ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠢᠳᠡᠰᠢᠨ | ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠬᠢᠭᠡᠳ ᠬᠠᠷᠠᠯᠲᠠ ᠶᠢ ᠲᠣᠳᠣᠷᠬᠠᠶᠢᠯᠠᠵᠤ᠂ ᠣᠲᠣ | ᠦᠶ᠎ᠡ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ | ᠡᠵᠡᠩᠨᠡᠯᠲᠡ ᠶᠢᠨ ᠰᠢᠰᠲ᠋ᠧᠮᠵᠢ ᠶᠢ ᠪᠦᠷᠢᠯᠳᠦᠭᠦᠯᠬᠦ ᠶᠢ ᠠᠬᠢᠭᠤᠯᠵᠤ᠂ ᠨᠤᠲᠤᠭ ᠤᠨ ᠢᠳᠡᠰᠢᠨ ᠨᠣᠭᠤᠭ᠎ᠠ ᠶᠢᠨ | ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠢᠳᠡᠰᠢᠨ ᠨᠣᠭᠤᠭ᠎ᠠ ᠶᠢᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠠ ᠪᠣᠬᠢᠷᠳᠤᠯ ᠦᠭᠡᠢ ᠬᠥᠭᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠵᠤ᠂ ︽ᠴᠢᠨᠠᠷ ᠰᠠᠶᠢᠲᠠᠢ᠂ ᠥᠨᠳᠥᠷ ᠭᠠᠷᠤᠯᠲᠠ ᠲᠠᠢ᠂ ᠥᠨᠳᠥᠷ ᠦᠷ᠎ᠡ | ᠠᠰᠢᠭ ᠲᠠᠢ᠂ ᠠᠮᠢ ᠠᠬᠤᠢ ᠶᠢᠨ᠂ ᠠᠮᠤᠷ ᠲᠦᠪᠰᠢᠨ︾ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ | ᠣᠨᠣᠯᠵᠢᠬᠤᠨ ᠢ ᠪᠠᠷᠢᠮᠲᠠᠯᠠᠵᠤ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ | ᠦᠢᠯᠡᠰ ᠤᠨ ᠠᠭᠤᠰᠤᠯᠴᠠᠨ ᠬᠥᠭᠵᠢᠬᠦ᠂ ᠪᠣᠬᠢᠷᠳᠤᠯ ᠦᠭᠡᠢ ᠪᠠᠷ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠᠷ | ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂ ᠲᠥᠷᠥᠯ | ᠲᠡᠮᠳᠡᠭᠲᠦ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠷᠠᠭᠤᠯᠵᠤ᠂ ᠴᠢᠨᠠᠷ ᠰᠠᠶᠢᠲᠠᠢ ᠢᠳᠡᠰᠢᠨ ᠨᠣᠭᠤᠭ᠎ᠠ ᠶᠢᠨ | ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠢᠳᠡᠰᠢᠨ ᠨᠣᠭᠤᠭ᠎ᠠ ᠶᠢᠨ ᠠᠵᠤ | ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ | ᠬᠤᠶᠠᠷ᠂ ᠲᠥᠯᠦᠪᠵᠢᠭᠦᠯᠭᠡ ᠶᠢᠨ ᠶᠡᠷᠦᠩᠬᠡᠢ ᠠᠭᠤᠯᠭ᠎ᠠ ᠵᠢᠴᠢ ᠭᠢᠯᠠᠰ ᠴᠡᠭ | ᠲᠣᠰ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠬᠥᠬᠡᠬᠤᠲᠠ ᠶᠢᠨ ᠵᠠᠰᠠᠭ ᠵᠠᠬᠢᠷᠭᠠᠨ ᠤ ᠬᠤᠪᠢᠶᠠᠷᠢ ᠶᠢᠨ | ᠬᠦᠷᠢᠶ᠎ᠡ ᠬᠡᠪᠴᠢᠶ᠎ᠡ᠂ ᠲᠥᠯᠦᠪᠵᠢᠭᠦᠯᠭᠡ ᠶᠢᠨ ᠬᠤᠭᠤᠴᠠᠭ᠎ᠠ ᠨᠢ 2021 — 2025 ᠣᠨ ᠪᠣᠯᠣᠨ᠎ᠠ᠂ ᠤᠯᠤᠰ᠂ | ᠥᠪᠡᠷᠲᠡᠭᠡᠨ ᠵᠠᠰᠠᠬᠤ ᠣᠷᠣᠨ᠂ ᠮᠠᠨ ᠤ ᠬᠤᠲᠠ ᠶᠢᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠵᠢᠴᠢ | ᠣᠶᠢᠷ᠎ᠠ ᠶᠢᠨ 5 ᠵᠢᠯ ᠤᠨ ᠲᠤᠭ᠎ᠠ ᠪᠦᠷᠢᠳᠬᠡᠯ ᠤᠨ ᠣᠨ ᠤ ᠦᠢᠯᠡᠪᠦᠷᠢ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ᠂ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠡᠷᠭᠡ 19 ᠵᠦᠢᠯ ᠤᠨ ᠪᠢᠴᠢᠭ ᠮᠠᠲ᠋ᠧᠷᠢᠶᠠᠯ ᠲᠥᠷᠥ ᠶᠢᠨ | ᠪᠣᠳᠣᠯᠭ᠎ᠠ ᠪᠠ ᠮᠠᠲ᠋ᠧᠷᠢᠶᠠᠯ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠪᠠ᠃ ᠲᠣᠰ ᠲᠥᠯᠦᠪᠵᠢᠭᠦᠯᠭᠡ ᠨᠢ ᠨᠡᠶᠢᠲᠡ | 9 ᠪᠦᠯᠦᠭ ᠂ 37 ᠬᠡᠰᠡᠭ᠂ ᠪᠠᠷᠤᠭ 1.6 ᠲᠦᠮᠡᠨ ᠥᠰᠥᠭ ᠲᠠᠢ᠃ | ᠨᠢᠭᠡᠳᠦᠭᠡᠷ ᠪᠦᠯᠦᠭ ᠨᠢ ᠲᠥᠯᠦᠪᠵᠢᠭᠦᠯᠭᠡ ᠶᠢᠨ ᠠᠬᠤᠢ ᠪᠠᠶᠢᠳᠠᠯ᠃ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠭᠰᠠᠨ ᠠᠬᠤᠢ ᠪᠠᠶᠢᠳᠠᠯ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠶᠢ ᠨᠠᠷᠢᠨ ᠲᠣᠳᠣᠷᠬᠠᠢ ᠥᠭᠦᠯᠡᠪᠡ᠃ | ᠬᠤᠶᠠᠳᠤᠭᠠᠷ ᠪᠦᠯᠦᠭ ᠨᠢ ᠰᠠᠭᠤᠷᠢ ᠨᠥᠬᠦᠴᠡᠯ ᠤᠨ ᠵᠠᠳᠠᠯᠤᠯᠲᠠ᠂ ᠮᠠᠨ ᠤ ᠬᠤᠲᠠ ᠶᠢᠨ ᠢᠳᠡᠰᠢᠨ | ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠲᠤᠯᠭᠠᠷᠠᠵᠤ ᠪᠠᠶᠢᠭ᠎ᠠ ᠠᠰᠠᠭᠤᠳᠠᠯ ᠵᠢᠴᠢ | ᠣᠳᠣᠬᠠᠨ ᠤ ᠬᠥᠭᠵᠢᠯᠲᠡ ᠶᠢᠨ ᠠᠵᠠ ᠲᠣᠬᠢᠶᠠᠯ ᠢ ᠨᠠᠷᠢᠨ ᠵᠠᠳᠠᠯᠪᠠ᠃ | ᠭᠤᠷᠪᠠᠳᠤᠭᠠᠷ ᠪᠦᠯᠦᠭ ᠨᠢ ᠶᠡᠷᠦᠩᠬᠡᠢ ᠰᠡᠳᠬᠢᠴᠡ ᠪᠠ ᠬᠠᠷᠠᠯᠲᠠ᠂ ᠮᠠᠨ ᠤ ᠬᠤᠲᠠ ᠶᠢᠨ ᠢᠳᠡᠰᠢᠨ | ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠬᠦ ᠳᠤ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ | ᠴᠢᠨᠠᠷ ᠰᠠᠶᠢᠲᠠᠢ ᠬᠥᠭᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠵᠢᠷᠤᠮᠯᠠᠵᠤ᠂ ︽ᠴᠢᠨᠠᠷ ᠰᠠᠶᠢᠲᠠᠢ᠂ ᠥᠨᠳᠥᠷ | ᠭᠠᠷᠤᠯᠲᠠ ᠲᠠᠢ᠂ ᠥᠨᠳᠥᠷ ᠦᠷ᠎ᠡ ᠠᠰᠢᠭ ᠲᠠᠢ᠂ ᠠᠮᠢ ᠠᠬᠤᠢ ᠶᠢᠨ᠂ ᠠᠮᠤᠷ ᠲᠦᠪᠰᠢᠨ︾ ᠣᠳᠣ ᠦᠶ᠎ᠡ ᠶᠢᠨ | ᠲᠠᠷᠢᠶᠠᠯᠠᠩ ᠤᠨ ᠬᠥᠭᠵᠢᠯᠲᠡ ᠶᠢᠨ ᠣᠨᠤᠵᠢᠯᠬᠤᠨ ᠢᠶᠠᠷ ᠵᠣᠷᠢᠯᠲᠠ ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠪᠠᠷ ᠭᠠᠷᠳᠠᠴᠠ ᠪᠣᠯᠭᠠᠵᠤ᠂ ᠪᠦᠬᠦ ᠣᠷᠣᠨ ᠤ | ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢᠨ ᠦᠯᠢᠭᠡᠷ ᠳᠠᠭᠤᠷᠢᠶᠠᠯ ᠢ | ᠴᠤᠭᠴᠠᠯᠠᠬᠤ ᠪᠠᠷ ᠬᠠᠷᠠᠯᠲᠠ ᠪᠣᠯᠭᠠᠵᠤ᠂ 2025 ᠣᠨ ᠪᠣᠯᠬᠤ ᠳᠤ᠂ ᠪᠦᠬᠦ ᠬᠤᠲᠠ ᠶᠢᠨ ᠢᠳᠡᠰᠢᠨ ᠨᠣᠭᠤᠭ᠎ᠠ | ᠳᠠᠷᠢᠬᠤ ᠲᠠᠯᠠᠪᠠᠶ ᠶᠢ 15 ᠲᠦᠮᠡᠨ ᠮᠦ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠭᠠᠷᠤᠯᠲᠠ ᠶᠢᠨ | ᠬᠡᠮᠵᠢᠶ᠎ᠡ ᠶᠢ 65 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠨᠤᠲᠤᠭ ᠤᠨ ᠢᠳᠡᠰᠢᠨ | ᠨᠣᠭᠤᠭ᠎ᠠ ᠶᠢᠨ ᠬᠠᠩᠭᠠᠯᠭ᠎ᠠ ᠵᠣᠨ ᠨᠠᠮᠤᠷ ᠤᠨ ᠤᠯᠠᠷᠢᠯ ᠤᠨ ᠢᠳᠡᠰᠢᠨ ᠨᠣᠭᠤᠭ᠎ᠠ ᠳᠤ ᠡᠵᠡᠯᠡᠬᠦ ᠬᠠᠷᠢᠴᠠᠯ 65% | ᠬᠦᠷᠴᠦ᠂ ᠡᠪᠦᠯ ᠬᠠᠪᠤᠷ ᠤᠨ ᠤᠯᠠᠷᠢᠯ ᠤᠨ ᠢᠳᠡᠰᠢᠨ ᠨᠣᠭᠤᠭ᠎ᠠ ᠳᠤ ᠡᠵᠡᠯᠡᠬᠦ ᠬᠠᠷᠢᠴᠠᠯ 35% ᠬᠦᠷᠬᠦ ᠨᠡᠯᠢᠶᠡᠳ | ᠥᠨᠳᠥᠷ ᠲᠠᠰ ᠳᠠᠪᠬᠤᠷᠭ᠎ᠠ ᠶᠢᠨ ᠬᠢᠷᠢ ᠬᠡᠮᠵᠢᠶ᠎ᠡ ᠶᠢ ᠪᠡᠶᠡᠯᠡᠭᠦᠯᠵᠦ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ | ᠢᠯᠡᠳᠲᠡ ᠨᠡᠮᠡᠭᠳᠡᠭᠦᠯᠦᠭᠰᠡᠨ᠂ ᠪᠣᠬᠢᠷᠳᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠭᠰᠡᠨ᠂ ᠠᠵᠤ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠠᠰᠤᠷᠠᠯᠲᠠ | ᠦᠭᠡᠢ ᠪᠣᠵᠠᠭᠠᠶᠢᠷᠠᠭᠤᠯᠤᠭᠰᠠᠨ ᠶᠡᠷᠦᠩᠬᠡᠢ ᠪᠠᠶᠢᠷᠢᠰᠢᠯ ᠢ ᠪᠦᠷᠢᠯᠳᠦᠭᠦᠯᠦᠨ᠎ᠡ ᠭᠡᠵᠦ ᠲᠣᠳᠤᠷᠬᠠᠶᠢᠯᠠᠪᠠ᠃ | ᠳᠥᠷᠪᠡᠳᠦᠭᠡᠷ ᠪᠦᠯᠦᠭ ᠨᠢ ᠬᠥᠭᠵᠢᠯᠲᠡ ᠶᠢᠨ ᠪᠠᠶᠢᠷᠢᠰᠢᠭᠤᠯᠤᠯᠲᠠ᠂ ᠮᠠᠨ ᠤ ᠬᠤᠲᠠ ᠶᠢᠨ ᠢᠳᠡᠰᠢᠨ | ᠨᠣᠭᠤᠭ᠎ᠠ ᠶᠢᠨ ᠠᠵᠤ ᠦᠢᠯᠡᠰ ᠢ ︽ᠨᠢᠭᠡ ᠭᠤᠣᠯ ᠨᠢᠭᠡ ᠪᠦᠰᠡ ᠬᠤᠶᠠᠷ ᠵᠢᠭᠦᠷ︾ ᠤᠨ ᠶᠡᠷᠦᠩᠬᠡᠢ ᠰᠡᠳᠬᠢᠮᠵᠢ ᠪᠠᠷ | ᠪᠠᠶᠢᠷᠢᠰᠢᠭᠤᠯᠬᠤ ᠶᠢ ᠲᠣᠳᠤᠷᠬᠠᠶᠢᠯᠠᠪᠠ᠃ ᠨᠢᠭᠡ ᠭᠤᠣᠯ ᠭᠡᠳᠡᠭ ᠨᠢ ᠰᠠᠶᠢᠬᠠᠨ ᠲᠣᠭᠤᠷᠢᠭ᠂ ᠲᠦᠮᠡᠳ ᠵᠡᠭᠦᠨ | ᠬᠤᠰᠢᠭᠤ᠂ ᠢᠥᠢ ᠴᠢᠤᠸᠠᠨ ᠲᠣᠭᠤᠷᠢᠭ ᠢᠶᠠᠷ ᠭᠤᠣᠯ ᠪᠣᠯᠭᠠᠵᠤ᠂ ᠢᠳᠡᠰᠢᠨ ᠨᠣᠭᠤᠭ᠎ᠠ ᠶᠢᠨ ᠶᠡᠷᠦᠩᠬᠡᠶᠢᠯᠡᠭᠰᠡᠨ | ᠰᠢᠨ᠎ᠡ ᠶᠢ ᠡᠭᠦᠳᠬᠦ ᠭᠤᠣᠯ ᠲᠣᠭᠤᠷᠢᠭ ᠢ ᠪᠠᠶᠢᠭᠤᠯᠤᠨ᠎ᠠ︔ ᠨᠢᠭᠡ ᠪᠦᠰᠡ ᠭᠡᠳᠡᠭ ᠨᠢ ᠲᠤᠬᠠᠶᠢᠯᠠᠪᠠᠯ ᠬᠥᠬᠡᠬᠤᠲᠠ ᠶᠢ | ᠲᠣᠭᠤᠷᠢᠭᠰᠠᠨ ᠣᠲᠣ ᠦᠶ᠎ᠡ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ | ᠦᠵᠡᠭᠦᠯᠬᠦ ᠪᠦᠰᠡ ᠪᠣᠯᠣᠨ᠎ᠠ᠃ ᠲᠦᠮᠡᠳ ᠵᠡᠭᠦᠨ ᠬᠤᠰᠢᠭᠤ᠂ ᠬᠤᠷᠢᠨᠬᠡᠷ ᠰᠢᠶᠠᠨ᠂ ᠲᠣᠭᠲᠠᠬᠤ ᠰᠢᠶᠠᠨ᠂ ᠰᠢᠨ᠎ᠡ | ᠬᠤᠲᠠ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ ᠪᠠᠷ ᠭᠤᠣᠯᠳᠠᠯᠭ᠎ᠠ ᠪᠣᠯᠭᠠᠵᠤ᠂ | ᠪᠠᠷᠢᠮᠵᠢᠶᠠᠵᠢᠭᠤᠯᠤᠭᠰᠠᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠢ ᠴᠤᠭᠴᠠᠯᠠᠨ᠎ᠠ᠂ ᠬᠤᠶᠠᠷ ᠵᠢᠭᠦᠷ | ᠭᠡᠳᠡᠭ ᠨᠢ ᠲᠤᠬᠠᠶᠢᠯᠠᠪᠠᠯ ᠮᠤᠨᠢ ᠠᠭᠤᠯᠠ ᠶᠢᠨ ᠡᠮᠦᠨ᠎ᠡ ᠬᠤᠷᠮᠣᠢ ᠶᠢᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ | ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠪᠠ ᠮᠤᠨᠢ ᠠᠭᠤᠯᠠ ᠶᠢᠨ ᠠᠷᠤ ᠬᠤᠷᠮᠣᠢ ᠶᠢᠨ ᠬᠦᠢᠲᠡᠨ ᠰᠡᠷᠢᠭᠦᠨ | ᠢᠳᠡᠰᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠭ ᠪᠣᠯᠣᠨ᠎ᠠ᠃ ᠮᠤᠨᠢ ᠠᠭᠤᠯᠠ ᠶᠢᠨ ᠡᠮᠦᠨ᠎ᠡ | ᠬᠤᠷᠮᠣᠢ ᠶᠢᠨ ᠪᠡᠯᠡᠳᠭᠡᠮᠵᠢᠳᠤ ᠢᠳᠡᠰᠢᠨ ᠨᠣᠭᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠭᠤᠣᠯᠳᠠᠯᠭ᠎ᠠ ᠨᠢ ᠴᠢᠩ ᠱᠦᠢ ᠾᠧ ᠰᠢᠶᠠᠨ᠂ ᠬᠤᠷᠢᠨᠬᠡᠷ ᠰᠢᠶᠠᠨ ᠤ ᠡᠮᠦᠨ᠎ᠡ ᠬᠡᠰᠡᠭ ᠤᠨ ᠠᠭᠤᠯᠠᠷᠬᠠᠭ ᠣᠷᠣᠨ ᠳᠤ | ᠤᠤᠯ ᠤᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠦᠢᠯᠡᠳᠪᠦᠷᠢᠯᠡᠯ ᠤᠨ ᠬᠢᠷᠢ | ᠲᠥᠪᠰᠢᠨ ᠢ ᠥᠭᠡᠷᠡᠴᠢᠯᠡᠨ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠮᠣᠨᠢ ᠠᠭᠤᠯᠠ ᠶᠢᠨ ᠠᠷᠤ ᠬᠤᠷᠮᠣᠢ ᠶᠢᠨ | ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠭ ᠲᠤ᠂ ᠦᠴᠦᠸᠠᠨ | ᠣᠷᠣᠨ ᠢᠶᠠᠷ ᠭᠤᠣᠯᠳᠠᠯᠭ᠎ᠠ ᠪᠣᠯᠭᠠᠵᠤ᠂ ᠵᠠᠳᠠᠭᠠᠢ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠳᠡᠯᠭᠡᠷᠡᠭᠦᠯᠬᠦ ᠶᠢ ᠴᠢᠩᠭᠠᠳᠬᠠᠨ᠎ᠠ᠃ ᠲᠥᠯᠦᠪᠵᠢᠭᠦᠯᠭᠡ ᠳᠤ | ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ᠂ | ᠪᠡᠯᠡᠳᠭᠡᠮᠵᠢᠳᠤ ᠢᠳᠡᠰᠢᠨ ᠨᠣᠭᠤᠭ᠎ᠠ᠂ ᠢᠳᠡᠭᠡᠨ ᠤ ᠮᠥᠭᠦ ᠶᠢᠨ ᠠᠵᠤ ᠦᠢᠯᠡᠰ᠂ ᠣᠲᠣ ᠦᠶ᠎ᠡ ᠶᠢᠨ ᠬᠤᠲᠠ ᠶᠢᠨ | ᠲᠠᠷᠢᠶᠠᠯᠠᠩ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠠᠯ᠎ᠠ ᠪᠠᠷ ᠴᠥᠮ ᠪᠣᠳᠠᠲᠠᠢ ᠣᠷᠣᠨ ᠪᠦᠰᠡ ᠶᠢᠨ | ᠪᠠᠶᠢᠷᠢᠰᠢᠭᠤᠯᠤᠯᠲᠠ ᠶᠢ ᠲᠣᠳᠤᠷᠬᠠᠶᠢᠯᠠᠪᠠ᠃ | ᠲᠠᠪᠤᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠲᠦᠷᠭᠡᠪᠴᠢᠯᠡᠨ | ᠳᠡᠭᠡᠭᠰᠢᠯᠡᠭᠦᠯᠬᠦ ᠂ ᠢᠳᠡᠰᠢᠨ ᠨᠣᠭᠤᠭ᠎ᠠ ᠶᠢᠨ ᠡᠷᠴᠢᠮᠵᠢᠭᠦᠯᠦᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠪᠠᠷᠢᠮᠵᠢᠠᠵᠢᠭᠰᠠᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢᠨ ᠪᠠᠷᠢᠮᠵᠢᠠᠵᠢᠭᠰᠠᠨ ᠦᠢᠯᠡᠳᠪᠦᠷᠢᠯᠡᠯ ᠢ ᠴᠢᠩᠭᠠᠳᠬᠠᠬᠤ | ᠂ ᠢᠳᠡᠭᠡᠨ ᠤ ᠮᠦᠬᠦ ᠶᠢᠨ ᠠᠵᠤ ᠦᠢᠯᠡᠰ ᠢ ᠵᠣᠬᠢᠰᠲᠠᠢ ᠬᠥᠭᠵᠢᠭᠦᠯᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ᠵᠢᠷᠭᠤᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ᠃ ᠨᠢᠭᠡ ᠳᠤ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ | ᠪᠣᠯᠪᠠᠰᠤᠷᠠᠭᠤᠯᠤᠯᠲᠠ᠂ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2025 | ᠣᠨ ᠪᠣᠯᠬᠤ ᠳᠤ ᠵᠢᠮᠢᠰ ᠢᠳᠡᠰᠢᠨ ᠨᠣᠭᠤᠭ᠎ᠠ ᠶᠢ ᠰᠢᠨ᠎ᠡ ᠰᠣᠷᠭᠤᠭ ᠢᠶᠠᠷ ᠬᠠᠳᠠᠭᠠᠯᠠᠬᠤ ᠬᠥᠯᠳᠡᠭᠡᠬᠦ ᠬᠥᠮᠥᠷᠭᠡ ᠶᠢ | 30 ᠶᠢ ᠰᠢᠨ᠎ᠡ ᠪᠠᠷ ᠪᠠᠶᠢᠭᠤᠯᠤᠨ᠎ᠠ︔ ᠪᠥᠬᠦ ᠬᠤᠲᠠ ᠶᠢᠨ ᠢᠳᠡᠰᠢᠨ ᠨᠣᠭᠤᠭ᠎ᠠ ᠪᠣᠯᠪᠠᠰᠤᠷᠠᠭᠤᠯᠬᠤ ᠴᠢᠳᠠᠪᠤᠷᠢ ᠶᠢ 1 | ᠲᠦᠮᠡᠨ ᠲᠣᠨ ᠬᠦᠷᠭᠡᠨ᠎ᠡ︔ ᠨᠤᠲᠤᠭ ᠤᠨ ᠭᠠᠷᠤᠯᠲᠠ ᠢᠳᠡᠰᠢᠨ ᠨᠣᠭᠤᠭ᠎ᠠ ᠶᠢ ᠰᠢᠭᠤᠳ ᠪᠣᠷᠣᠯᠠᠭᠤᠯᠬᠤ ᠲᠥᠪ ᠢ | ᠪᠠᠶᠢᠭᠤᠯᠤᠨ᠎ᠠ︔ ᠪᠠᠰᠠ ᠬᠡᠳᠦᠨ ᠪᠠᠷᠢᠮᠵᠢᠶᠠᠵᠢᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ | ᠲᠦᠯᠦᠪᠵᠢᠬᠦᠯᠦᠨ ᠪᠠᠶᠢᠭᠤᠯᠤᠨ᠎ᠠ︔ ᠬᠤᠲᠠ ᠶᠢᠨ ᠳᠥᠷᠪᠡᠨ ᠲᠣᠭᠤᠷᠢᠭ ᠲᠤ ᠬᠥᠬᠡ ᠬᠤᠲᠠ ᠶᠢᠨ ᠠᠷᠠᠳ ᠲᠤ | ᠠᠰᠢᠭ ᠬᠦᠷᠲᠡᠭᠡᠬᠦ ᠰᠢᠨ᠎ᠡ ᠰᠣᠷᠭᠤᠭ ᠢᠳᠡᠭᠡᠨ ᠤ ᠳᠡᠯᠭᠡᠭᠦᠷ ᠪᠠᠶᠢᠭᠤᠯᠤᠨ᠎ᠠ︔ ᠨᠤᠲᠤᠭ ᠤᠨ ᠢᠳᠡᠰᠢᠨ ᠨᠣᠭᠤᠭ᠎ᠠ | ᠠᠷᠠᠯᠵᠢᠶᠠᠯᠠᠬᠤ ᠲᠤᠰᠬᠠᠢ ᠣᠷᠣᠨ ᠭᠠᠷᠭᠠᠵᠤ ᠨᠤᠲᠤᠭ ᠤᠨ ᠢᠳᠡᠰᠢᠨ ᠨᠣᠭᠤᠭ᠎ᠠ ᠪᠣᠷᠣᠯᠠᠭᠤᠯᠬᠤ ᠳᠤ ᠬᠡᠷᠡᠭᠯᠡᠨ᠎ᠡ︔ | ᠬᠤᠳᠠ ᠶᠢᠨ ᠲᠦᠷᠪᠡᠨ ᠲᠣᠭᠤᠷᠢᠭ ᠲᠤ ᠢᠳᠡᠰᠢᠨ ᠨᠣᠭᠤᠭ᠎ᠠ ᠶᠢ ᠰᠢᠭᠤᠳ ᠪᠣᠷᠣᠯᠠᠭᠤᠯᠬᠤ ᠨᠢᠭᠡ ᠪᠦᠯᠦᠭ ᠲᠣᠣᠷ | ᠴᠡᠭ ︵ᠡᠷᠲᠡ ᠶᠢᠨ ᠵᠠᠬ᠎ᠠ︶ ᠢ ᠵᠠᠭᠠᠭᠯᠠᠨ ᠲᠣᠭᠲᠠᠭᠠᠨ᠎ᠠ᠃ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠨᠢ | ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠪᠣᠷᠣᠯᠠᠭᠤᠯᠬᠤ ᠴᠡᠭ ᠯᠦᠭᠡ ᠣᠷᠳᠣ | ᠬᠤᠭᠤᠴᠠᠭ᠎ᠠ ᠪᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠵᠤ᠂ ᠲᠣᠭᠲᠠᠪᠤᠷᠢᠲᠠᠢ ᠬᠠᠩᠭᠠᠨ | ᠪᠣᠷᠤᠯᠠᠭᠤᠯᠭ᠎ᠠ ᠶᠢᠨ ᠬᠠᠮᠳᠤᠷᠠᠯᠴᠠᠭᠠᠨ ᠤ ᠠᠷᠭ᠎ᠠ ᠵᠠᠮ ᠢ ᠪᠣᠶ ᠪᠣᠯᠭᠠᠵᠤ᠂ ᠨᠤᠲᠤᠭ ᠤᠨ ᠢᠳᠡᠰᠢᠨ ᠨᠣᠭᠤᠭ᠎ᠠ ᠶᠢᠨ | ᠪᠣᠷᠤᠯᠠᠭᠤᠯᠭ᠎ᠠ ᠶᠢ ᠳᠠᠶᠢᠴᠢᠯᠠᠨ᠂ ᠳᠤᠮᠳᠠᠬᠢ ᠭᠤᠭᠴᠤᠭ᠎ᠠ ᠶᠢ ᠪᠠᠭᠠᠰᠬᠠᠵᠤ᠂ ᠭᠦᠢᠯᠭᠡᠭᠡᠨ ᠤ ᠥᠪᠡᠷ ᠤᠨ ᠥᠷᠲᠡᠭ ᠢ | ᠪᠠᠭᠤᠷᠠᠭᠤᠯᠤᠨ᠂ ᠢᠳᠡᠰᠢᠨ ᠨᠣᠭᠤᠭ᠎ᠠ ᠶᠢᠨ ᠦᠨ᠎ᠡ ᠬᠠᠩᠰᠢ ᠶᠢ ᠬᠢᠵᠠᠭᠠᠷᠯᠠᠨ ᠲᠤᠭᠲᠠᠪᠤᠷᠢᠳᠠᠢ ᠪᠠᠶᠢᠯᠭᠠᠨ᠎ᠠ᠃ | ᠬᠤᠶᠠᠷ ᠲᠤ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠪᠥᠬᠦ | ᠬᠤᠲᠠ ᠳᠤ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ 7 ᠶᠢ | ᠪᠠᠶᠢᠭᠤᠯᠵᠤ᠂ ᠰᠡᠯᠡᠭᠦᠴᠡᠯ ᠤᠨ ᠲᠠᠷᠢᠶᠠᠴᠢᠨ ᠠᠶᠢᠯ ᠤᠨ ᠵᠤᠭᠠᠴᠠᠯ ᠢ 150 ᠡᠷᠦᠬᠡ ᠠᠴᠠ ᠳᠡᠭᠡᠭᠰᠢ ᠪᠣᠯᠭᠠᠵᠤ᠂ | ᠬᠤᠰᠢᠭᠤ ᠰᠢᠶᠠᠨ ᠲᠣᠭᠤᠷᠢᠭ ᠪᠣᠯᠭᠠᠨ ᠵᠢᠯ ᠪᠦᠷᠢ ᠨᠠᠭᠠᠲᠤ ᠵᠠᠬ᠎ᠠ ᠳᠠᠭᠠᠨ 1 ᠬᠡᠪᠴᠢᠶᠡᠵᠢᠯ ᠠᠴᠠ ᠳᠡᠭᠡᠭᠰᠢᠬᠢ | ᠰᠡᠯᠡᠭᠦᠴᠡᠯ ᠤᠨ ᠴᠡᠭ ᠢ ᠰᠢᠨ᠎ᠡ ᠪᠠᠷ ᠨᠡᠮᠡᠭᠳᠡᠭᠦᠯᠵᠦ᠂ ᠬᠤᠰᠢᠭᠤ ᠰᠢᠶᠠᠨ ᠲᠣᠭᠤᠷᠢᠭ ᠪᠦᠷᠢ ᠨᠢᠭᠡ ᠵᠤᠷᠪᠤᠰ | ᠬᠤᠲᠠ ᠶᠢᠨ ᠲᠠᠷᠢᠶᠠᠯᠠᠩ ᠤᠨ ᠰᠡᠯᠡᠭᠦᠴᠡᠯ ᠵᠤᠭᠠᠴᠠᠯ ᠤᠨ ᠰᠣᠳᠣᠨ ᠵᠠᠮ ᠱᠤᠭᠤᠮ ᠢ ᠭᠤᠣᠯᠳᠠᠯᠭ᠎ᠠ ᠲᠠᠢ ᠪᠣᠶ ᠪᠣᠯᠭᠠᠨ | ᠰᠢᠯᠢᠳᠡᠭᠵᠢᠭᠦᠯᠵᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠠᠶᠢᠴᠢᠯᠠᠨ | ᠳᠡᠭᠡᠭᠰᠢᠯᠡᠭᠦᠯᠦᠨ᠎ᠡ᠃ | ᠳᠣᠯᠣᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ | ᠪᠦᠷᠢᠨᠰᠢᠭᠦᠯᠬᠦ᠃ ᠲᠥᠯᠦᠪᠵᠢᠭᠦᠯᠭᠡ ᠳᠤ ᠲᠣᠳᠤᠷᠬᠠᠢ ᠳᠤᠷᠠᠳᠤᠭᠰᠠᠨ ᠨᠢ ᠣᠷᠣᠨ ᠤ ᠳᠣᠲᠣᠷ᠎ᠠ ᠭᠠᠳᠠᠨᠠᠬᠢ ᠢᠳᠡᠰᠢᠨ | ᠨᠣᠭᠤᠭ᠎ᠠ ᠶᠢᠨ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠡᠷᠭᠡᠵᠢᠯ ᠤᠨ | ᠬᠦᠴᠦᠨ ᠳᠤ ᠨᠢᠭᠲᠠ ᠲᠦᠰᠢᠭᠯᠡᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ | ᠲᠦᠬᠡᠮᠡᠯᠵᠢᠭᠦᠯᠦᠯᠲᠡ ᠳᠥᠷᠪᠡ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠣᠷᠣᠭᠤᠯᠤᠨ ᠠᠪᠴᠢᠷᠠᠵᠤ | ᠳᠡᠯᠭᠡᠷᠡᠭᠦᠯᠬᠦ ᠵᠢᠱᠢᠶ᠎ᠡ ᠦᠵᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠬᠡᠷᠡᠭᠲᠡᠢ︔ ᠨᠤᠲᠤᠭ | ᠪᠡᠯᠴᠢᠭᠡᠷ ᠤᠨ ᠰᠣᠳᠤᠯᠭᠠᠨ ᠤ ᠭᠠᠵᠠᠷ ᠤᠨ ᠰᠠᠭᠤᠷᠢᠨ ᠭᠠᠵᠠᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠠᠳᠠᠯᠢ | ᠪᠤᠰᠤ ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ ᠤᠨ ᠵᠠᠭᠪᠤᠷ ᠤᠨ ᠲᠡᠷᠢᠭᠦᠨ ᠤ ᠣᠶᠤᠨᠲᠤ ᠬᠦᠯᠡᠮᠵᠢ ᠶᠢ | ᠪᠠᠶᠢᠭᠤᠯᠵᠤ ᠵᠢᠱᠢᠶ᠎ᠡ ᠦᠵᠡᠭᠦᠯᠦᠨ᠎ᠡ︔ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ ᠵᠢᠯ ᠪᠦᠷᠢ | 20 ᠶᠢ ᠣᠷᠣᠭᠤᠯᠵᠤ ᠠᠪᠴᠢᠷᠠᠨ᠂ ᠵᠢᠱᠢᠶ᠎ᠡ ᠦᠵᠡᠭᠦᠯᠵᠦ ᠳᠡᠯᠭᠡᠷᠡᠭᠦᠯᠦᠨ᠎ᠡ︔ ᠢᠳᠡᠰᠢᠨ ᠨᠣᠭᠤᠭ᠎ᠠ ᠶᠢᠨ ᠠᠵᠤ | ᠦᠢᠯᠡᠰ ᠤᠨ ᠬᠥᠲᠥᠴᠢ ᠠᠵᠤ ᠠᠬᠤᠶᠢᠯᠠᠯ ᠢ 5᠂ ᠲᠠᠷᠢᠶᠠᠴᠢᠨ ᠤ ᠲᠤᠰᠬᠠᠢ ᠬᠤᠷᠰᠢᠶᠠᠵᠢᠯ ᠢ 20 ᠶᠢ ᠰᠢᠨ᠎ᠡ ᠪᠠᠷ | ᠪᠤᠶᠢᠵᠢᠭᠤᠯᠤᠨ᠎ᠠ︔ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠣᠯᠪᠠᠰᠤᠷᠠᠭᠤᠯᠤᠯ ᠢ 1000 | ᠬᠥᠮᠥᠨ ᠤᠳᠠᠭ᠎ᠠ ᠬᠢᠨ᠎ᠡ︔ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ︔ ᠴᠢᠨᠠᠷ ᠰᠠᠶᠢᠲᠠᠢ ᠪᠣᠬᠢᠷᠳᠤᠯ ᠦᠭᠡᠢ ᠢᠳᠡᠰᠢᠨ ᠨᠣᠭᠤᠭ᠎ᠠ ᠶᠢᠨ | ᠪᠦᠲᠦᠭᠡᠭᠳᠡᠬᠦᠨ ᠪᠠ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ ᠤᠬᠠᠭᠤᠯᠬᠤ ᠵᠡᠷᠭᠡ ᠴᠢᠬᠤᠯᠠ ᠠᠷᠭ᠎ᠠ | ᠬᠡᠮᠵᠢᠶ᠎ᠡ ᠶᠢ ᠳᠡᠮᠵᠢᠨ᠎ᠡ᠃ | ᠨᠠᠢᠮᠠᠳᠤᠭᠠᠷ ᠪᠦᠯᠦᠭ ᠨᠢ ᠣᠷᠴᠢᠨ ᠲᠣᠭᠤᠷᠢᠨ ᠤ ᠨᠥᠯᠥᠭᠡᠯᠡᠯ ᠤᠨ ᠬᠦᠴᠦᠨ ᠵᠦᠢᠯ ᠢ ᠵᠠᠳᠠᠯᠬᠤ᠃ ︽ᠠᠮᠢ | ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠤ ᠶᠣᠰᠣᠭᠠᠷ᠂ | ᠲᠦᠯᠦᠪᠵᠢᠭᠦᠯᠭᠡ ᠳᠤ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠳᠠᠷᠢᠬᠤ ᠳᠤ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ | ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠪᠡᠯᠡᠳᠭᠡᠮᠵᠢᠳᠤ ᠢᠳᠡᠰᠢᠨ ᠨᠣᠭᠤᠭ᠎ᠠ ᠳᠤ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠪᠠ ᠠᠦ᠋ᠲ᠋ᠤᠴᠢᠯᠠᠭᠰᠠᠨ ᠳᠤᠰᠤᠯᠭᠠᠨ ᠤᠰᠤᠯᠠᠬᠤ ᠬᠤᠭᠤᠯᠠᠢ ᠪᠠᠷ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠤᠰᠤ ᠠᠷᠪᠢᠯᠠᠬᠤ | ᠰᠢᠰᠲ᠋ᠧᠮᠵᠢ ᠶᠢ ᠪᠠᠶᠢᠭᠤᠯᠤᠨ᠎ᠠ᠃ ᠢᠳᠡᠰᠢᠨ ᠨᠣᠭᠤᠭ᠎ᠠ ᠶᠢᠨ ᠲᠠᠷᠢᠮᠠᠯ ᠤᠨ ᠲᠤᠰᠬᠠᠶᠢᠵᠢᠭᠰᠠᠨ ᠨᠢᠭᠡᠳᠦᠯᠲᠡᠢ | ᠰᠡᠷᠭᠡᠶᠢᠯᠡᠨ ᠨᠢᠭᠡᠳᠦᠯᠲᠡᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠣᠬᠢᠷᠳᠤᠯ ᠦᠭᠡᠢ ᠰᠡᠷᠭᠡᠶᠢᠯᠡᠨ | ᠡᠵᠡᠮᠳᠡᠬᠦ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠢᠳᠡᠰᠢᠨ ᠨᠣᠭᠤᠭ᠎ᠠ ᠶᠢᠨ ᠪᠣᠷᠳᠤᠭᠤᠷ ᠢ ᠪᠠᠭᠠᠰᠬᠠᠨ | ᠦᠷ᠎ᠡ ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠢᠳᠡᠰᠢᠨ ᠨᠣᠭᠤᠭ᠎ᠠ ᠳᠤ ᠪᠣᠷᠳᠤᠭᠤᠷ | ᠪᠠᠭ᠎ᠠ ᠣᠷᠤᠭᠤᠯᠤᠨ ᠳᠠᠷᠢᠬᠤ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠡᠰᠢ | ᠰᠦᠷᠡᠯ ᠳᠡᠭᠡᠷ᠎ᠡ ᠢᠳᠡᠰᠢᠨ ᠮᠥᠭᠦ ᠳᠠᠷᠢᠵᠤ ᠪᠤᠶᠢᠵᠢᠭᠤᠯᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ | ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠶᠢᠰᠦᠳᠦᠭᠡᠷ ᠪᠦᠯᠦᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠬᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠠᠬᠢᠭᠤᠯᠬᠤ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠴᠢᠩᠭᠠᠳᠬᠠᠬᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠵᠡᠷᠭᠡ ᠲᠠᠪᠤᠨ ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ | ᠬᠠᠷᠢᠯᠴᠠᠬᠤ ᠬᠥᠮᠥᠨ᠄ ᠭᠦᠸᠧ ᠰᠢᠦᠢ᠂ ᠬᠠᠷᠢᠯᠴᠠᠬᠤ ᠤᠲᠠᠰᠤ᠄ 0471-4369535 | | | | | | | | | | | | | | | | | | | | | | | | | | | | | | | | | |