ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠪᠡᠶ᠎ᠡ ᠶᠢᠨ ᠲᠠᠮᠢᠷ ᠤᠨ ᠠᠵᠢᠯ ᠪᠣᠯ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠬᠥᠮᠥᠨ ᠤ | ᠪᠦᠬᠦ ᠲᠠᠯ᠎ᠠ ᠶᠢᠨ ᠬᠥᠭᠵᠢᠯᠲᠡ ᠲᠠᠢ ᠬᠤᠯᠪᠣᠭᠳᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠴᠢᠬᠤᠯᠠ ᠰᠠᠭᠤᠷᠢ | ᠮᠥᠨ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ | ᠪᠠᠶᠢᠯᠳᠤᠬᠤ ᠪᠣᠳᠣᠯᠭ᠎ᠠ ᠪᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ᠶᠢ | ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ︾᠂ ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ | ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾᠂ ︽ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 — 2025 ᠣᠨ︶︾ ᠶᠢᠨ | ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠡᠷᠦᠩᠬᠡᠢ ᠲᠣᠬᠢᠷᠠᠭᠤᠯᠤᠯᠲᠠ | ᠶᠣᠰᠣᠭᠠᠷ ᠨᠠᠶᠢᠷᠠᠭᠤᠯᠤᠨ ᠵᠣᠭᠢᠶᠠᠪᠠ᠃ | ᠭᠤᠷᠪᠠ᠂ ᠭᠤᠣᠯ ᠠᠭᠤᠯᠭ᠎ᠠ | ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠳᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ | ᠴᠢᠬᠤᠯᠠ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ | 1. ᠬᠥᠭᠵᠢᠯᠲᠡ ᠶᠢᠨ ᠭᠤᠣᠯ ᠬᠠᠷᠠᠯᠲᠠ ᠶᠢ ᠳᠤᠷᠠᠳᠴᠤ᠂ ᠬᠡᠮᠵᠢᠶᠡᠵᠢᠭᠦᠯᠦᠭᠰᠡᠨ ᠬᠦᠢᠴᠡᠳᠭᠡᠯ ᠲᠤᠭ᠎ᠠ ᠶᠢ | ᠲᠣᠳᠤᠷᠬᠠᠶᠢᠯᠠᠪᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ︽ᠬᠥᠬᠡᠬᠤᠲᠠ ᠶᠢᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠲᠠᠢ ᠬᠠᠷᠭᠤᠭᠤᠯᠤᠨ᠂ | ᠬᠥᠭᠵᠢᠯᠲᠡ ᠶᠢᠨ ᠪᠣᠳᠠᠲᠤ ᠪᠠᠶᠢᠳᠠᠯ ᠪᠠ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ ᠵᠢᠴᠢ ᠪᠡᠯᠡᠳᠬᠡᠯ ᠴᠢᠳᠠᠪᠤᠷᠢᠲᠠᠨ᠂ | ᠠᠵᠤ ᠦᠢᠯᠡᠰ ᠤᠨ ᠬᠥᠭᠵᠢᠯᠲᠡ ᠪᠠ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠵᠡᠷᠭᠡ ᠳᠥᠷᠪᠡᠨ ᠲᠠᠯ᠎ᠠ ᠶᠢᠨ | ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠃ ᠭᠤᠣᠯ ᠬᠠᠷᠠᠯᠲᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ | ᠪᠠ ᠬᠢᠨᠠᠨ ᠰᠢᠯᠭᠠᠬᠤ ᠳᠤ ᠲᠦᠭᠦᠮ ᠪᠣᠯᠭᠠᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ ᠪᠠᠷ ᠲᠥᠰᠥᠭᠡᠯᠡᠨ | ᠪᠤᠳᠤᠬᠤ ᠪᠠᠷ ᠲᠠᠮᠵᠢᠨ᠂ 21 ᠵᠦᠢᠯ ᠤᠨ ᠪᠣᠳᠠᠲᠠᠢ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢ | ᠲᠣᠳᠣᠷᠬᠠᠶᠢᠯᠠᠵᠤ᠂ ᠴᠦᠮ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠯ ᠲᠤᠭ᠎ᠠ ᠶᠢᠨ ᠬᠡᠮᠵᠢᠭᠳᠡᠯ ᠲᠠᠢ ᠲᠡᠩᠴᠡᠭᠦᠦ | ᠪᠤᠶᠤ ᠲᠡᠭᠦᠨ ᠠᠴᠠ ᠥᠨᠳᠥᠷ᠃ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠳᠤ ᠬᠥᠮᠥᠨ ᠳᠤᠮᠳᠠᠴᠢ ᠶᠢᠨ ᠪᠡᠶ᠎ᠡ ᠶᠢᠨ | ᠲᠠᠮᠢᠷ ᠤᠨ ᠲᠠᠯᠠᠪᠤᠷ ᠭᠠᠵᠠᠷ ᠤᠨ ᠲᠠᠯᠠᠪᠠᠶ ᠶᠢ 2. 6 ᠲᠡᠭᠰᠢ ᠳᠥᠷᠪᠡᠯᠵᠢᠨ ᠮᠧᠳ᠋ᠷ ᠲᠤ ᠬᠦᠷᠦᠭᠦᠯᠵᠦ᠂ ᠪᠡᠶ᠎ᠡ ᠶᠢᠨ | ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 39% ᠳᠤ ᠬᠦᠷᠦᠭᠦᠯᠵᠦ | ᠂ 2022 ᠣᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠳᠤ ᠠᠯᠲᠠᠨ ᠮᠧᠳᠠᠯ᠂ ᠱᠠᠩᠨᠠᠯ ᠤᠨ ᠮᠧᠳᠠᠯ ᠣᠯᠬᠤ ᠪᠠᠷ ᠴᠢᠷᠮᠠᠶᠢᠵᠤ᠂ ᠬᠠᠮᠲᠤ ᠨᠢᠭᠡᠴᠡ ᠶᠢᠨ ᠶᠡᠷᠦᠩᠬᠡᠢ | ᠬᠤᠪᠢ ᠪᠠᠷ ᠡᠮᠦᠨ᠎ᠡ ᠭᠤᠷᠪᠠ ᠳᠤ ᠣᠷᠣᠵᠤ᠂ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠶᠡᠷᠦᠩᠬᠡᠶᠢᠯᠡᠭᠰᠡᠨ ᠴᠣᠭᠴᠠ ᠶᠢ 1 ᠬᠦᠭᠵᠢᠬᠦᠯᠬᠦ ᠵᠡᠷᠭᠡ ᠪᠠᠭᠲᠠᠨ᠎ᠠ᠃ | 2. ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ︽ᠲᠥᠯᠦᠪᠵᠢᠭᠦᠯᠭᠡ︾ ᠨᠢ ᠪᠢᠳᠡᠨ ᠳᠤ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠵᠢᠷᠤᠭ ᠲᠥᠰᠥᠪ ᠢ ᠦᠵᠡᠭᠦᠯᠪᠡ᠂ | ᠲᠤᠬᠠᠶᠢᠯᠠᠪᠠᠯ ᠡᠬᠢ ᠪᠠᠶᠠᠯᠢᠭ ᠤᠨ ᠲᠠᠷᠬᠠᠯᠲᠠ ᠨᠠᠩ ᠲᠡᠩᠴᠡᠭᠦᠷᠢᠲᠡᠢ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠨᠠᠩ | ᠳᠥᠭᠦᠮ ᠳᠥᠲᠡ᠂ ᠤᠷᠤᠯᠳᠤᠭᠠᠨ ᠤ ᠠᠵᠢᠯᠯᠠᠭ᠎ᠠ ᠨᠠᠩ ᠪᠠᠶᠠᠯᠢᠭ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ | ᠨᠠᠩ ᠪᠦᠷᠢᠨ ᠲᠡᠭᠦᠯᠳᠡᠷ᠂ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠨᠠᠩ ᠰᠢᠨᠵᠢᠯᠡᠬᠦ ᠤᠬᠠᠭᠠᠨᠴᠢ᠂ ᠣᠯᠠᠨ | ᠲᠦᠮᠡᠨ ᠤ ᠣᠷᠤᠯᠴᠠᠯᠭ᠎ᠠ ᠨᠠᠩ ᠥᠷᠭᠡᠨ ᠳᠡᠯᠭᠡᠷ ᠪᠣᠯᠣᠨ᠎ᠠ᠃ | ︽ᠲᠥᠯᠦᠪᠵᠢᠭᠦᠯᠭᠡ︾ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠳᠤᠲᠠᠭᠤᠳᠠᠯ ᠢ ᠨᠥᠬᠦᠪᠦᠷᠢᠯᠡᠬᠦ | ᠠᠵᠢᠯ ᠤᠨ ᠲᠣᠭᠤᠷᠢᠨ ᠳᠤ᠂ 10 ᠭᠤᠣᠯᠳᠠᠯᠭ᠎ᠠ ᠲᠠᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ | ᠢᠨᠵᠧᠨᠧᠷᠢᠩ ᠢ ᠳᠤᠷᠠᠳᠤᠨ ᠭᠠᠷᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠭᠦᠢᠴᠡᠳ ᠪᠤᠰᠤ ᠪᠠ ᠲᠡᠩᠴᠡᠭᠦᠷᠢ ᠦᠭᠡᠢ ᠠᠰᠠᠭᠤᠳᠠᠯ ᠢ ᠰᠢᠢᠳᠪᠦᠷᠢᠯᠡᠨ᠎ᠡ᠃ | ᠡᠭᠦᠨ ᠳᠤ 10 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠠᠪᠠᠭᠰᠠᠨ 4 ᠪᠡᠶ᠎ᠡ ᠶᠢᠨ ᠲᠠᠮᠢᠷ ᠤᠨ ᠴᠡᠴᠡᠷᠯᠢᠭ ᠢ | ᠪᠦᠲᠦᠭᠡᠨ ᠪᠠᠶᠢᠭᠤᠯᠬᠤ᠂ 500 ᠺᠢᠯᠣᠮᠧᠳ᠋ᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ | ᠨᠡᠮᠡᠭᠳᠡᠭᠦᠯᠬᠦ᠂ 5 ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠢᠨ᠎ᠡ ᠪᠠᠷ ᠪᠠᠶᠢᠭᠤᠯᠬᠤ ᠵᠡᠷᠭᠡ ᠪᠠᠭᠲᠠᠨ᠎ᠠ᠃ | ︽ᠲᠥᠯᠦᠪᠵᠢᠭᠦᠯᠭᠡ︾ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠬᠥᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠬᠥᠬᠡᠬᠤᠲᠠ ᠶᠢᠨ ᠮᠠᠷᠠᠽᠤᠨ᠂ ᠬᠥᠬᠡᠬᠤᠲᠠ ᠶᠢᠨ ᠮᠥᠰᠥ | ᠴᠠᠰᠤᠨ ᠤ ᠤᠯᠠᠷᠢᠯ ᠵᠡᠷᠭᠡ ᠲᠠᠪᠤᠨ ᠵᠦᠢᠯ ᠤᠨ ᠰᠣᠳᠣᠨ ᠤᠷᠤᠯᠳᠤᠭᠠᠨ ᠤ ᠠᠵᠢᠯᠯᠠᠭ᠎ᠠ ᠪᠠ ᠶᠢᠰᠦᠨ ᠬᠤᠰᠢᠭᠤ | ᠰᠢᠶᠠᠨ ᠲᠣᠭᠤᠷᠢᠭ ᠤᠨ ᠲᠥᠷᠥᠯ ᠲᠡᠮᠳᠡᠭᠲᠦ ᠠᠵᠢᠯᠯᠠᠭ᠎ᠠ ᠶᠢ ᠬᠥᠭᠵᠢᠭᠦᠯᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠯᠲᠡ ᠶᠢ ᠠᠬᠢᠭᠤᠯᠤᠨ᠎ᠠ᠃ | 3. ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠠᠬᠢᠭᠤᠯᠤᠨ᠎ᠠ | ᠰᠤᠷᠭᠠᠭᠤᠯᠢ ᠪᠣᠯ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠤᠣᠯ ᠵᠢᠭᠰᠠᠭᠠᠯ ᠤᠨ ᠭᠠᠵᠠᠷ ᠮᠥᠨ᠂ | ᠪᠡᠶ᠎ᠡ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ | ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠪᠣᠯ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠬᠥᠭᠵᠢᠯᠲᠡ ᠶᠢᠨ ᠭᠤᠣᠯ ᠬᠠᠷᠠᠯᠲᠠ ᠮᠦᠨ᠃ ︽ᠲᠥᠯᠦᠪᠵᠢᠭᠦᠯᠭᠡ︾ ᠨᠢ ᠰᠤᠷᠭᠠᠨ ᠬᠥᠮᠦᠵᠢᠯ ᠵᠡᠷᠭᠡ ᠰᠠᠯᠠᠭ᠎ᠠ | ᠮᠥᠴᠢᠷ ᠲᠠᠢ ᠵᠥᠪᠳᠡᠯᠴᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ︔ ᠵᠠᠯᠠᠭᠤᠴᠤᠳ ᠪᠠᠭᠠᠴᠤᠳ ᠢ | ᠬᠠᠪᠰᠤᠷᠴᠤ ᠨᠠᠭᠠᠲᠤ ᠵᠠᠬ᠎ᠠ ᠳᠠᠭᠠᠨ ᠨᠢᠭᠡ ᠠᠴᠠ ᠬᠤᠶᠠᠷ ᠵᠦᠢᠯ ᠤᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠶᠢ | ᠡᠵᠡᠮᠰᠢᠭᠦᠯᠬᠦ︔ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠪᠣᠯᠪᠠᠰᠤᠷᠠᠯ ᠤᠨ ᠰᠢᠰᠲ᠋ᠧᠮᠵᠢ ᠶᠢ | ᠲᠡᠭᠦᠯᠳᠡᠷᠵᠢᠬᠦᠯᠬᠦ︔ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | 4. ᠲᠥᠷᠥᠯ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ | ᠪᠣᠳᠠᠲᠤ ᠬᠦᠴᠦᠨ ᠢ ᠴᠢᠩᠭᠠᠳᠬᠠᠨ᠎ᠠ | ︽ᠲᠥᠯᠦᠪᠵᠢᠭᠦᠯᠭᠡ︾ ᠳᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ | ᠂ ᠣᠷᠣᠨ ᠪᠦᠰᠡ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠲᠤᠰᠬᠠᠢ | ᠮᠡᠷᠭᠡᠵᠢᠯ ᠤᠨ ᠠᠩᠭᠢ ᠲᠠᠢ ᠰᠢᠨᠵᠢᠯᠡᠬᠦ ᠤᠬᠠᠭᠠᠨᠴᠢ ᠪᠠᠷ ᠮᠠᠲ᠋ᠧᠷᠢᠶᠠᠯ ᠰᠣᠩᠭᠤᠬᠤ᠂ ᠡᠮᠨᠡᠯᠭᠡ ᠶᠢᠨ ᠠᠵᠢᠯ ᠳᠤ | ᠬᠢᠨᠠᠯᠲᠠ ᠲᠠᠯᠪᠢᠬᠤ᠂ ᠲᠠᠯᠠᠪᠤᠷ ᠣᠷᠳᠣᠨ ᠪᠡᠯᠡᠳᠬᠡᠮᠵᠢ᠂ ᠰᠢᠯᠢᠳᠡᠭ ᠰᠤᠷᠭᠠᠭᠴᠢ ᠵᠡᠷᠭᠡ ᠡᠬᠢ ᠪᠠᠶᠠᠯᠢᠭ ᠢ ᠬᠠᠮᠲᠤᠪᠠᠷ | ᠡᠳ᠋ᠯᠡᠵᠦ᠂ ᠫᠤᠤᠳᠠᠯᠭ᠎ᠠ᠂ ᠨᠢᠳᠤᠷᠭᠠᠨ ᠲᠡᠮᠡᠴᠡᠭᠡᠨ᠂ ᠪᠥᠬᠡ ᠪᠠᠷᠢᠯᠳᠤᠬᠤ᠂ ᠲᠠᠶᠧᠺᠤᠨᠳᠤ᠋᠂ ᠬᠦᠨᠳᠦ ᠬᠥᠩᠭᠡᠨ | ᠪᠡᠶ᠎ᠡ ᠶᠢᠨ ᠲᠠᠮᠢᠷ᠂ ᠠᠯᠠᠭᠠᠳᠠᠬᠤ ᠪᠥᠮᠪᠦᠭᠡ᠂ ᠳᠤᠭᠤᠢ ᠲᠡᠷᠭᠡ ᠵᠡᠷᠭᠡ ᠳᠠᠪᠠᠭᠤᠯᠢᠭ ᠲᠥᠷᠥᠯ ᠵᠦᠢᠯ ᠢ ᠪᠠᠬᠢᠵᠢᠭᠦᠯᠦᠨ | ᠬᠦᠭᠵᠢᠬᠦᠯᠦᠨ᠎ᠡ ᠭᠡᠵᠦ ᠳᠤᠷᠠᠳᠤᠨ ᠭᠠᠷᠭᠠᠪᠠ᠃ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠪᠠᠷ | ᠲᠣᠯᠣᠭᠠᠶᠢᠯᠠᠭᠤᠯᠤᠭᠰᠠᠨ ᠬᠥᠬᠡᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠠᠯᠭᠠᠮᠵᠢ ᠡᠩᠨᠡᠭᠡ ᠶᠢ | ᠬᠥᠮᠥᠵᠢᠭᠦᠯᠵᠦ᠂ ︽ᠤᠯᠤᠰ ᠤᠨ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠤ ᠰᠠᠭᠤᠷᠢᠨ ᠭᠠᠵᠠᠷ︾ ᠢᠶᠠᠷ ᠮᠠᠭᠠᠳᠯᠠᠨ ᠲᠤᠭᠲᠠᠭᠠᠯᠭᠠᠬᠤ ᠪᠠᠷ ᠢᠳᠡᠪᠬᠢᠲᠡᠢ ᠭᠤᠶᠤᠴᠢᠯᠠᠨ | ᠮᠡᠳᠡᠭᠦᠯᠦᠨ᠎ᠡ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠰᠬᠠᠯᠵᠢᠭᠤᠯᠤᠭᠴᠢ ᠵᠢᠴᠢ | ᠪᠡᠶ᠎ᠡ ᠶᠢᠨ ᠲᠠᠮᠢᠷ ᠤᠨ ᠪᠠᠭᠰᠢ 300᠂ ᠬᠢᠨᠠᠭᠴᠢ 100 ᠶᠢ ᠪᠣᠯᠪᠠᠰᠤᠷᠠᠭᠤᠯᠵᠤ᠂ ᠳᠠᠩᠰᠠᠯᠠᠭᠤᠯᠤᠭᠰᠠᠨ | ᠵᠠᠯᠠᠭᠤᠴᠤᠳ ᠪᠠᠭᠠᠴᠤᠳ ᠰᠤᠷᠤᠭᠴᠢ ᠲᠠᠮᠢᠷᠴᠢᠨ ᠤ ᠲᠤᠭ᠎ᠠ ᠶᠢ 6000 ᠬᠥᠮᠥᠨ ᠳᠤ ᠬᠦᠷᠦᠭᠦᠯᠦᠨ᠎ᠡ᠃ | 5. ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ | ︽ᠲᠥᠯᠦᠪᠵᠢᠭᠦᠯᠭᠡ︾ ᠳᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ ᠤᠷᠤᠯᠳᠤᠭᠠᠨ ᠤ ᠲᠣᠭᠯᠠᠯᠲᠠ᠂ | ᠲᠠᠯᠠᠪᠤᠷ ᠣᠷᠳᠣᠨ ᠤ ᠦᠢᠯᠡᠴᠢᠯᠡᠭᠡ᠂ ᠪᠡᠶ᠎ᠡ ᠶᠢᠨ ᠲᠠᠮᠢᠷ ᠤᠨ ᠵᠠᠭᠤᠴᠢᠯᠠᠭᠴᠢ᠂ ᠪᠡᠶ᠎ᠡ ᠶᠢᠨ ᠲᠠᠮᠢᠷ ᠤᠨ | ᠪᠣᠯᠪᠠᠰᠤᠷᠠᠭᠤᠯᠤᠯ᠂ ᠪᠡᠶ᠎ᠡ ᠶᠢᠨ ᠲᠠᠮᠢᠷ ᠤᠨ ᠬᠡᠷᠡᠭᠰᠡᠯ ᠦᠶ᠋ᠯᠡᠳᠬᠦ ᠪᠠ ᠪᠣᠷᠣᠯᠠᠭᠤᠯᠬᠤ ᠵᠡᠷᠭᠡ ᠠᠵᠤ ᠦᠢᠯᠡᠰ ᠤᠨ | ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠶᠢᠵᠢᠭᠤᠯᠤᠨ᠎ᠠ︔ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ᠂ ᠵᠠᠳᠠᠭᠠᠢ ᠴᠡᠴᠡᠷᠯᠢᠭ ᠤᠨ ᠲᠣᠣᠷ | ᠪᠥᠮᠪᠦᠭᠡ ᠶᠢᠨ ᠣᠷᠳᠣᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ᠂ ᠤᠮᠠᠷᠠᠲᠤ ᠶᠢᠨ ᠬᠥᠯ | ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠣᠪᠤᠭ᠎ᠠ ᠲᠣᠰᠬᠤᠨ᠂ ᠤᠰᠤᠨ ᠲᠡᠭᠡᠷᠮ᠎ᠡ ᠲᠣᠰᠬᠤᠨ᠂ | ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠮᠠ | ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠳᠠᠭᠠᠤ ᠪᠡᠶ᠎ᠡ ᠶᠢᠨ ᠲᠠᠮᠢᠷ ᠰᠡᠯᠡᠭᠦᠴᠡᠯ ᠤᠨ ᠠᠵᠤ ᠦᠢᠯᠡᠰ ᠤᠨ | ᠪᠦᠰᠡ ᠶᠢ ᠴᠤᠭᠴᠠᠯᠠᠵᠤ᠂ ᠣᠨᠴᠠᠯᠢᠭᠲᠤ ᠠᠵᠤ ᠦᠢᠯᠡᠰ ᠤᠨ ᠰᠢᠰᠲ᠋ᠧᠮᠵᠢ ᠶᠢ ᠬᠥᠭᠵᠢᠭᠦᠯᠦᠨ᠎ᠡ︔ ᠥᠪᠥᠷ | ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ᠂ | ᠬᠥᠬᠡᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠢᠶᠠᠷ ᠭᠤᠣᠯ ᠲᠣᠭᠤᠷᠢᠭ ᠪᠣᠯᠭᠠᠨ ᠬᠤᠲᠠ ᠶᠢᠨ | ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠴᠤᠭᠴᠠᠯᠠᠵᠤ᠂ ᠪᠡᠶ᠎ᠡ ᠶᠢᠨ ᠲᠠᠮᠢᠷ ᠤᠨ | ᠬᠡᠷᠡᠭᠯᠡᠭᠡᠨ ᠤ ᠲᠡᠮᠳᠡᠭᠲᠦ ᠶᠢ 10 ᠲᠦᠮᠡᠨ ᠬᠤᠪᠢ ᠲᠠᠷᠬᠠᠭᠠᠵᠤ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ | ︔ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠡᠶ᠎ᠡ ᠶᠢᠨ | ᠲᠠᠮᠢᠷ ᠤᠨ ᠠᠵᠤ ᠦᠢᠯᠡᠰ ᠬᠢᠭᠡᠳ ᠵᠢᠭᠤᠯᠴᠢᠯᠠᠯ᠂ ᠡᠷᠡᠭᠦᠯ ᠮᠡᠨᠳᠦ ᠵᠡᠷᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠯᠴᠠᠬᠤ ᠬᠥᠮᠥᠨ᠄ ᠶᠦᠨ ᠬᠤᠸᠠ ᠶᠦᠩ᠂ ᠬᠠᠷᠢᠯᠴᠠᠬᠤ ᠤᠲᠠᠰᠤ᠄ 0471-3318017 | | | | | | | | | | | | | | | | | | | | | | | | | | | | | | | | | | | | | |