︽ᠬᠥᠬᠡᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/20
   ᠮᠠᠨ ᠤ ᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠪᠠᠭᠤᠯᠭᠠᠭᠰᠠᠨ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠪᠠ ᠰᠢᠷ᠎ᠠ ᠪᠤᠷᠴᠠᠭ ᠲᠣᠰᠤᠯᠢᠭ ᠲᠠᠷᠢᠮᠠᠯ ᠢ ᠥᠷᠭᠡᠳᠬᠡᠨ ᠳᠠᠷᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠬᠥᠬᠡᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠨᠢᠯᠴᠠᠭᠤᠯᠤᠶ᠎ᠠ᠃    ᠨᠢᠭᠡ᠂ ᠰᠡᠳᠬᠢᠴᠡ ᠵᠢᠴᠢ ᠦᠨᠳᠦᠰᠦᠯᠡᠯ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ︽ᠪᠦᠬᠦ ᠵᠢᠯ ᠤᠨ ᠠᠮᠤ ᠪᠤᠳᠠᠭᠠᠨ ᠤ ᠪᠠᠲᠤᠯᠠᠭ᠎ᠠ ᠶᠢᠨ ᠲᠠᠯᠠᠪᠠᠶ ᠪᠠ ᠤᠨᠠᠯᠲᠠ ᠶᠢ ᠲᠣᠭᠲᠠᠪᠤᠷᠢᠵᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ︾ ᠲᠤᠬᠠᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽2022 ᠣᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠢᠮᠠᠯ ᠦᠰᠦᠭ ︵2022︶ 23 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠵᠠᠬ᠎ᠠ ᠳᠡᠯᠭᠡᠭᠦᠷ ᠦᠨ᠎ᠡ ᠬᠠᠩᠰᠢ ᠲᠣᠭᠲᠠᠭᠠᠬᠤ᠂ ᠦᠨ᠎ᠡ ᠬᠠᠩᠰᠢ ᠪᠠ ᠨᠥᠬᠦᠪᠦᠷᠢ ᠶᠢ ᠰᠠᠯᠭᠠᠬᠤ ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠱᠠᠲᠤ ᠬᠤᠪᠢᠶᠠᠨ ᠨᠠᠶᠢᠳᠠᠪᠤᠷᠢᠵᠢᠭᠤᠯᠬᠤ᠂ ᠢᠯᠡ ᠲᠣᠳᠣ ᠪᠠᠶᠢᠯᠭᠠᠬᠤ᠂ ᠬᠢᠨᠠᠯᠲᠠ ᠲᠠᠯᠪᠢᠬᠤ ᠶᠢ ᠴᠢᠩᠭᠠᠳᠬᠠᠬᠤ︾ ᠵᠠᠷᠴᠢᠮ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ︽ᠬᠥᠬᠡᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ︵ᠨᠢᠭᠡ︶ ᠨᠥᠬᠦᠪᠦᠷᠢ ᠥᠭᠬᠦ ᠲᠥᠷᠥ ᠶᠢᠨ ᠪᠣᠳᠣᠯᠭ᠎ᠠ᠃ ᠤᠤᠯ ᠤᠨ ᠪᠠᠶᠢᠭᠰᠠᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠤᠯᠭ᠎ᠠ ᠶᠢᠨ ᠰᠠᠭᠤᠷᠢᠨ ᠳᠡᠭᠡᠷ᠎ᠡ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠪᠠ ᠰᠢᠯᠢᠮᠳᠡᠭ ᠲᠠᠷᠢᠬᠤ ᠨᠥᠬᠦᠪᠦᠷᠢ ᠶᠢ ᠰᠢᠨ᠎ᠡ ᠪᠠᠷ ᠨᠡᠮᠡᠪᠡ᠃ ᠰᠢᠨ᠎ᠡ ᠪᠠᠷ ᠨᠡᠮᠡᠭᠰᠡᠨ 2 ᠵᠦᠢᠯ ᠤᠨ ᠨᠥᠬᠦᠪᠦᠷᠢ ᠶᠢ ᠡᠯ᠎ᠡ ᠬᠤᠰᠢᠭᠤ ᠰᠢᠶᠠᠨ ᠲᠣᠭᠤᠷᠢᠭ ᠤᠨ ᠡᠭᠦᠷᠭᠡᠯᠡᠭᠰᠡᠨ ᠡᠭᠦᠷᠭᠡ ᠵᠢᠴᠢ ᠨᠥᠬᠦᠪᠦᠷᠢ ᠶᠢᠨ ᠪᠠᠷᠢᠮᠵᠢᠶ᠎ᠠ ᠶᠢ ᠦᠨᠳᠦᠰᠦᠯᠡᠨ ᠬᠤᠪᠢᠶᠠᠷᠢᠯᠠᠨ ᠪᠠᠭᠤᠯᠭᠠᠵᠤ᠂ ᠨᠢᠭᠡᠨᠲᠡ ᠤᠷᠢᠳᠴᠢᠯᠠᠨ ᠪᠠᠭᠤᠯᠭᠠᠭᠰᠠᠨ 2022 ᠣᠨ ᠤ ᠦᠢᠯᠡᠳᠪᠦᠷᠢᠯᠡᠭᠴᠢᠳ ᠤᠨ ᠨᠥᠬᠦᠪᠦᠷᠢ ᠶᠢᠨ ᠳᠣᠲᠣᠷ᠎ᠠ ᠠᠴᠠ ᠭᠠᠷᠭᠠᠨ᠎ᠠ᠃    ︵ᠬᠤᠶᠠᠷ︶ ᠨᠥᠬᠦᠪᠦᠷᠢ ᠥᠭᠬᠦ ᠲᠤᠭ᠎ᠠ᠃ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢ ᠵᠣᠬᠢᠰᠲᠠᠢ ᠳᠡᠭᠡᠭᠰᠢᠯᠡᠭᠦᠯᠵᠦ᠂ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢ ᠪᠠᠭᠤᠷᠠᠭᠤᠯᠤᠨ᠂ ᠨᠥᠬᠦᠪᠦᠷᠢ ᠶᠢᠨ ᠵᠥᠷᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠰᠢᠷ᠎ᠠ ᠪᠤᠷᠴᠠᠭ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃    ︵ᠭᠤᠷᠪᠠ︶ ᠨᠥᠬᠦᠪᠦᠷᠢ ᠥᠭᠬᠦ ᠡᠲᠡᠭᠡᠳ᠃ ᠨᠥᠬᠦᠪᠦᠷᠢ ᠥᠭᠬᠦ ᠡᠲᠡᠭᠡᠳ ᠨᠢ ᠵᠠᠷᠴᠢᠮ ᠳᠡᠭᠡᠷ᠎ᠡ ᠪᠠᠨ ᠪᠦᠬᠦ ᠬᠤᠳᠠ ᠶᠢᠨ ᠬᠡᠪᠴᠢᠶᠡᠨ ᠳᠠᠬᠢ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ︵ᠲᠠᠷᠢᠶᠠᠴᠢᠨ᠂ ᠲᠠᠷᠢᠶᠠᠯᠠᠩ ᠤᠨ ᠬᠤᠷᠰᠢᠶ᠎ᠠ᠂ ᠲᠠᠷᠢᠶᠠᠯᠠᠩ ᠤᠨ ᠲᠠᠯᠠᠪᠠᠢ ᠵᠡᠷᠭᠡ ᠶᠢ ᠪᠠᠭᠲᠠᠭᠠᠨ᠎ᠠ︶ ᠪᠣᠯᠣᠨ᠎ᠠ᠃ ᠭᠠᠵᠠᠷ ᠰᠢᠷᠣᠢ ᠶᠢ ᠡᠷᠬᠢᠯᠳᠦᠭᠦᠯᠦᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠳᠤ ᠨᠥᠬᠦᠪᠦᠷᠢ ᠪᠡᠯᠡ ᠮᠥᠩᠭᠦ ᠶᠢ ᠪᠣᠳᠠᠲᠠᠢ ᠦᠢᠯᠡᠳᠪᠦᠷᠢᠯᠡᠭᠴᠢ ᠳᠤ ᠣᠯᠭᠤᠬᠤ ᠬᠡᠷᠡᠭᠲᠡᠢ᠃ ᠬᠡᠷᠪᠡ ᠭᠠᠵᠠᠷ ᠰᠢᠷᠣᠢ ᠳᠠᠭᠠᠭᠠᠴᠢᠯᠠᠭᠤᠯᠤᠭᠴᠢ ᠨᠦᠬᠦᠪᠦᠷᠢ ᠠᠪᠤᠭᠰᠠᠨ ᠪᠠᠶᠢᠪᠠᠯ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢᠨ ᠡᠷᠬᠢᠯᠳᠦᠭᠦᠯᠦᠨ ᠲᠠᠭᠠᠭᠠᠴᠢᠯᠠᠭᠤᠯᠬᠤ ᠰᠦᠢᠳᠬᠡᠯ ᠢ ᠵᠣᠬᠢᠬᠤ ᠬᠡᠮᠵᠢᠶ᠎ᠡ ᠪᠠᠷ ᠪᠠᠭᠠᠰᠬᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠠ ᠲᠥᠮᠥᠰᠥ ᠦᠢᠯᠡᠳᠪᠦᠷᠢᠯᠡᠭᠴᠢ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠢ᠃    ︵ᠳᠥᠷᠪᠡ︶ ᠨᠥᠬᠦᠪᠦᠷᠢ ᠥᠭᠬᠦ ᠬᠡᠪᠴᠢᠶ᠎ᠡ᠃ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ᠂ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠬᠡᠪᠴᠢᠶ᠎ᠡ ᠶᠢ ᠬᠠᠤᠯᠢ ᠶᠣᠰᠣᠨ ᠤ ᠲᠠᠷᠢᠶᠠᠯᠠᠬᠤ ᠭᠠᠵᠠᠷ ᠢᠶᠠᠷ ᠬᠢᠵᠠᠭᠠᠷᠯᠠᠨ᠎ᠠ᠃ ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠤᠭᠠᠬᠤ ᠪᠠᠷ ᠲᠣᠳᠣᠷᠬᠠᠶᠢᠯᠠᠭᠰᠠᠨ ᠭᠠᠵᠠᠷ ᠰᠢᠷᠣᠢ᠂ ᠵᠥᠪᠰᠢᠶᠡᠷᠡᠯ ᠣᠯᠣᠭᠰᠠᠨ ᠦᠭᠡᠢ ᠪᠠᠷ ᠰᠢᠨ᠎ᠡ ᠪᠠᠷ ᠬᠠᠭᠠᠯᠪᠤᠷᠢᠯᠠᠭᠰᠠᠨ ᠭᠠᠵᠠᠷ ᠰᠢᠷᠣᠢ ᠳᠤ᠂ ᠬᠠᠲᠤᠨ ᠭᠤᠣᠯ ᠤᠨ ᠭᠤᠣᠯ ᠤᠨ ᠵᠠᠮ ᠤᠨ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠤ ᠳᠣᠲᠣᠷᠠᠬᠢ ᠬᠠᠤᠯᠢ ᠪᠤᠰᠤ ᠪᠠᠷ ᠲᠠᠷᠢᠭᠰᠠᠳ ᠲᠤ ᠨᠥᠬᠦᠪᠦᠷᠢ ᠥᠭᠬᠦ ᠦᠭᠡᠢ᠃ ᠨᠡᠯᠢᠶᠡᠳ ᠶᠡᠭᠡ ᠭᠠᠮᠰᠢᠭ ᠦᠭᠡᠢ ᠪᠠᠶᠢᠳᠠᠯ ᠳᠣᠣᠷ᠎ᠠ᠂ ᠨᠥᠬᠦᠪᠦᠷᠢ ᠥᠭᠬᠦ ᠬᠡᠪᠴᠢᠶᠡᠨ ᠳᠣᠲᠣᠷᠠᠬᠢ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠨᠢ ᠲᠤᠬᠠᠢ ᠶᠢᠨ ᠭᠠᠵᠠᠷ ᠤᠨ ᠪᠠᠶᠢᠩᠭᠤ ᠶᠢᠨ ᠵᠢᠯ ᠳᠤᠮᠳᠠᠴᠢ ᠶᠢᠨ ᠬᠢᠷᠢ ᠬᠡᠮᠵᠢᠶ᠎ᠡ ᠶᠢᠨ 50 % ᠠᠴᠠ ᠳᠣᠣᠷ᠎ᠠ ᠪᠣᠯᠤᠭᠰᠠᠨ ᠳᠤ᠂ ᠳᠠᠷᠢᠭᠰᠠᠨ ᠤ ᠲᠠᠷᠠᠭ᠎ᠠ ᠠᠷᠠᠴᠢᠯᠠᠵᠤ ᠬᠠᠮᠢᠶᠠᠷᠬᠤ ᠦᠭᠡᠢ ᠲᠠᠷᠢᠶᠠᠨ ᠠᠵᠢᠯ ᠤᠨ ᠬᠠᠮᠢᠶᠠᠷᠤᠯᠲᠠ ᠬᠢᠭᠰᠡᠨ ᠦᠭᠡᠢ ᠳᠤ᠂ ᠲᠠᠷᠢᠬᠤ ᠳᠤ ᠲᠣᠬᠢᠷᠠᠮᠵᠢ ᠦᠭᠡᠢ ᠣᠷᠣᠨ ᠳᠤ ᠲᠠᠷᠢᠭᠰᠠᠨ ᠪᠦᠭᠡᠳ ᠢᠯᠡᠷᠬᠡᠢ ᠨᠥᠬᠦᠪᠦᠷᠢ ᠮᠥᠩᠭᠦ ᠶᠢ ᠤᠬᠠᠭᠠᠯᠠᠨ ᠠᠪᠤᠭᠰᠠᠨ ᠥᠢᠯᠡ ᠠᠵᠢᠯᠯᠠᠭ᠎ᠠ ᠲᠠᠢ ᠪᠠᠶᠢᠪᠠᠯ ᠨᠥᠬᠦᠪᠦᠷᠢ ᠥᠭᠬᠦ ᠦᠭᠡᠢ᠃    ︵ᠲᠠᠪᠤ︶ ᠨᠥᠬᠦᠪᠦᠷᠢ ᠥᠭᠬᠦ ᠲᠠᠯᠠᠪᠠᠶ᠃ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ᠳᠤ ᠣᠯᠭᠤᠬᠤ ᠨᠥᠬᠦᠪᠦᠷᠢ ᠶᠢ ᠲᠤᠰ ᠵᠢᠯ ᠤᠨ ᠪᠣᠳᠠᠲᠠᠢ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠲᠠᠷᠢᠬᠤ ᠲᠠᠯᠠᠪᠠᠢ ᠪᠠᠷ ᠲᠣᠭᠲᠠᠭᠠᠨ᠎ᠠ᠃ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢ ᠡᠭᠦᠷᠭᠡ ᠶᠢᠨ ᠲᠠᠯᠠᠪᠠᠶ ᠶᠢᠨ ᠳᠣᠲᠣᠷ᠎ᠠ ᠴᠢᠩᠭ᠎ᠠ ᠬᠢᠵᠠᠭᠠᠷᠯᠠᠨ᠎ᠠ᠃    ︵ᠵᠢᠷᠭᠤᠭ᠎ᠠ︶ ᠨᠥᠬᠦᠪᠦᠷᠢ ᠥᠭᠬᠦ ᠪᠠᠷᠢᠮᠵᠢᠶ᠎ᠠ᠃    1. ᠴᠣᠯ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠴᠡᠪᠡᠷ ᠳᠠᠷᠢᠭᠰᠠᠨ ᠦᠢᠯᠡᠳᠪᠦᠷᠢᠯᠡᠭᠴᠢ ᠳᠤ ᠥᠭᠬᠦ ᠨᠦᠬᠦᠪᠦᠷᠢ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢ ᠪᠠᠭᠤᠷᠠᠭᠤᠯᠬᠤ ᠬᠡᠷᠡᠭᠲᠡᠢ᠃    2. ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢ ᠬᠡᠷᠡᠭᠵᠢᠬᠦᠯᠦᠨ᠎ᠡ᠃ 2022 ᠣᠨ ᠳᠤ ᠪᠥᠬᠦ ᠬᠤᠲᠠ ᠶᠢᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠨᠢᠭᠡᠳᠦᠯᠲᠡᠢ ᠪᠠᠷᠢᠮᠵᠢᠶ᠎ᠠ ᠨᠢ ᠮᠦ ᠪᠦᠷᠢ ᠶᠢᠨ 150 ᠲᠥᠭᠦᠷᠢᠭ᠂ ᠡᠭᠦᠨ ᠤ ᠬᠠᠮᠲᠤ ᠰᠢᠷ᠎ᠠ ᠪᠤᠷᠴᠠᠭ᠂ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢ ᠦᠷᠭᠦᠯᠵᠢᠯᠡᠨ ᠬᠦᠷᠲᠡᠵᠦ ᠪᠣᠯᠣᠨ᠎ᠠ᠂ ᠮᠦ ᠳᠤᠮᠳᠠᠴᠢ ᠶᠢᠨ ᠡᠷᠳᠡᠨᠢ ᠰᠢᠰᠢ ᠳᠠᠷᠢᠬᠤ ᠬᠠᠷᠢᠴᠠᠯ ᠪᠠ ᠮᠦ ᠳᠤᠮᠳᠠᠴᠢ ᠶᠢᠨ ᠰᠢᠷ᠎ᠠ ᠪᠤᠷᠴᠠᠭ ᠳᠠᠷᠢᠬᠤ ᠬᠠᠷᠢᠴᠠᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢᠨ ᠪᠠᠷᠢᠮᠵᠢᠶ᠎ᠠ ᠪᠠ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢᠨ ᠪᠠᠷᠢᠮᠵᠢᠶ᠎ᠠ ᠲᠠᠢ ᠤᠶᠠᠯᠳᠤᠭᠤᠯᠤᠨ ᠨᠡᠶᠢᠯᠡᠭᠦᠯᠦᠨ ᠪᠤᠳᠤᠵᠤ ᠭᠠᠷᠭᠠᠨ᠎ᠠ᠃ ᠡᠨᠡ ᠬᠤᠶᠠᠷ ᠵᠦᠢᠯ ᠢ ᠨᠡᠮᠡᠭᠡᠳ 2022 ᠣᠨ ᠤ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢᠨ ᠪᠠᠷᠢᠮᠵᠢᠶ᠎ᠠ ᠨᠢ ᠪᠠᠷᠤᠭ ᠮᠦ ᠪᠦᠷᠢ ᠶᠢᠨ 300 ᠲᠥᠭᠦᠷᠢᠭ ᠣᠷᠴᠢᠮ ᠪᠣᠯᠣᠨ᠎ᠠ᠃    3. ᠰᠢᠯᠢᠮᠳᠡᠭ ᠦᠢᠯᠡᠳᠪᠦᠷᠢᠯᠡᠭᠴᠢ ᠶᠢᠨ ᠨᠥᠬᠦᠪᠦᠷᠢ᠃ 2022 ᠣᠨ ᠳᠤ ᠪᠥᠬᠦ ᠬᠤᠲᠠ ᠳᠤ ᠰᠢᠯᠢᠮᠳᠡᠭ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠶᠢ ᠬᠡᠷᠡᠭᠵᠢᠭᠦᠯᠦᠨ᠎ᠡ᠃ ᠨᠥᠬᠦᠪᠦᠷᠢ ᠶᠢᠨ ᠪᠠᠷᠢᠮᠵᠢᠶ᠎ᠠ ᠨᠢ ᠮᠦ ᠪᠦᠷᠢ ᠶᠢᠨ ᠪᠠᠷᠤᠭ 30 ᠲᠥᠭᠦᠷᠢᠭ ᠣᠷᠴᠢᠮ ︵ᠪᠣᠳᠠᠲᠠᠢ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠲᠠᠢ ᠳᠠᠷᠢᠬᠤ ᠲᠠᠯᠠᠪᠠᠶ ᠶᠢ ᠦᠨᠳᠦᠰᠦᠯᠡᠨ ᠲᠣᠭᠲᠠᠭᠠᠨ᠎ᠠ︶᠃    ᠭᠤᠷᠪᠠ᠂ ᠨᠥᠬᠦᠪᠦᠷᠢ ᠮᠥᠩᠭᠦ ᠶᠢᠨ ᠬᠠᠮᠢᠶᠠᠷᠤᠯᠲᠠ ᠬᠢᠭᠡᠳ ᠰᠠᠯᠭᠠᠨ ᠥᠭᠬᠦ    ᠨᠥᠬᠦᠪᠦᠷᠢ ᠮᠥᠩᠭᠦ ᠶᠢ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠢ ᠳᠠᠩᠰᠠᠨ ᠳᠤ ᠣᠷᠣᠭᠤᠯᠤᠨ ᠬᠠᠮᠢᠶᠠᠷᠤᠨ᠎ᠠ᠃ ᠨᠥᠬᠦᠪᠦᠷᠢ ᠮᠥᠩᠭᠦ ᠶᠢ ︽ᠪᠦᠷᠢᠨ ᠴᠢᠳᠠᠮᠵᠢᠲᠦ ᠺᠠᠷᠲ︾ ᠢᠶᠠᠷ ᠳᠠᠮᠵᠢᠭᠤᠯᠤᠨ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ᠳᠤ ᠴᠠᠭ ᠲᠤᠬᠠᠢ ᠳᠤᠨᠢ ᠨᠢᠭᠡ ᠤᠳᠠᠭ᠎ᠠ ᠶᠢᠨ ᠴᠢᠨᠠᠷᠲᠠᠢ ᠂ ᠲᠤᠭ᠎ᠠ ᠶᠣᠰᠣᠭᠠᠷ  ᠨᠢ ᠭᠦᠢᠴᠡᠳ ᠣᠯᠭᠤᠬᠤ ᠬᠡᠷᠡᠭᠲᠡᠢ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠭᠤᠣᠯᠳᠠᠭᠤ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ᠂ ᠳᠠᠷᠢᠬᠤ ᠲᠠᠯᠠᠪᠠᠶ᠂ ᠪᠡᠯᠡ ᠮᠥᠩᠭᠦ ᠶᠢ ᠢᠯᠡ ᠨᠡᠶᠢᠲᠡᠯᠡᠬᠦ ᠪᠠ ᠮᠡᠳᠡᠭᠡ ᠵᠠᠩᠭᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    ᠲᠠᠪᠤ᠂ ᠬᠡᠷᠡᠭᠵᠢᠭᠦᠯᠬᠦ ᠴᠠᠭ᠄ 2022 ᠣᠨ    ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ    ᠬᠠᠷᠢᠯᠴᠠᠬᠤ ᠬᠥᠮᠥᠨ᠄ ᠭᠦᠸᠧ ᠰᠢᠦᠢ᠂ ᠬᠠᠷᠢᠯᠴᠠᠬᠤ ᠤᠲᠠᠰᠤ᠄ 0471-4369535
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号