7 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ | ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ | ︵ᠴᠥᠮ ᠪᠠᠶᠠᠨᠨᠠᠭᠤᠷ ᠬᠤᠲᠠ ᠳᠤ ᠪᠣᠶ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ | ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ | ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠤᠵᠤ | ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ︵ᠴᠥᠮ ᠨᠡᠶᠢᠰᠯᠡᠯ ᠤᠨ | ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ | ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠃ | 7 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠪᠣᠶ᠂ ᠡᠭᠦᠨ ᠳᠤ | ᠬᠥᠬᠡᠬᠤᠲᠠ ᠳᠤ 1᠂ ᠪᠠᠶᠠᠨᠨᠠᠭᠤᠷ ᠬᠤᠲᠠ ᠳᠤ 3 ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠤ ᠵᠢᠱᠢᠶ᠎ᠡ 14 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ | ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ︵ᠴᠥᠮ ᠬᠥᠬᠡᠬᠤᠲᠠ ᠳᠤ︶ ᠪᠣᠢ᠃ | ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ | ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ︶ | | | | | | | | | | | | | | | | | | | | | | | | | | | | | | | | | |