᠨ ᠣᠷᠣᠭᠤᠯᠬᠤ᠂ | ᠣᠷᠣᠨ ᠲᠡᠪᠰᠢᠬᠦ ᠪᠠᠷ ᠴᠢᠷᠮᠠᠶᠢᠵᠤ ᠲᠡᠰ ᠳᠡᠪᠰᠢᠬᠦ᠂ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠬᠦ ᠲᠠᠪᠤᠨ | ᠰᠢᠰᠲ᠋ᠧᠮᠲᠦ ᠢᠨᠵᠧᠨᠧᠷᠢᠩ ᠢ ᠬᠡᠷᠡᠭᠵᠢᠭᠦᠯᠵᠦ᠂ ᠣᠷᠣᠨ ᠤ ᠲᠥᠪ ᠤᠨ ᠭᠠᠳᠠᠭᠠᠳᠤ ᠨᠡᠭᠡᠭᠡᠯᠲᠡ ᠶᠢᠨ ᠬᠤᠰᠢᠭᠤᠴᠢ | ᠣᠷᠣᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠬᠠᠮᠤᠭ ᠤᠨ ᠰᠠᠶᠢᠨ ᠣᠷᠣᠨ ᠪᠠ ᠲᠣᠭᠲᠠᠴᠠ ᠶᠢᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠤᠶᠢᠵᠢᠭᠤᠯᠵᠤ᠂ ᠡᠬᠡ ᠤᠯᠤᠰ ᠤᠨ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢᠨ ᠴᠢᠬᠤᠯᠠ ᠲᠤᠯᠬᠤ ᠴᠡᠭ ᠢ ᠴᠢᠷᠮᠠᠶᠢᠨ ᠪᠠᠶᠢᠭᠤᠯᠬᠤ ᠬᠥᠭᠵᠢᠯᠲᠡ ᠶᠢᠨ ᠤᠳᠤᠷᠢᠳᠤᠮᠵᠢ ᠶᠢ ᠲᠤᠷᠠᠳᠤᠨ | ᠭᠠᠷᠭᠠᠪᠠ᠃ | ᠪᠠᠷᠢᠮᠳᠠᠯᠠᠬᠤ ᠦᠨᠳᠦᠰᠦᠨ ᠵᠠᠷᠴᠢᠮ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠪᠣᠬᠢᠷᠳᠤᠯ | ᠦᠭᠡᠢ ᠪᠠᠷ ᠬᠥᠭᠵᠢᠭᠦᠯᠬᠦ︔ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠬᠦᠯᠬᠦ︔ | ᠲᠡᠷᠢᠭᠦᠨ ᠤ ᠬᠢ ᠲᠠᠢ ᠬᠠᠷᠢᠴᠠᠭᠤᠯᠵᠤ᠂ ᠨᠡᠭᠡᠭᠡᠯᠲᠡ ᠪᠠᠷ ᠬᠥᠲᠥᠯᠥᠨ ᠳᠠᠭᠠᠭᠤᠯᠬᠤ︔ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠠᠴᠠ ᠠᠬᠢᠭᠤᠯᠬᠤ ᠵᠡᠷᠭᠡ ᠲᠦᠷᠪᠡᠨ ᠵᠠᠷᠴᠢᠮ ᠪᠣᠯᠤᠨ᠎ᠠ᠃ | ᠴᠢᠳᠠᠮᠵᠢ ᠶᠢᠨ ᠪᠠᠶᠢᠷᠢ ᠲᠣᠭᠲᠠᠭᠠᠯᠲᠠ ᠨᠢ ︽ᠥᠪᠥᠷ ᠮᠣᠩᠭᠤᠯ ᠤᠨ ᠬᠥᠬᠡᠬᠤᠲᠠ ᠶᠢᠨ ᠭᠠᠳᠠᠭᠠᠳᠤ | ᠭᠠᠷᠭᠠᠯᠲᠠ ᠶᠢᠨ ᠡᠳ᠋ᠰᠢᠭᠦᠯᠦᠨ ᠪᠣᠯᠪᠠᠰᠤᠷᠠᠭᠤᠯᠬᠤ ᠣᠷᠣᠨ ᠢ ᠨᠡᠶᠢᠯᠡᠭᠦᠯᠦᠨ ᠰᠢᠯᠢᠳᠡᠭᠵᠢᠬᠦᠯᠵᠦ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠴᠣᠬᠤᠯᠠᠪᠤᠷᠢ︾ ︵ᠲᠥᠷᠥ ᠵᠠᠬᠢᠳᠠᠯ ︹2018︺ 113 ᠳ᠋ᠤᠭᠠᠷ ᠲᠣᠭᠠᠲᠤ︶ ᠳᠠᠬᠢ ︽ᠭᠠᠶᠢᠯᠢ ᠪᠠᠲᠤᠯᠠᠬᠤ | ᠡᠳ᠋ᠰᠢᠭᠦᠯᠦᠨ ᠪᠣᠯᠪᠠᠰᠤᠷᠠᠭᠤᠯᠤᠯᠲᠠ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ᠂ ᠭᠠᠶᠢᠯᠢ ᠪᠠᠲᠤᠯᠠᠬᠤ | ᠦᠢᠯᠡᠴᠢᠯᠡᠭᠡ ᠶᠢ ᠬᠦᠭᠵᠢᠬᠦᠯᠬᠦ︾ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ︽ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠥᠨᠳᠥᠷ ᠬᠢᠷᠢ ᠲᠦᠪᠰᠢᠨ ᠲᠠᠢ ᠨᠡᠭᠡᠭᠡᠯᠲᠡ ᠬᠢᠵᠦ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ︹2019︺ 3 | ᠳ᠋ᠤᠭᠠᠷ ᠲᠣᠭᠠᠲᠤ︶ ᠲᠠᠬᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ︽ᠲᠠᠪᠤᠨ ᠶᠡᠭᠡ ᠲᠥᠪ︾ ︵ | ᠡᠳ᠋ᠰᠢᠭᠦᠯᠦᠨ ᠪᠣᠯᠪᠠᠰᠤᠷᠠᠭᠤᠯᠵᠤ ᠦᠶ᠋ᠯᠡᠳᠬᠦ ᠲᠥᠪ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠲᠥᠪ᠂ | ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠥᠪ᠂ ᠪᠠᠶᠢᠴᠠᠭᠠᠨ ᠬᠡᠮᠵᠢᠵᠦ ᠰᠡᠯᠪᠢᠨ ᠵᠠᠰᠠᠬᠤ ᠲᠥᠪ᠂ | ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ︶ ᠢ ᠬᠦᠭᠵᠢᠬᠦᠯᠬᠦ ᠲᠤᠬᠠᠢ ᠭᠤᠣᠯ ᠡᠭᠦᠷᠭᠡ ᠪᠠᠷ ᠵᠢᠯᠣᠭᠤᠳᠤᠯᠭ᠎ᠠ | ᠪᠣᠯᠭᠠᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠷᠣᠨ ᠪᠠᠶᠢᠷᠢ ᠶᠢᠨ ᠨᠥᠬᠦᠴᠡᠯ᠂ | ᠠᠵᠤ ᠦᠢᠯᠡᠰ ᠤᠨ ᠰᠠᠭᠤᠷᠢ ᠪᠠ ᠢᠷᠡᠭᠡᠳᠦᠢ ᠶᠢᠨ ᠪᠣᠬᠢᠷᠳᠤᠯ ᠦᠭᠡᠢ ᠬᠥᠭᠵᠢᠯᠲᠡ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ︽ᠨᠢᠭᠡ ᠰᠠᠭᠤᠷᠢᠨ ᠭᠠᠵᠠᠷ᠂ ᠳᠥᠷᠪᠡᠨ ᠲᠠᠪᠴᠠᠩ︾ ᠢ ᠪᠤᠶᠢᠵᠢᠭᠤᠯᠬᠤ᠂ ᠲᠤᠬᠠᠶᠢᠯᠠᠪᠠᠯ ︽ | ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠪᠣᠬᠢᠷᠳᠤᠯ ᠦᠭᠡᠢ ᠦᠢᠯᠡᠳᠬᠡᠯ ᠤᠨ ᠰᠠᠭᠤᠷᠢᠨ ᠭᠠᠵᠠᠷ ᠪᠠ ᠪᠠᠷᠠᠭᠠᠨ ᠤ | ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠠᠪᠴᠠᠩ᠂ ᠳᠡᠯᠭᠡᠨ ᠦᠵᠡᠭᠦᠯᠵᠦ ᠠᠷᠠᠯᠵᠢᠶᠠᠯᠠᠬᠤ ᠲᠠᠪᠴᠠᠩ᠂ ᠰᠤᠳᠤᠯᠤᠨ | ᠨᠡᠭᠡᠭᠡᠵᠦ ᠵᠢᠷᠤᠵᠤ ᠲᠥᠯᠥᠪᠯᠡᠬᠦ ᠲᠠᠪᠴᠠᠩ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠠᠪᠴᠠᠩ︾ ᠢ | ᠪᠤᠶᠢᠵᠢᠭᠤᠯᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠪᠠ᠃ | ᠬᠥᠭᠵᠢᠯᠲᠡ ᠶᠢᠨ ᠬᠠᠷᠠᠯᠲᠠ ᠳᠤ ︽ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠪᠠᠷ | ᠬᠥᠭᠵᠢᠭᠦᠯᠬᠦ︾ ᠣᠨᠤᠯᠵᠢᠬᠤᠨ ᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ︽ᠬᠤᠣᠰ ᠣᠷᠴᠢᠯ︾ ᠤᠨ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠣᠷᠣᠬᠤ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ | ᠡᠷᠢᠵᠦ ᠣᠯᠬᠤ ᠳᠤ ᠰᠠᠭᠤᠷᠢᠯᠠᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠮᠵᠢ ᠪᠠ ᠲᠥᠷᠥ ᠶᠢᠨ | ᠪᠣᠳᠣᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠣᠲᠣᠭᠠᠳᠤ ᠳᠠᠭᠠᠨ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠭᠠᠳᠠᠭᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠣᠷᠣᠨ ᠤ ᠲᠥᠪ ᠤᠨ ᠭᠠᠳᠠᠭᠰᠢ | ᠴᠢᠭᠯᠡᠭᠦᠯᠦᠭᠰᠡᠨ ᠬᠡᠯᠪᠡᠷᠢ ᠶᠢᠨ ᠠᠵᠤ ᠦᠢᠯᠡᠰ ᠤᠨ ᠰᠠᠭᠤᠷᠢ ᠶᠢ ᠠᠰᠢᠭᠯᠠᠬᠤ ᠭᠤᠷᠪᠠᠨ ᠵᠦᠢᠯ ᠤᠨ ᠠᠷᠭ᠎ᠠ | ᠬᠡᠮᠵᠢᠶ᠎ᠡ ᠶᠢ ᠠᠪᠬᠤ ᠪᠠᠷ ᠳᠡᠮᠵᠢᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠪᠣᠯᠬᠤ ᠳᠤ᠂ | ᠳᠡᠯᠡᠬᠡᠶᠢᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠤ ᠬᠢᠷᠢ ᠲᠦᠪᠰᠢᠨ ᠳᠤ ᠬᠦᠷᠭᠡᠬᠦ᠂ ᠲᠡᠷᠢᠭᠦᠨ ᠤ | ᠦᠶ᠋ᠯᠡᠳᠬᠦ ᠦᠢᠯᠡᠰ ᠬᠢᠭᠡᠳ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠵᠣᠬᠢᠴᠠᠩᠭᠤᠢ ᠬᠦᠭᠵᠢᠵᠦ᠂ ᠰᠠᠶᠢᠨ | ᠨᠥᠬᠦᠴᠡᠯᠳᠦᠭᠰᠡᠨ ᠨᠡᠭᠡᠭᠡᠯᠲᠡᠲᠤ ᠬᠡᠯᠪᠡᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠪᠣᠶ | ᠪᠣᠯᠭᠠᠬᠤ᠂ ᠣᠷᠣᠨ ᠤ ᠲᠥᠪ ᠤᠨ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠢ ᠶᠢ ᠬᠥᠲᠥᠯᠥᠨ | ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠨᠠᠩ ᠥᠷᠭᠡᠨ ᠳᠡᠯᠭᠡᠷ ᠪᠣᠯᠭᠠᠵᠤ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠮᠵᠢ ᠶᠢ ᠢᠯᠡᠳᠲᠡ ᠳᠡᠭᠡᠭᠰᠢᠯᠡᠭᠦᠯᠬᠦ ᠭᠤᠷᠪᠠᠨ ᠦᠨᠳᠦᠰᠦᠨ ᠬᠠᠷᠠᠯᠲᠠ ᠶᠢ ᠪᠡᠶᠡᠯᠡᠭᠦᠯᠬᠦ ᠪᠠᠷ | ᠴᠢᠷᠮᠠᠶᠢᠨ᠎ᠠ᠃ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ 2021 ᠣᠨ ᠳᠤ 34. 95 ᠳ᠋ᠦᠩᠰᠢᠭᠤᠷ ᠲᠥᠭᠦᠷᠢᠭ ᠬᠦᠷᠦᠭᠰᠡᠨ | ᠰᠠᠭᠤᠷᠢᠨ ᠳᠡᠭᠡᠷ᠎ᠡ᠂ ᠵᠢᠯ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ 2025 ᠣᠨ ᠳᠤ 60 | ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ | ᠬᠤᠶᠠᠳᠤᠭᠠᠷ ᠬᠡᠰᠡᠭ ᠨᠢ ᠭᠤᠣᠯ ᠡᠭᠦᠷᠭᠡ ᠪᠣᠯᠣᠨ᠎ᠠ᠂ ᠭᠤᠣᠯᠯᠠᠬᠤ ᠠᠵᠤ ᠦᠢᠯᠡᠰ ᠢ ᠪᠠᠬᠢᠵᠢᠭᠦᠯᠬᠦ᠂ ᠰᠢᠨ᠎ᠡ ᠶᠢ | ᠡᠭᠦᠳᠬᠦ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ ᠬᠥᠭᠵᠢᠭᠦᠯᠬᠦ ᠪᠠ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠠᠭᠤᠯᠭ᠎ᠠ ᠪᠠᠷ ᠪᠦᠷᠢᠯᠳᠦᠪᠡ᠃ | ᠭᠤᠣᠯᠯᠠᠬᠤ ᠠᠵᠤ ᠦᠢᠯᠡᠰ ᠢ ᠪᠠᠬᠢᠵᠢᠭᠦᠯᠬᠦ ᠲᠠᠯ᠎ᠠ ᠪᠠᠷ᠂ ᠭᠤᠣᠯᠳᠠᠭᠤ ᠭᠠᠶᠢᠯᠢ ᠪᠠᠲᠤᠯᠠᠬᠤ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠠᠵᠤ ᠦᠢᠯᠡᠰ ᠢ ᠪᠣᠳᠠᠲᠠᠶᠢᠵᠢᠭᠤᠯᠤᠨ ᠲᠣᠭᠲᠠᠪᠤᠷᠢᠵᠢᠭᠤᠯᠬᠤ᠂ ᠭᠠᠶᠢᠯᠢ ᠪᠠᠲᠤᠯᠠᠬᠤ ᠦᠢᠯᠡᠴᠢᠯᠡᠭᠡᠨ ᠤ | ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭ ᠡᠷᠬᠢᠯᠡᠬᠦ᠂ ᠡᠩ ᠤᠨ ᠠᠷᠠᠯᠵᠢᠶᠠᠨ ᠤ ᠠᠵᠤ ᠦᠢᠯᠡᠰ ᠢ | ᠲᠥᠪᠯᠡᠷᠡᠭᠦᠯᠦᠨ ᠬᠥᠭᠵᠢᠭᠦᠯᠬᠦ ᠵᠡᠷᠭᠡ ᠲᠦᠷᠪᠡᠨ ᠲᠠᠯ᠎ᠠ ᠶᠢᠨ ᠲᠣᠭᠤᠷᠢᠨ ᠳᠤ ᠪᠣᠳᠠᠲᠠᠢ ᠠᠵᠢᠯ ᠤᠨ ᠠᠷᠭ᠎ᠠ | ᠬᠡᠮᠵᠢᠶ᠎ᠡ ᠶᠢ ᠳᠤᠷᠠᠳᠪᠠ᠃ ᠭᠠᠶᠢᠯᠢ ᠪᠠᠲᠤᠯᠠᠬᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ ᠤᠳᠤ ᠶᠢᠨ ᠪᠠᠶᠢᠭ᠎ᠠ ᠭᠠᠶᠢᠯᠢ ᠪᠠᠲᠤᠯᠠᠬᠤ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠢ ᠪᠣᠬᠢᠷᠳᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ᠂ ᠣᠶᠤᠨᠴᠢᠯᠠᠨ ᠲᠡᠰ | ᠳᠡᠪᠰᠢᠭᠦᠯᠬᠦ ᠪᠠ ᠲᠤᠭᠠᠴᠢᠯᠠᠯᠠᠲᠠ ᠪᠠᠷ ᠬᠦᠴᠦᠨ ᠨᠡᠮᠡᠬᠦ ᠶᠢ ᠠᠬᠢᠭᠤᠯᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠬᠥᠭᠵᠢᠭᠰᠡᠨ ᠭᠠᠵᠠᠷ ᠣᠷᠣᠨ ᠤ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠯᠵᠢᠯᠲᠡ ᠶᠢᠨ ᠲᠥᠷᠥᠯ ᠵᠦᠢᠯ ᠲᠠᠢ | ᠢᠳᠡᠪᠬᠢᠲᠡᠢ ᠵᠣᠯᠭᠠᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭᠯᠠᠯ ᠦᠶ᠋ᠯᠡᠳᠬᠦ᠂ ᠡᠯᠧᠺᠳ᠋ᠷᠣᠨ | ᠮᠡᠳᠡᠭᠡ ᠵᠠᠩᠭᠢ ᠵᠡᠷᠭᠡ ᠭᠤᠷᠪᠠᠨ ᠠᠵᠤ ᠦᠢᠯᠡᠰ ᠤᠨ ᠴᠢᠭᠯᠡᠯ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠵᠢᠯ ᠪᠦᠷᠢ ᠦᠢᠯᠡᠳᠬᠦᠨ ᠤ ᠦᠷᠲᠡᠭ ᠨᠢ 3000 ᠲᠦᠮᠡᠨ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 3 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠡᠭᠦᠨ ᠳᠤ ᠦᠢᠯᠡᠳᠬᠦᠨ ᠤ | ᠥᠷᠲᠡᠭ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 1 ᠶᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠣᠳᠠᠲᠠᠶᠢᠵᠢᠭᠤᠯᠤᠨ | ᠲᠤᠭᠲᠠᠪᠤᠷᠢᠵᠢᠭᠤᠯᠬᠤ ᠲᠠᠯ᠎ᠠ ᠪᠠᠷ᠂ ᠡᠷᠬᠢᠨ ᠲᠣᠭᠤᠷᠢᠨ ᠤ ᠡᠷᠢᠶᠡᠨ ᠪᠣᠭᠤᠮᠲᠠ᠂ ᠲᠢᠶᠠᠨᠵᠢᠨ ᠭᠠᠷᠠᠮ ᠵᠢᠴᠢ ᠡᠯᠡᠰᠦᠨ | ᠨᠢᠷᠤᠭᠤ᠂ ᠤᠯᠠᠭᠠᠨᠴᠠᠪ ᠤᠨ ᠳᠣᠯᠤᠳᠤᠭᠠᠷ ᠰᠤᠮᠤ ᠵᠡᠷᠭᠡ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠲᠠᠢ ᠵᠣᠯᠭᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠣᠷᠣᠨ ᠪᠦᠰᠡ ᠶᠢᠨ ᠬᠤᠯᠪᠤᠭᠠᠯᠠᠨ ᠬᠥᠳᠡᠯᠦᠯᠴᠡᠬᠦ᠂ ᠪᠦᠯᠦᠭᠯᠡᠨ ᠬᠥᠭᠵᠢᠬᠦ ᠶᠢ | ᠠᠬᠢᠭᠤᠯᠤᠨ᠎ᠠ︔ ᠣᠷᠣᠨ ᠤ ᠲᠥᠪ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ | ᠠᠵᠢᠯᠯᠠᠭᠤᠯᠬᠤ ᠠᠵᠠ ᠲᠣᠬᠢᠶᠠᠯ ᠢ ᠠᠳᠬᠤᠵᠤ᠂ ᠲᠣᠮᠣ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ | ᠭᠦᠢᠯᠭᠡᠭᠡᠨ ᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠭᠤᠣᠯᠳᠠᠭᠤ ᠣᠷᠣᠰ᠂ ᠮᠣᠩᠭᠤᠯ ᠵᠡᠷᠭᠡ ᠤᠯᠤᠰ ᠤᠨ | ᠮᠣᠳᠣᠨ ᠮᠠᠲ᠋ᠧᠷᠢᠶᠠᠯ᠂ ᠢᠮᠠᠭᠠᠨ ᠨᠣᠣᠯᠤᠭᠤᠷ᠂ ᠪᠤᠭᠤᠳᠠᠢ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ᠂ ᠳᠠᠮᠵᠢᠭᠤᠯᠬᠤ᠂ ᠡᠳ᠋ᠰᠢᠭᠦᠯᠦᠨ ᠪᠣᠯᠪᠠᠰᠤᠷᠠᠭᠤᠯᠬᠤ | ᠲᠤᠬᠠᠶᠢᠯᠠᠭᠰᠠᠨ ᠠᠵᠢᠯ ᠤᠨ ᠲᠣᠭᠤᠷᠢᠨ ᠳᠤ ᠭᠠᠳᠠᠭᠠᠳᠤ ᠠᠴᠠ ᠣᠷᠣᠭᠤᠯᠬᠤ ᠥᠷᠭᠡᠨ ᠬᠡᠷᠡᠭᠴᠡᠭᠡᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠷᠡᠭᠰᠡᠯ ᠢ ᠬᠤᠪᠢᠶᠠᠷᠢᠯᠠᠨ ᠰᠠᠯᠭᠠᠬᠤ | ᠲᠥᠪ ᠢ ᠪᠤᠶᠢᠵᠢᠭᠤᠯᠤᠨ᠎ᠠ᠃ ᠭᠠᠶᠢᠯᠢ ᠪᠠᠲᠤᠯᠠᠬᠤ ᠦᠢᠯᠡᠴᠢᠯᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭ | ᠡᠷᠬᠢᠯᠡᠬᠦ ᠲᠠᠯ᠎ᠠ ᠪᠠᠷ ᠭᠠᠶᠢᠯᠢ ᠪᠠᠲᠤᠯᠠᠬᠤ ᠦᠵᠡᠭᠦᠯᠭᠡ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠲᠣᠮᠣ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ | ᠠᠵᠤ ᠠᠬᠤᠶᠢᠯᠠᠯ ᠢ ᠬᠦᠴᠦᠯᠡᠨ ᠣᠷᠤᠭᠤᠯᠤᠨ ᠠᠪᠴᠢᠷᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠳᠣᠲᠣᠷᠠᠬᠢ ᠬᠥᠮᠥᠷᠭᠡ ᠬᠢᠭᠡᠳ ᠣᠷᠣᠨ ᠤ ᠭᠠᠳᠠᠨᠠᠬᠢ ᠳᠡᠯᠭᠡᠭᠦᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠣᠷᠣᠨ ᠤ ᠲᠥᠪ ᠵᠢᠴᠢ ᠡᠷᠬᠢᠨ ᠲᠣᠭᠤᠷᠢᠨ ᠤ ᠬᠤᠲᠠ ᠶᠢᠨ ᠭᠤᠣᠯ ᠪᠣᠯᠬᠤ ᠬᠤᠳᠠᠯᠳᠤᠭᠠᠨ ᠤ ᠲᠣᠭᠤᠷᠢᠭ᠂ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠲᠤ ᠭᠠᠶᠢᠯᠢ | ᠪᠠᠲᠤᠯᠠᠬᠤ ᠲᠠᠸᠠᠷ ᠢ ᠳᠡᠯᠭᠡᠨ ᠦᠵᠡᠭᠦᠯᠵᠦ ᠣᠶᠢᠯᠠᠭᠠᠬᠤ ᠳᠡᠯᠭᠡᠭᠦᠷ ᠪᠠᠶᠢᠭᠤᠯᠵᠤ᠂ ︽ᠬᠦᠮᠦᠷᠭᠡ ᠶᠢᠨ | ᠠᠷᠠᠯᠵᠢᠶ᠎ᠠ ᠶᠢᠨ ᠲᠥᠪ + ᠳᠡᠯᠭᠡᠨ ᠦᠵᠡᠭᠦᠯᠵᠦ ᠵᠢᠵᠢᠭᠯᠡᠨ ᠬᠤᠳᠠᠯᠳᠤᠬᠤ ᠲᠠᠪᠴᠠᠩ︾ ᠤᠨ ᠠᠷᠭ᠎ᠠ ᠮᠠᠶ᠋ᠢᠭ ᠢᠶᠠᠷ | ᠭᠠᠶᠢᠯᠢ ᠪᠠᠲᠤᠯᠠᠬᠤ ᠲᠠᠸᠠᠷ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ | ᠪᠣᠷᠣᠯᠠᠭᠤᠯᠬᠤ ᠠᠷᠭ᠎ᠠ ᠵᠠᠮ ᠢ ᠨᠠᠪᠲᠠᠷᠡᠭᠦᠯᠵᠦ᠂ ᠣᠷᠣᠨ ᠪᠦᠰᠡ ᠶᠢᠨ ᠬᠢᠯᠢ ᠠᠯᠤᠰᠯᠠᠭᠰᠠᠨ ᠲᠠᠸᠠᠷ ᠤᠨ | ᠠᠷᠠᠯᠵᠢᠶ᠎ᠠ ᠶᠢᠨ ᠲᠥᠪᠯᠡᠷᠡᠭᠦᠯᠦᠨ ᠲᠠᠷᠬᠠᠭᠠᠬᠤ ᠴᠢᠳᠠᠮᠵᠢᠲᠤ ᠣᠷᠣᠨ ᠢ ᠪᠤᠶᠢᠵᠢᠭᠤᠯᠤᠨ᠎ᠠ᠃ ᠡᠩ ᠤᠨ ᠠᠷᠠᠯᠵᠢᠶᠠᠨ ᠤ | ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠲᠠᠯ᠎ᠠ ᠪᠠᠷ ᠦᠢᠯᠡᠴᠢᠯᠡᠭᠡᠨ ᠤ ᠨᠥᠯᠥᠭᠡᠯᠡᠬᠦ ᠴᠢᠳᠠᠮᠵᠢ ᠶᠢ | ᠳᠡᠭᠡᠭᠰᠢᠯᠡᠭᠦᠯᠬᠦ᠂ ᠭᠠᠳᠠᠭᠰᠢ ᠴᠢᠭᠯᠡᠭᠦᠯᠦᠭᠰᠡᠨ ᠶᠡᠷᠦᠩᠬᠡᠢ ᠬᠡᠯᠲᠡᠰ ᠤᠨ ᠠᠵᠤ ᠠᠬᠤᠢ ᠶᠢ ᠪᠤᠶᠢᠵᠢᠭᠤᠯᠬᠤ᠂ | ᠭᠠᠳᠠᠭᠠᠳᠤ ᠠᠷᠠᠯᠵᠢᠶᠠᠨ ᠤ ᠴᠢᠳᠠᠮᠵᠢ ᠲᠠᠰ ᠢ ᠥᠷᠭᠡᠳᠬᠡᠬᠦ ᠪᠠᠷ ᠬᠠᠷᠠᠯᠲᠠ ᠪᠣᠯᠭᠠᠵᠤ ᠲᠣᠰ ᠬᠤᠲᠠ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠡᠩ ᠤᠨ ᠠᠷᠠᠯᠵᠢᠶᠠᠨ ᠤ ᠠᠵᠤ ᠠᠬᠤᠶᠢᠯᠠᠯ ᠵᠢᠴᠢ ᠭᠠᠳᠠᠭᠠᠳᠤ ᠠᠷᠠᠯᠵᠢᠶᠠᠨ ᠤ | ᠦᠢᠯᠡᠳᠪᠦᠷᠢᠯᠡᠯ ᠤᠨ ᠴᠢᠨᠠᠷᠲᠠᠢ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠺᠣᠮᠫᠠᠨᠢ ᠶᠢ ᠬᠥᠲᠥᠯᠥᠨ ᠵᠢᠯᠤᠭᠤᠳᠴᠤ | ᠪᠠᠶᠢᠭᠠᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠨ ᠬᠥᠭᠵᠢᠭᠦᠯᠦᠨ᠎ᠡ ᠭᠡᠵᠦ ᠳᠤᠷᠠᠳᠤᠨ | ᠭᠠᠷᠭᠠᠵᠠᠢ᠃ | ᠰᠢᠨ᠎ᠡ ᠶᠢ ᠡᠭᠦᠳᠬᠦ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ ᠬᠥᠭᠵᠢᠭᠦᠯᠬᠦ | ᠲᠠᠯ᠎ᠠ ᠪᠠᠷ᠂ ᠦᠢᠯᠡᠳᠪᠦᠷᠢᠯᠡᠯ ᠰᠤᠳᠤᠯᠭᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠬᠢᠯᠢ | ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠪᠠᠶᠢᠴᠠᠭᠠᠨ ᠬᠡᠮᠵᠢᠵᠦ ᠰᠡᠯᠪᠢᠨ ᠵᠠᠰᠠᠬᠤ᠂ ᠪᠡᠯᠡ ᠲᠣᠬᠢᠷᠠᠭᠤᠯᠭ᠎ᠠ ᠶᠢᠨ | ᠲᠦᠷᠢᠶᠡᠰᠦᠯᠡᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠭᠠᠶᠢᠯᠢ ᠪᠠᠲᠤᠯᠠᠬᠤ ᠠᠵᠤ | ᠦᠢᠯᠡᠰ ᠤᠨ ᠠᠮᠢ ᠠᠬᠤᠢ ᠶᠢ ᠪᠦᠷᠢᠨᠰᠢᠭᠦᠯᠬᠦ᠂ ᠨᠡᠮᠡᠭᠳᠡᠯ ᠦᠷᠳᠡᠭ ᠤᠨ ᠭᠠᠶᠢᠯᠢ ᠶᠢᠨ ᠡᠩ ᠤᠨ ᠭᠠᠶᠢᠯᠢ | ᠲᠤᠰᠢᠶᠠᠭᠴᠢ ᠶᠢᠨ ᠲᠤᠷᠰᠢᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠦᠮᠦᠷᠭᠡ ᠶᠢᠨ ᠪᠠᠷᠠᠭ᠎ᠠ ᠶᠢ | ᠪᠠᠶᠢᠳᠠᠯ ᠢᠶᠠᠷ ᠨᠢ ᠲᠦᠷᠦᠯ ᠬᠤᠪᠢᠶᠠᠨ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠥᠷᠨᠢᠭᠦᠯᠬᠦ ᠵᠡᠷᠭᠡ ᠲᠦᠷᠪᠡᠨ | ᠲᠠᠯ᠎ᠠ ᠪᠠᠷ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠭᠤᠣᠯᠳᠠᠭᠤ ᠰᠤᠳᠤᠯᠤᠨ ᠨᠡᠭᠡᠭᠡᠵᠦ | ᠰᠢᠨ᠎ᠡ ᠶᠢ ᠡᠭᠦᠳᠬᠦ ᠶᠢ ᠳᠡᠮᠵᠢᠬᠦ᠂ ᠪᠡᠶ᠎ᠡ ᠪᠠᠨ ᠳᠠᠭᠠᠭᠠᠭᠰᠠᠨ ᠲᠥᠷᠥᠯ ᠲᠡᠮᠳᠡᠭᠲᠦ ᠶᠢ ᠪᠤᠶᠢᠵᠢᠭᠤᠯᠬᠤ᠂ | ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠠᠬᠢᠭᠤᠯᠬᠤ᠂ ᠣᠨᠴᠠᠯᠢᠭᠲᠤ ᠳᠠᠪᠠᠭᠤᠯᠢᠭ ᠦᠢᠯᠡᠳᠬᠦᠨ ᠤ ᠬᠢᠯᠢ | ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ B2B ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠢ | ᠥᠷᠨᠢᠭᠦᠯᠬᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠳᠡᠯᠭᠡᠨ | ᠦᠵᠡᠭᠦᠯᠭᠡ ᠶᠢᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠬᠤ᠂ ᠪᠡᠯᠡ ᠲᠣᠬᠢᠷᠠᠭᠤᠯᠭ᠎ᠠ ᠲᠦᠷᠢᠶᠡᠰᠦᠯᠡᠭᠰᠡᠨ ᠠᠵᠤ | ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠳᠤ ᠰᠢᠨ᠎ᠡ ᠶᠢ | ᠡᠭᠦᠳᠬᠦ ᠶᠢ ᠳᠡᠮᠵᠢᠬᠦ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠬᠤᠯᠪᠤᠭᠳᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠤᠯᠤᠰ ᠤᠨ | ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠲᠡᠮᠡᠴᠡᠨ ᠣᠯᠬᠤ ᠵᠡᠷᠭᠡ ᠲᠠᠯ᠎ᠠ ᠪᠠᠷ 9 ᠵᠦᠢᠯ ᠤᠨ ᠪᠣᠳᠠᠲᠠᠢ ᠶᠢ | ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠭᠤᠷᠪᠠᠳᠤᠭᠠᠷ ᠬᠡᠰᠡᠭ ᠨᠢ ᠠᠵᠤ ᠦᠢᠯᠡᠰ ᠤᠨ ᠲᠦᠷᠦ ᠶᠢᠨ ᠪᠣᠳᠣᠯᠭ᠎ᠠ ᠪᠣᠯᠣᠨ᠎ᠠ᠃ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠬᠡᠷᠡᠭᠯᠡᠬᠦ ᠠᠵᠤ ᠦᠢᠯᠡᠰ ᠤᠨ ᠲᠥᠷᠥ ᠶᠢᠨ | ᠪᠣᠳᠣᠯᠭ᠎ᠠ ᠳᠤ ᠭᠤᠣᠯᠳᠠᠭᠤ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ | ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ | ᠲᠠᠷᠬᠠᠭᠠᠭᠰᠠᠨ ︹2019︺ 30 ᠳ᠋ᠤᠭᠠᠷ ᠲᠣᠭᠠᠲᠤ︶᠂ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠠᠵᠤ ᠦᠢᠯᠡᠳᠪᠦᠷᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ | ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹2021︺ 19 ᠳ᠋ᠤᠭᠡᠷ ᠲᠣᠭᠠᠲᠤ︶᠂ ︽ᠳᠤᠮᠳᠠᠳᠤ ᠤᠯᠤᠰ ︵ | ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ | ᠬᠥᠬᠡᠬᠤᠲᠠ ᠵᠠᠰᠠᠭ ᠲᠠᠷᠬᠠᠭᠠᠭᠰᠠᠨ ︹2019︺ 35 ᠳ᠋ᠤᠭᠠᠷ ᠲᠣᠭᠠᠲᠤ︶ ᠵᠡᠷᠭᠡ ᠲᠥᠷᠥ ᠶᠢᠨ ᠪᠣᠳᠣᠯᠭ᠎ᠠ ᠪᠣᠢ᠂ | ᠠᠵᠤ ᠠᠬᠤᠶᠢᠯᠠᠯ ᠲᠣᠰ ᠵᠢᠯ ᠤᠨ ᠳᠣᠲᠣᠷ᠎ᠠ ᠣᠨ ᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠳᠤ ᠤᠷᠢᠳᠴᠢᠯᠠᠨ | ᠬᠦᠷᠬᠦ ᠦᠶ᠎ᠡ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ | ᠪᠡᠶᠡᠯᠡᠬᠦᠯᠬᠦ ᠶᠢ ᠤᠯᠠᠷᠢᠯ ᠢᠶᠠᠷ ᠭᠤᠶᠤᠴᠢᠯᠠᠵᠤ ᠪᠣᠯᠣᠨ᠎ᠠ᠃ | ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠥᠨᠳᠥᠷ ᠪᠦᠲᠦᠮᠵᠢᠲᠡᠶ ᠬᠠᠮᠵᠢᠯᠴᠠᠬᠤ | ᠲᠣᠭᠲᠠᠴᠠ ᠶᠢ ᠪᠠᠶᠢᠭᠤᠯᠬᠤ᠂ ᠨᠡᠭᠡᠭᠡᠨ ᠬᠥᠭᠵᠢᠭᠦᠯᠵᠦ ᠡᠵᠡᠩᠨᠡᠬᠦ ᠵᠠᠭᠪᠤᠷ ᠢ ᠲᠡᠭᠦᠯᠳᠡᠷᠵᠢᠭᠦᠯᠬᠦ᠂ | ᠬᠠᠷᠢᠭᠤᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ︽ | ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠶᠢ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠸᠧᠢ ᠹᠧᠩ᠂ ᠬᠠᠷᠢᠯᠴᠠᠬᠤ ᠤᠲᠠᠰᠤ᠄ | 0471-3661595 | ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ | | | | | | | | | | | | | | | | | | | | | | | | | | | | | | | | | | |