ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠠᠷᠠᠳ ᠤᠨ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠪᠦᠷᠢᠯᠳᠦᠭᠦᠨ | ᠬᠡᠰᠡᠭ ᠮᠥᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠤᠷᠳᠤ | ᠬᠤᠭᠤᠴᠠᠭ᠎ᠠ ᠪᠠᠷ ᠪᠡᠯᠡᠳᠬᠡᠬᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ᠂ ᠡᠩ ᠤᠨ ᠦᠶ᠎ᠡ ᠪᠠ ᠲᠠᠶᠢᠨ ᠤ | ᠦᠶ᠎ᠡ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠬᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢ ᠴᠡᠷᠢᠭ ᠠᠷᠠᠳ ᠵᠡᠷᠭᠡᠪᠡᠷ ᠬᠡᠷᠡᠭᠯᠡᠬᠦ ᠬᠢᠷᠢ ᠲᠦᠪᠰᠢᠨ ᠢ | ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠲᠦᠭᠡᠨ | ᠪᠠᠶᠢᠭᠤᠯᠤᠯᠲᠠ ᠶᠢᠨ ᠨᠢᠭᠡᠴᠡ ᠠᠷᠠᠳ ᠤᠨ ᠬᠡᠷᠡᠭᠯᠡᠭᠡᠨ ᠤ ᠪᠠᠷᠢᠯᠭ᠎ᠠ ᠲᠠᠢ ᠤᠶᠠᠯᠳᠤᠭᠤᠯᠤᠨ ᠠᠭᠠᠷ ᠤᠨ | ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠢ ᠪᠠᠶᠢᠭᠤᠯᠬᠤ ᠬᠠᠤᠯᠢ ᠳᠤ ᠲᠣᠭᠲᠠᠭᠠᠭᠰᠠᠨ ᠡᠭᠦᠷᠭᠡ ᠪᠠᠨ ᠨᠠᠷᠢᠨ | ᠬᠢᠨᠠᠮᠠᠭᠠᠢ ᠭᠦᠢᠴᠡᠳᠬᠡᠭᠰᠡᠨ ᠰᠠᠭᠤᠷᠢᠨ ᠳᠡᠭᠡᠷ᠎ᠡ᠂ ᠬᠤᠲᠠ ᠶᠢᠨ ᠰᠤᠷᠭᠠᠭᠤᠯᠢ ᠪᠣᠯᠣᠨ ᠡᠮᠨᠡᠯᠭᠡ ᠶᠢᠨ ᠬᠤᠷᠢᠶ᠎ᠠ ᠵᠡᠷᠭᠡ | ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠴᠢᠬᠤᠯᠠ ᠪᠡᠯᠡᠳᠬᠡᠮᠵᠢ ᠶᠢ ᠴᠡᠷᠢᠭ ᠠᠷᠠᠳ ᠵᠡᠷᠭᠡᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠬᠢ ᠶᠢ | ᠴᠢᠩᠭᠠᠳᠬᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠪᠠ ︽ᠬᠤᠲᠠ ᠶᠢᠨ ᠰᠤᠷᠭᠠᠭᠤᠯᠢ | ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠤ ᠵᠢᠯᠤᠭᠤᠳᠬᠤ ᠰᠠᠨᠠᠯ︾ ᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠠᠴᠠ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠵᠢᠯᠤᠭᠤᠳᠬᠤ | ᠰᠠᠨᠠᠯ︾ ᠢ ᠲᠣᠭᠲᠠᠭᠠᠨ ᠨᠡᠶᠢᠲᠡᠯᠡᠪᠡ᠃ | ᠬᠤᠶᠠᠷ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠨᠤᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠥᠬᠡᠬᠤᠲᠠ ᠶᠢᠨ ᠨᠠᠮ ᠤᠨ ᠬᠤᠷᠢᠶ᠎ᠠ ᠶᠢᠨ ︽︿ᠭᠤᠷᠪᠠᠨ ᠬᠤᠲᠠ﹀ ᠶᠢ ᠴᠢᠷᠮᠠᠶᠢᠨ ᠪᠠᠶᠢᠭᠤᠯᠬᠤ᠂ ︿ᠳᠥᠷᠪᠡᠨ | ᠣᠷᠣᠨ ᠪᠦᠰᠡ ᠶᠢᠨ ᠲᠥᠪ﹀ ᠢ ᠪᠠᠶᠢᠭᠤᠯᠬᠤ᠂ ︿ᠳᠥᠷᠪᠡᠨ ᠶᠡᠭᠡ ᠠᠵᠤ ᠠᠬᠤᠢ ᠶᠢᠨ ᠴᠠᠭᠠᠷᠢᠭ﹀ ᠲᠤ | ᠠᠭᠤᠰᠤᠯᠴᠠᠬᠤ ᠶᠢ ᠠᠬᠢᠭᠤᠯᠬᠤ᠂ ︿ᠲᠠᠪᠤᠨ ᠲᠣᠬᠢᠷᠠᠮᠵᠢᠲᠠᠢ ᠬᠤᠲᠠ﹀ ᠶᠢ ᠪᠦᠲᠦᠭᠡᠨ ᠪᠠᠶᠢᠭᠤᠯᠬᠤ᠂ ︿ᠵᠢᠷᠭᠤᠭᠠᠨ | ᠶᠡᠭᠡ ᠠᠵᠤ ᠦᠢᠯᠡᠰ ᠤᠨ ᠪᠦᠯᠦᠭᠵᠢᠯ﹀ ᠢ ᠪᠤᠶᠢᠵᠢᠭᠤᠯᠬᠤ᠂ ᠰᠢᠨ᠎ᠡ ᠬᠥᠭᠵᠢᠯᠲᠡ ᠶᠢᠨ ᠣᠨᠤᠯᠵᠢᠬᠤᠨ ᠢ | ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ︾ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ︽ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ | ᠂ ᠭᠤᠣᠯᠳᠠᠯᠭ᠎ᠠ ᠶᠢ ᠳᠣᠪᠤᠶᠢᠯᠭᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠯᠠᠪᠳᠠᠭᠤᠨ ᠢᠶᠠᠷ ᠠᠬᠢᠭᠤᠯᠬᠤ᠂ ᠮᠡᠷᠭᠡᠵᠢᠯ ᠢᠶᠠᠷ | ᠬᠥᠲᠥᠯᠥᠨ ᠳᠠᠭᠠᠭᠤᠯᠬᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠵᠠᠷᠴᠢᠮ ᠢ ᠪᠠᠷᠢᠮᠳᠠᠯᠠᠬᠤ ᠶᠢ ᠳᠤᠷᠠᠳᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠪᠣᠯᠣᠨ ᠭᠠᠵᠠᠷ | ᠳᠣᠣᠷᠠᠬᠢ ᠣᠷᠣᠨ ᠵᠠᠢ ᠶᠢᠨ ᠰᠡᠷᠭᠡᠶᠢᠯᠡᠯᠲᠡ ᠪᠠᠶᠢᠷᠢᠯᠠᠭᠤᠯᠬᠤ ᠢᠨᠵᠧᠨᠧᠷᠢᠩ ᠤᠨ ᠳᠠᠶᠢᠨ ᠤ ᠦᠶ᠎ᠡ ᠶᠢᠨ ᠴᠢᠳᠠᠮᠵᠢ | ᠪᠠ ᠳᠤᠨᠢ ᠬᠠᠷᠠᠭᠠᠯᠵᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠳᠤ ᠦᠢᠯᠡᠴᠢᠯᠡᠬᠦ ᠶᠢ | ᠬᠠᠷᠢᠯᠴᠠᠨ ᠤᠶᠠᠯᠳᠤᠭᠤᠯᠬᠤ ᠭᠤᠣᠯ ᠬᠠᠷᠠᠯᠲᠠ ᠶᠢ ᠲᠣᠳᠣᠷᠬᠠᠶᠢᠯᠠᠵᠤ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠭᠠᠵᠠᠷ | ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ | ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠯᠤᠭ᠎ᠠ | ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ | ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠡᠷᠬᠢᠨ ᠲᠣᠭᠤᠷᠢᠨ ᠤ ᠲᠡᠷᠭᠡ ᠵᠣᠭᠰᠤᠭᠠᠬᠤ | ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ ᠬᠠᠷᠢᠯᠴᠠᠭ᠎ᠠ ᠲᠦᠭᠵᠢᠷᠡᠬᠦ᠂ ᠬᠥᠮᠥᠨ ᠬᠠᠷ᠎ᠠ | ᠳᠠᠯᠳᠠᠯᠠᠬᠤ ᠢᠨᠵᠧᠨᠧᠷᠢᠩ ᠤᠨ ᠬᠤᠪᠢ ᠶᠢᠨ ᠵᠢᠩ ᠳᠣᠣᠷ᠎ᠠ ᠪᠠᠶᠢᠬᠤ᠂ ᠡᠮᠴᠢᠯᠡᠭᠡ ᠠᠪᠤᠷᠠᠨ ᠲᠤᠰᠠᠯᠠᠬᠤ ᠢᠨᠵᠧᠨᠧᠷᠢᠩ | ᠲᠤᠲᠠᠭᠳᠠᠵᠤ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ᠲᠠᠪᠤᠨ ᠲᠠᠯ᠎ᠠ ᠶᠢᠨ ᠪᠣᠳᠠᠲᠠᠢ ᠠᠵᠢᠯ ᠢ ᠲᠣᠳᠣᠷᠬᠠᠢ ᠪᠣᠯᠭᠠᠪᠠ᠃ ᠨᠢᠭᠡ ᠳᠤ ᠲᠥᠯᠦᠪᠵᠢᠭᠦᠯᠭᠡ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠨ᠎ᠠ᠂ ᠭᠤᠣᠯᠳᠠᠭᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ | ᠵᠡᠷᠭᠡ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠤᠯᠪᠣᠯᠳᠤᠭᠤᠯᠤᠨ ᠨᠡᠪᠲᠡᠷᠡᠭᠦᠯᠬᠦ᠂ | ᠭᠤᠣᠯᠳᠠᠯᠭ᠎ᠠ ᠲᠠᠢ ᠣᠷᠣᠨ ᠪᠦᠰᠡ ᠶᠢᠨ ᠬᠦᠮᠦᠨ ᠬᠠᠷ᠎ᠠ ᠶᠢ ᠲᠠᠷᠬᠠᠭᠠᠬᠤ ᠳᠠᠯᠳᠠᠯᠠᠬᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠬᠦ ᠵᠡᠷᠭᠡ ᠳᠤᠲᠠᠭᠤᠳᠠᠯ ᠢ | ᠨᠥᠬᠦᠪᠦᠷᠢᠯᠡᠬᠦ ᠢᠨᠵᠧᠨᠧᠷᠢᠩ ᠢ ᠰᠠᠨᠠᠭᠠᠴᠢᠯᠠᠭ᠎ᠠ ᠠᠴᠠ ᠢᠶᠠᠨ ᠠᠬᠢᠭᠤᠯᠤᠨ᠎ᠠ᠃ ᠬᠤᠶᠠᠷ ᠲᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠢᠷᠡᠯᠲᠡ ᠶᠢ ᠪᠠᠲᠤᠯᠠᠨ᠎ᠠ᠂ ᠭᠤᠣᠯᠳᠠᠭᠤ | ᠬᠤᠳᠠ ᠶᠢᠨ ᠡᠪᠳᠡᠯᠭᠡ ᠰᠦᠢᠳᠦᠯ ᠢ ᠡᠰᠡᠷᠭᠦᠴᠡᠬᠦ ᠶᠡᠷᠦᠩᠬᠡᠢ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠳᠠ ᠶᠢᠨ | ᠴᠢᠳᠠᠪᠬᠢ ᠶᠢ ᠲᠡᠭᠦᠯᠳᠡᠷᠵᠢᠭᠦᠯᠬᠦ ᠶᠢ ᠪᠣᠳᠣᠯᠬᠢᠯᠠᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠭᠤᠷᠪᠠ ᠳᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠢᠨᠵᠧᠨᠧᠷᠢᠩ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ᠂ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠡᠷᠢᠭᠦᠨ ᠤ ᠣᠨᠣᠯᠵᠢᠬᠤᠨ ᠪᠠ ᠰᠢᠨ᠎ᠡ ᠮᠡᠷᠭᠡᠵᠢᠯ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠰᠢᠩᠭᠡᠬᠡᠨ ᠠᠪᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ | ᠶᠠᠰᠤ ᠴᠢᠨᠠᠷ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠪᠠ ᠰᠢᠯᠭᠠᠨ ᠠᠪᠬᠤ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠳᠥᠷᠪᠡ ᠳᠤ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠪᠦᠲᠦᠭᠡᠨ ᠪᠠᠶᠢᠭᠤᠯᠬᠤ ᠲᠠᠰ ᠳᠠᠷᠠᠭᠠᠯᠠᠯ ᠢ ᠵᠢᠷᠤᠮᠵᠢᠭᠤᠯᠤᠨ᠎ᠠ᠂ ᠭᠤᠣᠯᠳᠠᠭᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ᠂ ᠣᠷᠣᠯᠠᠨ ᠪᠠᠶᠢᠭᠤᠯᠬᠤ ᠨᠢᠭᠡᠴᠡ ᠠᠴᠠ ᠪᠦᠲᠦᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠢᠶᠠᠷᠤᠯᠲᠠ ᠶᠠᠪᠤᠭᠤᠯᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ | ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠠᠰ ᠳᠠᠷᠠᠭᠠᠯᠠᠯ ᠨᠢ ᠵᠢᠷᠤᠮᠵᠢᠯ ᠲᠠᠢ᠂ ᠶᠠᠰᠤ | ᠴᠢᠨᠠᠷ ᠨᠢ ᠡᠵᠡᠮᠳᠡᠵᠦ ᠪᠣᠯᠬᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠲᠠᠪᠤ ᠳᠤ | ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠂ | ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠡᠳᠦᠷ ᠲᠤᠲᠤᠮ ᠤᠨ ᠬᠡᠷᠡᠭᠯᠡᠯᠲᠡ ᠪᠠ | ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠬᠡᠷᠡᠭᠯᠡᠯᠲᠡ ᠪᠠ ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ | ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠳᠤᠳᠬᠠᠨ ᠰᠠᠶᠢᠳᠤᠷ ᠬᠢᠬᠦ ᠬᠡᠷᠡᠭᠲᠡᠢ᠃ | ᠬᠤᠶᠠᠷ ᠲᠤ᠂ ᠠᠵᠢᠯ ᠤᠨ ᠬᠢᠨᠠᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠬᠤᠳᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ ᠨᠢ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ | ᠵᠥᠪᠰᠢᠶᠡᠷᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠤᠬᠠᠭᠤᠯᠤᠨ | ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠣᠨᠢᠨ | ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠤᠷᠭᠠᠭᠤᠯᠢ ᠪᠣᠯᠣᠨ ᠡᠮᠨᠡᠯᠭᠡ ᠶᠢᠨ ᠬᠤᠷᠢᠶ᠎ᠠ | ᠵᠡᠷᠭᠡ ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ | ᠪᠣᠶ ᠪᠣᠯᠭᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠯᠢ ᠭᠦᠸᠧ ᠳ᠋ᠦᠩ᠂ ᠬᠠᠷᠢᠯᠴᠠᠬᠤ | ᠤᠲᠠᠰᠤ᠄ 0471-3386106 | | | | | | | | | | | | | | | | | | | | | | | | | | | | | | | | | | | | | | | | | | | |