ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ | ᠲᠥᠪ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠦᠬᠡᠬᠤᠲᠠ · ᠥᠨᠢᠷ | ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ | ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ ᠵᠡᠮᠳᠡᠭᠴᠦᠳ ᠤᠨ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶᠠᠨ ᠤ | ᠳᠠᠷᠤᠮᠠᠯᠯᠠᠨ ᠲᠠᠷᠬᠠᠭᠠᠭᠰᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ | ᠬᠥᠭᠵᠢᠯᠲᠡ ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠣᠯᠣᠨ | ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ | ᠦᠨᠳᠦᠰᠦᠯᠡᠵᠦ᠂ ᠮᠠᠨ ᠤ ᠬᠤᠳᠠ ᠶᠢᠨ ᠲᠥᠯᠦᠪᠵᠢᠭᠦᠯᠭᠡ ᠶᠢ ᠲᠣᠭᠲᠠᠭᠠᠪᠠ᠃ | ᠬᠤᠳᠠ ᠶᠢᠨ ᠵᠡᠮᠳᠡᠭᠴᠦᠳ ᠤᠨ ᠬᠤᠯᠪᠣᠭ᠎ᠠ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ | ᠲᠤᠰᠬᠠᠢ ᠠᠩᠭᠢ ᠪᠠᠶᠢᠭᠤᠯᠵᠤ᠂ ᠤᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠤᠷᠤᠯᠴᠠᠯᠭ᠎ᠠ | ᠰᠤᠳᠤᠯᠭᠠᠨ ᠢ ᠵᠣᠬᠢᠶᠠᠨ ᠪᠠᠶᠢᠭᠤᠯᠵᠤ᠂ ᠨᠠᠶᠢᠷᠠᠭᠤᠯᠤᠨ ᠵᠣᠬᠢᠶᠠᠬᠤ ᠨᠣᠣᠷᠠᠭᠯᠠᠬᠤ ᠠᠵᠢᠯ ᠢ ᠠᠬᠢᠭᠤᠯᠪᠠ᠃ ᠤᠷᠢᠳ | ᠬᠤᠵᠢᠳ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠥᠬᠦ | ᠪᠦᠷᠢᠯᠳᠦᠭᠦᠨ ᠨᠢᠭᠡᠴᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠵᠡᠮᠳᠡᠭᠴᠦᠳ᠂ ᠵᠡᠮᠳᠡᠭᠴᠦᠳ ᠤᠨ | ᠠᠵᠢᠯᠲᠠᠨ ᠵᠡᠷᠭᠡ ᠨᠡᠶᠢᠭᠡᠮ ᠤᠨ ᠣᠯᠠᠨ ᠲᠦᠮᠡᠨ ᠳᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ | ᠬᠠᠤᠯᠢ ᠶᠣᠰᠤᠴᠢ ᠴᠢᠨᠠᠷ ᠬᠢᠨᠠᠨ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ᠂ ︽ᠬᠥᠬᠡᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠪᠣᠶ | ᠪᠣᠯᠭᠠᠪᠠ᠃ ︽ᠲᠥᠯᠦᠪᠵᠢᠭᠦᠯᠭᠡ︾ ᠶᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠥᠭᠵᠢᠯᠲᠡ ᠶᠢᠨ ᠡᠷᠭᠢᠴᠡᠭᠦᠯᠦᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠶᠡᠷᠦᠩᠬᠡᠢ | ᠱᠠᠭᠠᠷᠳᠠᠯᠭ᠎ᠠ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠬᠡᠷᠡᠭᠵᠢᠭᠦᠯᠬᠦ ᠲᠣᠭᠲᠠᠴᠠ ᠵᠡᠷᠭᠡ ᠲᠠᠪᠤᠨ | ᠪᠦᠯᠦᠭ ᠲᠤ ᠬᠤᠪᠢᠶᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ | ᠣᠯᠠᠨ ᠨᠡᠶᠢᠲᠡ ᠶᠢᠨ ᠦᠢᠯᠡᠴᠢᠯᠡᠭᠡ᠂ ᠡᠷᠬᠡ ᠲᠡᠭᠰᠢ ᠡᠷᠬᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠣᠯᠠᠨ | ᠡᠰᠢᠲᠦ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠬᠤ ᠵᠡᠷᠭᠡ ᠵᠢᠷᠭᠤᠭᠠᠨ ᠵᠦᠢᠯ ᠤᠨ ᠭᠤᠣᠯᠳᠠᠯᠭ᠎ᠠ ᠲᠠᠢ | ᠡᠭᠦᠷᠭᠡ ᠠᠴᠠ ᠭᠠᠷᠳᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠲᠠ ᠶᠢᠨ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ | ᠪᠣᠳᠠᠲᠠᠢ ᠠᠭᠤᠯᠭ᠎ᠠ ᠳᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠨᠢ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ | ᠲᠠᠯ᠎ᠠ ᠪᠠᠷ ᠴᠥᠮ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠳᠠᠪᠠᠵᠠᠢ᠂ ᠵᠢᠱᠢᠶᠡᠯᠡᠪᠡᠯ᠂ ᠵᠡᠮᠳᠡᠭ | ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠲᠠᠯ᠎ᠠ ᠪᠠᠷ᠂ 2020 ᠣᠨ ᠠᠴᠠ ᠡᠬᠢᠯᠡᠨ᠂ ᠮᠠᠨ ᠤ ᠬᠤᠲᠠ | ᠥᠪᠡᠷᠲᠡᠭᠡᠨ ᠵᠠᠰᠠᠬᠤ ᠣᠷᠣᠨ ᠤ ᠠᠪᠤᠷᠠᠨ ᠲᠤᠰᠠᠯᠠᠬᠤ ᠡᠲᠡᠭᠡᠳ ᠤᠨ 0 ᠠᠴᠠ 7 ᠨᠠᠰᠤᠨ ᠤ ᠰᠠᠭᠤᠷᠢᠨ ᠳᠡᠭᠡᠷ᠎ᠡ | 0 ᠠᠴᠠ 10 ᠨᠠᠰᠤ ᠬᠦᠷᠲᠡᠯ᠎ᠡ ᠥᠷᠭᠡᠳᠬᠡᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ | ᠣᠷᠣᠨ ᠤ ᠬᠥᠮᠥᠨ ᠪᠦᠷᠢ ᠵᠢᠯ ᠳᠤ 15000 ᠲᠥᠭᠦᠷᠢᠭ ᠪᠠᠶᠢᠭᠰᠠᠨ ᠠᠴᠠ ᠬᠥᠮᠥᠨ ᠪᠦᠷᠢ ᠵᠢᠯ ᠳᠤ 2 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠶᠠᠷ ᠵᠢᠯ ᠤᠨ ᠲᠤᠷᠰᠢ᠂ ᠨᠡᠶᠢᠲᠡ 2120 ᠲᠦᠮᠡᠨ ᠲᠥᠭᠦᠷᠢᠭ ᠤᠨ | ᠪᠡᠯᠡ ᠮᠥᠩᠭᠦ ᠣᠷᠤᠭᠤᠯᠵᠤ᠂ ᠡᠭᠦᠨ ᠳᠤ ᠬᠤᠲᠠ ᠶᠢᠨ ᠲᠣᠰ ᠱᠠᠲᠤᠨ ᠤ 1079 ᠲᠦᠮᠡᠨ ᠲᠥᠭᠦᠷᠢᠭ ᠪᠠᠶᠢᠵᠤ᠂ | 650 ᠭᠠᠷᠤᠢ ᠵᠡᠮᠳᠡᠭ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠳᠤ ᠠᠪᠤᠷᠠᠨ ᠲᠤᠰᠠᠯᠠᠯᠲᠠ ᠬᠦᠷᠲᠡᠭᠡᠵᠡᠢ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠳᠤ᠂ ᠨᠥᠬᠦᠴᠡᠯ ᠲᠠᠢ | ᠭᠠᠵᠠᠷ ᠣᠷᠣᠨ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ | ᠲᠠᠯᠪᠢᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠂ ᠮᠠᠨ ᠤ ᠬᠤᠲᠠ ᠭᠡᠷ ᠪᠦᠯᠢ ᠶᠢᠨ ᠠᠵᠤ ᠠᠬᠤᠢ ᠶᠢᠨ | ᠨᠥᠬᠦᠴᠡᠯ ᠤᠨ ᠬᠢᠵᠠᠭᠠᠷᠯᠠᠯ ᠢ ᠰᠢᠭᠤᠳ ᠬᠦᠴᠦᠨ ᠦᠭᠡᠢ ᠪᠣᠯᠭᠠᠵᠤ᠂ ᠬᠡᠷᠡᠭᠴᠡᠭᠡ ᠱᠠᠭᠠᠷᠳᠠᠯᠭ᠎ᠠ ᠲᠠᠢ᠂ | ᠡᠷᠡᠭᠦᠯᠵᠢᠯ ᠤᠨ ᠪᠣᠯᠪᠠᠰᠤᠷᠠᠯ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠴᠥᠮ ᠠᠪᠤᠷᠠᠨ | ᠲᠤᠰᠠᠯᠠᠯᠲᠠ ᠬᠦᠷᠲᠡᠵᠦ ᠪᠣᠯᠣᠨ᠎ᠠ᠃ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠷᠭᠡ ᠶᠢᠨ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠦᠷᠢ ᠶᠢᠨ ᠲᠠᠯ᠎ᠠ ᠪᠠᠷ᠂ ᠮᠠᠨ ᠤ ᠬᠤᠲᠠ 2017 ᠣᠨ ᠠᠴᠠ ᠳᠠᠷᠤᠢ ᠲᠣᠰ ᠠᠵᠢᠯ ᠢ | ᠥᠷᠨᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠶᠢᠨ ᠵᠢᠯ ᠳᠤ 1300 ᠲᠥᠭᠦᠷᠢᠭ ᠢᠶᠠᠷ | ᠬᠡᠷᠡᠭᠵᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠨᠢ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠨᠡᠶᠢᠲᠡ 2.4 | ᠲᠦᠮᠡ ᠭᠠᠷᠤᠢ ᠬᠦᠮᠦᠨ ᠨᠦᠬᠦᠪᠦᠷᠢ ᠬᠦᠷᠲᠡᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ᠂ ᠮᠠᠨ ᠤ ᠬᠤᠲᠠ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠨᠢᠭᠡᠨᠲᠡ | ᠭᠤᠷᠪᠠᠳᠤᠭᠠᠷ᠂ ᠳᠥᠷᠪᠡᠳᠦᠭᠡᠷ ᠳᠡᠰ ᠤᠨ ᠣᠶᠤᠨ ᠤ ᠪᠠ ᠮᠡᠳᠡᠷᠡᠯ ᠤᠨ ᠵᠡᠮᠳᠡᠭᠴᠦᠳ ᠲᠤ ᠬᠦᠷᠲᠡᠯ᠎ᠡ ᠤᠷᠲᠤᠳᠬᠠᠵᠤ | ᠂ ᠬᠥᠮᠥᠨ ᠪᠦᠷᠢ ᠳᠤ ᠵᠢᠯ ᠪᠦᠷᠢ 600 ᠲᠥᠭᠦᠷᠢᠭ ᠤᠨ ᠨᠥᠬᠦᠪᠦᠷᠢ ᠣᠯᠭᠤᠵᠤ᠂ 2021 ᠣᠨ ᠳᠤ᠂ ᠬᠤᠲᠠ | ᠲᠣᠭᠤᠷᠢᠭ ᠤᠨ ᠬᠤᠶᠠᠷ ᠱᠠᠲᠤᠨ ᠠᠴᠠ ᠨᠡᠶᠢᠲᠡ 155.58 ᠲᠦᠮᠡᠨ ᠲᠥᠭᠦᠷᠢᠭ ᠵᠠᠷᠤᠴᠠᠭᠤᠯᠵᠤ᠂ 2593 | ᠬᠦᠮᠦᠨ ᠨᠥᠬᠦᠪᠦᠷᠢ ᠬᠦᠷᠲᠡᠪᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠨᠥᠬᠦᠪᠦᠷᠢ ᠶᠢᠨ ᠪᠠᠷᠢᠮᠵᠢᠶ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠡᠯ᠎ᠡ ᠵᠦᠢᠯ ᠤᠨ ᠠᠵᠢᠯ ᠢ | ᠲᠦᠷᠦᠭᠦᠨ ᠳᠤᠨᠢ ᠬᠢᠵᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠡᠮᠳᠡᠭᠴᠦᠳ ᠤᠨ ᠬᠤᠯᠪᠣᠭ᠎ᠠ | ᠬᠠᠷᠢᠯᠴᠠᠬᠤ ᠬᠥᠮᠥᠨ᠄ ᠭᠤᠣ ᠽᠦᠩ᠂ ᠬᠠᠷᠢᠯᠴᠠᠬᠤ ᠤᠲᠠᠰᠤ᠄ 0471-2570071 | | | | | | | | | | | | | | | | | | | | | | | | | | | | | | | | | | | | | | | | | |