ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹2022︺ 22 ᠳ᠋ᠤᠭᠠᠷ ᠲᠣᠭᠠᠲᠤ | 2022 ᠣᠨ ᠤ 5 ᠳ᠋ᠤᠭᠠᠷ ᠰᠠᠷ᠎ᠠ ᠶᠢᠨ 7 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ ᠄ | ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ | ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠬᠦᠴᠦᠲᠡᠢ ᠲᠦᠯᠬᠢᠨ ᠠᠬᠢᠭᠤᠯᠵᠤ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ | ᠴᠡᠷᠢᠭ ᠠᠷᠠᠳ ᠬᠠᠮᠳᠤᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠠᠤᠯᠢ︾ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠠᠤᠯᠢ﹀ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠬᠦᠯᠬᠦ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ | ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ | ᠲᠤᠬᠠᠶ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021︺ 79 ᠳ᠋ᠦ᠋ᠭᠡᠷ ᠲᠣᠭᠠᠲᠤ | ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ | ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠪᠠ | ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠤᠯᠤᠰ ᠤᠨ | ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ | ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠪᠠ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ | ᠡᠳ᠋ᠯᠡᠬᠦ ᠨᠡᠶᠢᠭᠡᠮ ᠤᠨ ᠵᠠᠰᠠᠯᠲᠠ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ︽ᠲᠥᠯᠥᠪᠵᠢᠭᠦᠯᠭᠡ ᠪᠠᠷ ᠬᠥᠲᠥᠯᠥᠨ | ᠵᠢᠯᠣᠭᠤᠳᠬᠤ᠂ ᠭᠤᠣᠯᠳᠠᠯᠭ᠎ᠠ ᠶᠢ ᠳᠣᠪᠤᠶᠢᠯᠭᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠯᠠᠪᠳᠠᠭᠤᠨ ᠢᠶᠠᠷ ᠠᠬᠢᠭᠤᠯᠬᠤ᠂ | ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠪᠣᠬᠢᠷᠲᠤᠯ ᠦᠭᠡᠶ ᠪᠠᠷ ᠬᠥᠭᠵᠢᠭᠦᠯᠬᠦ︾ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠠᠷᠴᠢᠮ ᠢ ᠪᠠᠷᠢᠮᠲᠠᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠨᠡᠶᠢᠭᠡᠮ | ᠠᠷᠠᠳ ᠤᠨ ᠠᠮᠢᠳᠤᠷᠠᠯ ᠳᠤ ᠦᠢᠯᠡᠴᠢᠯᠡᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ | ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ | ᠠᠰᠢᠭᠯᠠᠬᠤ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠲᠡᠢ ᠠᠬᠢᠭᠤᠯᠵᠤ᠂ ᠠᠷᠠᠳ ᠤᠨ ᠠᠮᠢᠳᠤᠷᠠᠯ ᠪᠠ | ᠲᠡᠶᠢᠨ ᠳᠤ ᠪᠡᠯᠡᠳᠬᠡᠬᠦ ᠶᠢ ᠬᠠᠮᠲᠤ ᠳᠤᠨᠢ ᠬᠠᠷᠠᠭᠠᠯᠵᠠᠬᠤ᠂ ᠡᠩ ᠤᠨ ᠦᠶ᠎ᠡ ᠪᠠ ᠲᠡᠶᠢᠨ ᠤ ᠦᠶ᠎ᠡ ᠶᠢ | ᠤᠶᠠᠯᠳᠤᠭᠤᠯᠤᠨ ᠬᠤᠶᠠᠷ ᠲᠠᠯ᠎ᠠ ᠶᠢᠨ ᠠᠰᠢᠭ ᠭᠥᠷᠳᠡᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠬᠤᠶᠠᠷ᠂ ᠭᠤᠣᠯ ᠬᠠᠷᠠᠯᠲᠠ | ︽ᠭᠤᠷᠪᠠᠨ ᠬᠤᠲᠠ︾ ᠶᠢ ᠴᠢᠷᠮᠠᠶᠢᠨ ᠡᠭᠦᠳᠦᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ | ᠴᠣᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠴᠠᠭᠠᠷᠢᠭ︾ ᠲᠤ ᠠᠭᠤᠰᠤᠯᠴᠠᠬᠤ ᠶᠢ ᠠᠬᠢᠭᠤᠯᠬᠤ᠂ ︽ | ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ︾ ᠢ ᠪᠤᠶᠢᠵᠢᠭᠤᠯᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ | ᠣᠷᠣᠨ ᠪᠦᠰᠡ ᠶᠢᠨ ᠭᠤᠣᠯ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠱᠠᠭᠠᠷᠳᠠᠯᠭ᠎ᠠ | ᠶᠣᠰᠣᠭᠠᠷ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ | ᠵᠠᠪᠳᠤᠨ ᠠᠳᠬᠤᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠵᠤ᠂ ᠬᠤᠲᠠ ᠶᠢᠨ | ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠪᠠᠷ ᠭᠠᠷᠳᠠᠬᠤ ᠴᠡᠭ ᠪᠣᠯᠭᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠨᠢᠭᠡ ᠪᠦᠯᠦᠭ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ | ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ | ᠡᠷᠭᠢᠨ ᠲᠣᠭᠤᠷᠢᠨ ᠤ ᠲᠡᠷᠭᠡ ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ | ᠬᠠᠷᠢᠯᠴᠠᠭᠠᠨ ᠤ ᠲᠦᠭᠵᠢᠷᠡᠯ᠂ ᠬᠦᠮᠦᠨ ᠬᠠᠷ᠎ᠠ ᠳᠠᠯᠳᠠᠯᠠᠬᠤ ᠪᠠᠷᠢᠯᠭ᠎ᠠ ᠶᠢᠨ ᠬᠤᠪᠢ ᠶᠢᠨ ᠵᠢᠩ ᠨᠡᠯᠢᠶᠡᠳ ᠳᠣᠣᠷ᠎ᠠ | ᠪᠠᠶᠢᠬᠤ᠂ ᠡᠮᠴᠢᠯᠡᠭᠡ ᠶᠢᠨ ᠠᠪᠤᠷᠠᠨ ᠲᠤᠰᠠᠯᠠᠬᠤ ᠪᠠᠷᠢᠯᠭ᠎ᠠ ᠳᠤᠲᠠᠭᠳᠠᠵᠤ ᠪᠠᠶᠢᠭ᠎ᠠ ᠵᠡᠷᠭᠡ ᠲᠣᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠭᠠᠵᠠᠷ ᠳᠣᠤᠷᠠᠬᠢ ᠣᠷᠣᠨ | ᠵᠠᠶ ᠶᠢ ᠬᠠᠮᠲᠤ ᠳᠤᠨᠢ ᠬᠠᠷᠠᠭᠠᠯᠵᠠᠬᠤ ᠶᠢ ᠪᠡᠶᠡᠯᠡᠭᠦᠯᠵᠦ᠂ ᠰᠡᠷᠭᠡᠶᠢᠯᠡᠯᠲᠡ ᠪᠠᠶᠢᠷᠢᠯᠠᠭᠤᠯᠬᠤ ᠪᠠᠷᠢᠯᠭ᠎ᠠ ᠨᠢ ᠲᠡᠶᠢᠨ ᠤ | ᠦᠶ᠎ᠡ ᠶᠢᠨ ᠴᠢᠳᠠᠮᠵᠢ ᠶᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠯᠦᠭᠡ ᠬᠠᠷᠢᠯᠴᠠᠨ | ᠤᠶᠠᠯᠳᠤᠭᠤᠯᠬᠤ ᠶᠢ ᠪᠠᠲᠤᠯᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ | ᠲᠥᠯᠥᠪᠯᠡᠭᠡ ᠶᠢ ᠰᠠᠶᠢᠲᠤᠷ ᠠᠳᠬᠤᠨ᠎ᠠ᠃ ︽ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠶᠢᠭᠤᠯᠬᠤ ᠪᠠᠷ ᠪᠠᠶᠢᠭ᠎ᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠳᠤ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠵᠤ᠂ ᠣᠨᠳᠣᠤ ᠭᠠᠵᠠᠷ ᠲᠤ | ᠪᠥᠲᠥᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠤᠲᠠ ᠶᠢᠨ ᠪᠥᠲᠥᠭᠡᠨ | ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ | ᠨᠡᠶᠢᠲᠡ ᠶᠢᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠬᠤ ᠶᠢ ᠭᠤᠤᠯᠳᠠᠯᠭ᠎ᠠ ᠲᠠᠢ | ᠬᠥᠲᠥᠯᠦᠨ ᠵᠢᠯᠣᠭᠤᠳᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠤᠯᠪᠤᠯᠳᠤᠨ | ᠨᠡᠪᠲᠡᠷᠡᠯᠴᠡᠬᠦ᠂ ᠭᠤᠤᠯᠳᠠᠯᠭ᠎ᠠ ᠲᠠᠢ ᠣᠷᠣᠨ ᠪᠦᠰᠡ ᠶᠢᠨ ᠲᠠᠷᠬᠠᠭᠠᠨ ᠳᠠᠯᠳᠠᠯᠠᠬᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠡᠷᠭᠡ ᠳᠤᠲᠠᠭᠤᠳᠠᠯ ᠢ | ᠨᠥᠬᠦᠪᠦᠷᠢᠯᠡᠬᠦ ᠪᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠠᠬᠢᠭᠤᠯᠬᠤ ᠬᠡᠷᠡᠭᠲᠡᠢ᠃ ︵ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠰᠤᠷᠭᠠᠨ | ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠥᠷᠪᠡᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ | ᠢᠷᠡᠯᠲᠡ ᠶᠢ ᠪᠠᠲᠤᠯᠠᠨ᠎ᠠ᠃ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠲᠤᠰ | ᠵᠠᠰᠠᠭ ᠵᠠᠬᠢᠷᠭᠠᠨ ᠤ ᠲᠣᠭᠤᠷᠢᠭ ᠤᠨ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ | ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠠᠷᠢᠭᠤᠴᠯᠠᠭ᠎ᠠ ᠶᠢᠨ ᠭᠤᠣᠯ ᠴᠣᠭᠴᠠ ᠪᠣᠯᠣᠨ᠎ᠠ᠂ | ᠬᠤᠳᠠ ᠶᠢᠨ ᠡᠪᠳᠡᠯᠡᠭᠡ ᠶᠢ ᠳᠠᠭᠠᠭᠠᠬᠤ ᠶᠡᠷᠦᠩᠬᠡᠶ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠳᠠ ᠶᠢᠨ ᠴᠢᠳᠠᠮᠵᠢ ᠶᠢ | ᠲᠡᠭᠦᠯᠳᠡᠷᠵᠢᠭᠦᠯᠬᠦ ᠲᠠᠯ᠎ᠠ ᠠᠴᠠ ᠪᠣᠳᠣᠯᠬᠢᠯᠠᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠥᠨᠳᠥᠷ ᠪᠦᠲᠦᠮᠵᠢᠲᠡᠶ | ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠳᠠᠯᠢ ᠱᠠᠲᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ | ᠵᠠᠷᠤᠳᠠᠯ ᠤᠨ ᠲᠥᠰᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠣᠨᠳᠣᠣ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠯᠭ᠎ᠠ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ ᠪᠠᠲᠤᠯᠠᠬᠤ ᠬᠡᠷᠡᠭᠲᠡᠶ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠲᠦᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ︶ | ︵ᠭᠤᠷᠪᠠ︶ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠡᠷᠢᠭᠦᠨ ᠤ ᠤᠨᠤᠯᠵᠢᠬᠤᠨ | ᠪᠣᠯᠤᠨ ᠰᠢᠨ᠎ᠡ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠠᠪᠴᠢᠷᠠᠵᠤ᠂ ᠰᠢᠩᠭᠡᠭᠡᠨ ᠠᠪᠴᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠠᠶᠢᠨ ᠤ ᠦᠶ᠎ᠡ ᠶᠢᠨ ᠴᠢᠳᠠᠮᠵᠢ᠂ ᠰᠡᠷᠭᠡᠶᠢᠯᠡᠨ ᠬᠠᠮᠠᠭᠠᠯᠠᠬᠤ ᠲᠡᠰ᠂ | ᠡᠩ ᠤᠨ ᠦᠶ᠎ᠡ ᠪᠠ ᠲᠠᠶᠢᠨ ᠤ ᠦᠶ᠎ᠡ ᠶᠢᠨ ᠰᠣᠯᠢᠭᠳᠠᠯ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ | ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ᠂ ᠠᠶᠤᠯ ᠥᠭᠡᠢ ᠶᠢᠨ ᠬᠢᠨᠠᠯᠲᠠ | ᠬᠠᠮᠢᠶᠠᠷᠤᠯᠲᠠ ᠶᠢᠨ ᠵᠠᠭᠪᠤᠷ ᠬᠢᠭᠡᠳ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠪᠠ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ | ︵ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠣᠷᠣᠯᠠᠨ ᠪᠠᠶᠢᠭᠤᠯᠬᠤ ᠨᠢᠭᠡᠴᠡ ᠠᠴᠠ | ᠬᠠᠷᠢᠭᠤᠴᠠᠨ᠎ᠠ︶ | ︵ᠲᠥᠷᠪᠡ︶ ᠪᠥᠳᠥᠭᠡᠨ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠥᠳᠥᠭᠡᠨ ᠪᠠᠶᠢᠭᠤᠯᠬᠤ ᠳᠡᠰ | ᠳᠠᠷᠠᠭᠠᠯᠠᠯ ᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠳᠤ ᠣᠷᠣᠯᠠᠨ ᠪᠠᠶᠢᠭᠤᠯᠬᠤ ᠲᠥᠷᠥᠯ ᠵᠦᠢᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠮᠢᠶᠠᠷᠴᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ | ᠪᠣᠭᠤᠮᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠥᠬᠦ ᠶᠠᠪᠤᠴᠠ ᠶᠢᠨ ᠲᠠᠰ ᠳᠠᠷᠠᠭᠠᠯᠠᠯ ᠨᠢ ᠵᠢᠷᠤᠮᠵᠢᠭᠤᠨ᠂ ᠶᠠᠰᠤ ᠴᠢᠨᠠᠷ ᠨᠢ ᠡᠵᠡᠮᠳᠡᠵᠦ ᠪᠣᠯᠬᠤ᠂ | ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠨᠢᠭᠤᠴᠠ ᠳᠤ | ᠬᠤᠯᠪᠣᠭᠳᠠᠭᠰᠠᠨ ᠠᠴᠠ ᠪᠣᠯᠵᠣ ᠢᠯᠡ ᠪᠠᠷ ᠳᠠᠭᠠᠭᠠᠴᠢᠯᠠᠯᠲᠠ ᠵᠠᠷᠯᠠᠬᠤ ᠳᠤ ᠳᠣᠭᠢᠷᠠᠬᠤ ᠥᠬᠡᠶ ᠪᠠᠷᠢᠯᠭ᠎ᠠ ᠶᠢᠨ | ᠲᠥᠷᠥᠯ ᠵᠦᠢᠯ ᠳᠤ ᠪᠣᠯ᠂ ᠳᠠᠭᠠᠭᠠᠴᠢᠯᠠᠨ ᠪᠠᠶᠢᠭᠤᠯᠬᠤ ᠨᠢᠭᠡᠴᠡ ᠠᠴᠠ ᠬᠠᠷᠢᠭᠤᠴᠠᠵᠤ ᠪᠠᠶᠢᠭᠠᠳ ᠤᠷᠢᠵᠤ | ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠶᠢ ᠲᠤᠭᠲᠠᠭᠠᠵᠤ᠂ ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ ᠬᠠᠶᠢᠨ ᠪᠠᠶᠢᠴᠠᠭᠠᠬᠤ | ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠵᠡᠷᠭᠡ ᠪᠥᠬᠦ ᠶᠠᠪᠤᠴᠠ ᠶᠢ | ᠪᠡᠶᠡᠯᠡᠭᠦᠯᠬᠦ ᠬᠡᠷᠡᠭᠲᠡᠶ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠣᠪᠴᠢᠶ᠎ᠠ᠂ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠳᠥᠷᠪᠡᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠲᠠᠪᠤ︶ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ︽ᠬᠡᠨ ᠬᠡᠷᠡᠭᠯᠡᠪᠡᠯ ᠲᠡᠷᠡ ᠬᠠᠮᠠᠭᠠᠯᠠᠬᠤ︾ ᠵᠠᠷᠴᠢᠮ ᠶᠣᠰᠣᠭᠠᠷ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠡᠳᠦᠷ ᠲᠤᠳᠤᠮ ᠤᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢ | ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠡᠯᠡᠳᠬᠡᠮᠵᠢ ᠶᠢ ᠬᠡᠷᠡᠭᠯᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠬᠦ ᠶᠢ ᠰᠢᠮᠳᠠᠭᠤᠯᠬᠤ | ᠬᠡᠷᠡᠭᠲᠡᠶ᠃ ᠥᠪᠡᠷ ᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠲᠦᠷᠢᠶᠡᠰᠦᠯᠡᠭᠦᠯᠬᠦ ᠵᠠᠷᠴᠢᠮ᠂ ᠬᠢᠨᠠᠨ ᠵᠥᠪᠰᠢᠶᠡᠷᠡᠬᠦ ᠡᠷᠬᠡ ᠮᠡᠳᠡᠯ᠂ ᠲᠦᠷᠢᠶᠡᠰᠦᠯᠡᠭᠦᠯᠬᠦ ᠲᠠᠰ ᠳᠠᠷᠠᠭᠠᠯᠠᠯ᠂ ᠰᠠᠭᠤᠷᠢ | ᠦᠨ᠎ᠡ ᠶᠢ ᠲᠣᠭᠲᠠᠭᠠᠬᠤ᠂ ᠲᠦᠷᠢᠶᠡᠰᠦᠨ ᠮᠥᠩᠭᠦ ᠶᠢᠨ ᠣᠷᠣᠯᠭ᠎ᠠ ᠶᠢᠨ ᠬᠠᠮᠢᠶᠠᠷᠤᠯᠲᠠ ᠵᠡᠷᠭᠡ ᠳᠤ ︽ | ᠬᠥᠬᠡᠬᠤᠲᠠ ᠶᠢᠨ ᠰᠢᠭᠤᠳ ᠬᠠᠷᠢᠶ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠦᠷᠢᠶᠡᠰᠦᠯᠡᠭᠦᠯᠬᠦ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠡᠯᠡ | ᠣᠷᠣᠭᠤᠯᠵᠤ ᠡᠵᠡᠩᠨᠡᠬᠦ ᠲᠣᠭᠲᠠᠴᠠ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢᠨ | ᠲᠤᠰᠠᠭᠠᠷ ᠪᠡᠯᠡ ᠣᠷᠣᠭᠤᠯᠬᠤ᠂ ᠪᠡᠯᠡ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠪᠠ ᠰᠡᠷᠭᠡᠶᠢᠯᠡᠯᠲᠡ ᠪᠠᠶᠢᠷᠢᠯᠠᠭᠤᠯᠬᠤ ᠶᠢ ᠬᠠᠮᠲᠤ ᠳᠤᠨᠢ ᠬᠠᠷᠠᠭᠠᠯᠵᠠᠬᠤ ᠪᠠᠷᠢᠯᠭ᠎ᠠ ᠶᠢᠨ | ᠪᠥᠳᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠲᠥᠷᠥᠯ ᠵᠦᠢᠯ ᠲᠣᠭᠲᠠᠭᠠᠬᠤ᠂ | ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠳᠥᠭᠦᠮᠴᠢᠯᠡᠨ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ᠃ ︵ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠲᠦᠷᠪᠡᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ | ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠳᠤᠳᠬᠠᠨ ᠰᠠᠶᠢᠳᠤᠷ ᠬᠢᠬᠦ ᠬᠡᠷᠡᠭᠲᠡᠢ᠃ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠬᠤ ᠶᠢ ᠬᠦᠴᠦᠲᠡᠢ ᠳᠡᠮᠵᠢᠬᠦ ᠬᠡᠷᠡᠭᠲᠡᠢ︔ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠶᠢᠨ ᠬᠡᠪᠴᠢᠶᠡᠨ ᠳᠤ ᠬᠠᠤᠯᠢ ᠲᠣᠭᠲᠠᠭᠠᠯ | ᠶᠣᠰᠣᠭᠠᠷ ᠣᠷᠣᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢᠨ | ᠭᠤᠤᠯ ᠠᠭᠤᠯᠭ᠎ᠠ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ ᠨᠠᠷᠢᠨ ᠲᠥᠯᠥᠪᠵᠢᠭᠦᠯᠭᠡ ᠳᠤ ᠴᠠᠭ | ᠲᠤᠬᠠᠢ ᠳᠤᠨᠢ ᠣᠷᠣᠭᠤᠯᠬᠤ ᠬᠡᠷᠡᠭᠲᠡᠢ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠪᠡᠯᠡ ᠣᠷᠤᠭᠤᠯᠤᠭᠰᠠᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠳᠤ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠶᠢᠨ ᠲᠡᠷᠭᠡ ᠵᠣᠭᠰᠣᠭᠠᠬᠤ ᠪᠡᠯᠡᠳᠬᠡᠮᠵᠢ ᠪᠠᠷ | ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︔ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠤᠲᠠ ᠶᠢᠨ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭᠤᠯᠤᠭᠰᠠᠨ | ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠲᠠᠢ ᠤᠶᠠᠯᠳᠤᠭᠤᠯᠤᠨ ᠢᠳᠡᠪᠬᠢᠲᠡᠶ ᠬᠠᠮᠵᠢᠯᠴᠠᠨ ᠠᠬᠢᠭᠤᠯᠬᠤ ᠬᠡᠷᠡᠭᠲᠡᠶ᠃ | ︵ᠬᠤᠶᠠᠷ︶ ᠠᠵᠢᠯ ᠢ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠬᠤᠳᠠ ᠶᠢᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠠᠴᠠ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠶᠢ ᠴᠢᠩᠭᠠᠳᠬᠠᠵᠤ᠂ | ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ | ᠵᠥᠪᠰᠢᠶᠡᠷᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠨᠡᠬᠦ ᠠᠵᠢᠯ ᠢ ᠰᠢᠨ᠎ᠡ ᠶᠢ | ᠡᠭᠦᠳᠬᠦ ᠴᠢᠨᠠᠷᠲᠠᠶ ᠠᠵᠢᠯ ᠪᠣᠯᠭᠠᠨ ᠰᠠᠶᠢᠲᠤᠷ ᠠᠳᠬᠤᠵᠤ ᠪᠣᠳᠠᠲᠠᠶ ᠠᠳᠬᠤᠵᠤ᠂ ᠭᠤᠣᠯ ᠤᠳᠤᠷᠢᠳᠤᠯᠭ᠎ᠠ ᠨᠠᠷ | ᠪᠡᠶ᠎ᠡ ᠪᠠᠷ ᠢᠶᠠᠨ ᠲᠥᠯᠥᠪᠯᠡᠨ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠣᠯᠤᠨ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠥᠯᠬᠢᠨ ᠠᠬᠢᠭᠤᠯᠬᠤ ᠬᠡᠷᠡᠭᠲᠡᠶ᠃ | ᠰᠠᠨᠠᠭᠠᠴᠢᠯᠠᠭ᠎ᠠ ᠠᠴᠠ ᠪᠠᠨ ᠠᠳᠠᠯᠢ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠴᠡᠷᠢᠭ ᠤᠨ | ᠶᠠᠪᠤᠳᠠᠯ ᠤᠨ ᠰᠠᠯᠠᠭ᠎ᠠ ᠮᠥᠴᠢᠷ ᠲᠤ ᠬᠠᠷᠢᠭᠤ ᠮᠡᠳᠡᠭᠦᠯᠵᠦ᠂ ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠬᠤ | ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠨ ᠬᠢᠨ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠬᠤᠲᠠ ᠶᠢᠨ | ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠦᠨ | ᠬᠥᠭᠵᠢᠭᠦᠯᠦᠭᠰᠡᠨ ᠦᠷ᠎ᠡ ᠪᠦᠲᠦᠮᠵᠢ ᠪᠠᠷ ᠢᠯᠡᠳᠲᠡ ᠲᠥᠷᠥᠯ ᠵᠦᠢᠯ ᠢ ᠶᠡᠬᠡᠪᠡᠷ ᠤᠬᠠᠭᠤᠯᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠰᠤᠷᠭᠠᠭᠤᠯᠢ ᠪᠠ | ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠤᠷᠠᠬᠢ | ᠣᠷᠣᠨ ᠵᠠᠶ ᠶᠢ ᠨᠡᠭᠡᠭᠡᠨ ᠬᠥᠭᠵᠢᠭᠦᠯᠵᠦ ᠠᠭᠤᠰᠤᠯᠴᠠᠭᠤᠯᠤᠨ ᠬᠦᠭᠵᠢᠬᠦᠯᠦᠭᠰᠡᠨ ᠳᠡᠯᠭᠡᠷᠡᠭᠦᠯᠵᠦ ᠪᠣᠯᠬᠤ᠂ | ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠪᠦᠷᠢᠯᠳᠦᠭᠦᠯᠬᠦ ᠬᠡᠷᠡᠭᠲᠡᠢ᠃ | | | | | | | | | | | | | | | | | | | | | | | | | | | | | | | | | | | |