7 ᠳ᠋ᠤᠭᠠᠷ ᠰᠠᠷ᠎ᠠ ᠶᠢᠨ 19 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ | ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ | ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 ᠬᠥᠮᠥᠨ ︵ᠴᠥᠮ ᠪᠠᠶᠠᠨᠨᠠᠭᠤᠷ ᠬᠤᠲᠠ ᠳᠤ︶ | ᠢᠯᠠᠷᠢᠰᠢᠵᠦ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ | ᠡᠪᠡᠳᠴᠢᠨ ᠤ ᠵᠢᠱᠢᠶ᠎ᠡ ᠠᠴᠠ 1 ᠬᠥᠮᠥᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ | ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠠᠷᠢᠰᠢᠵᠦ | ᠡᠮᠨᠡᠯᠭᠡ ᠠᠴᠠ ᠭᠠᠷᠪᠠ᠃ | 7 ᠳ᠋ᠤᠭᠠᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 12 ︵ᠴᠥᠮ ᠪᠠᠶᠠᠨᠨᠠᠭᠤᠷ ᠬᠤᠲᠠ ᠳᠤ︶ | ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 18 ︵ᠴᠥᠮ | ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 11 ︵ᠴᠥᠮ ᠬᠥᠬᠡᠬᠤᠲᠠ ᠳᠤ︶ ᠪᠣᠢ᠃ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ | ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠦᠪᠯᠡᠯ ᠤᠨ ᠠᠯᠪᠠᠨ ᠰᠦᠯᠵᠢᠶ᠎ᠡ︶ | | | | | | | | | | | | | | | | | | | | | | | | | | | | | | | | | | | | | | | | | | | | | |