︵2022 ᠣᠨ ᠤ 70 ᠳ᠋ᠤᠭᠠᠷ ᠲᠣᠭᠠᠲᠤ︶ | ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠤᠨ | ᠣᠨᠴᠠᠯᠢᠭ ᠢ ᠦᠨᠳᠦᠰᠦᠯᠡᠨ᠂ ᠡᠳᠦᠭᠡ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠤᠯᠭ᠎ᠠ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠶ᠎ᠡ᠄ | ᠨᠢᠭᠡ᠂ ︽ᠨᠢᠭᠡ ᠪᠠᠭᠤᠳᠠᠯ ᠬᠤᠶᠠᠷ ᠥᠷᠲᠡᠭᠡ︾ ᠪᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ | ᠬᠥᠬᠡᠬᠤᠲᠠ ᠳᠤ ᠢᠷᠡᠬᠦ ︵ᠪᠤᠴᠠᠬᠤ︶ ᠪᠣᠶ ᠪᠦᠬᠦᠢ ᠬᠥᠮᠥᠰ ᠤᠨ ᠪᠡᠶ᠎ᠡ ᠶᠢᠨ ᠳᠤᠯᠠᠭᠠᠨ ᠢ ᠬᠡᠮᠵᠢᠵᠦ᠂ | ᠬᠥᠬᠡᠬᠤᠲᠠ ᠶᠢᠨ ᠺᠣᠳ᠋ ᠢ ᠨᠢ ᠪᠠᠶᠢᠴᠠᠭᠠᠨ ᠰᠢᠯᠭᠠᠨ᠎ᠠ᠃ | ᠬᠤᠶᠠᠷ᠂ ᠬᠢᠯᠢ ᠪᠠᠷ ᠣᠷᠣᠵᠤ ᠢᠷᠡᠨ ᠬᠦᠬᠡᠬᠤᠲᠠ ᠳᠤ ᠪᠤᠴᠠᠬᠤ ᠬᠥᠮᠥᠰ ᠲᠤ ︽7+3︾ ᠶᠢᠨ | ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠠᠷᠤᠢ ᠬᠢᠯᠢ ᠪᠠᠷ ᠣᠷᠣᠬᠤ | ᠢᠷᠡᠭᠰᠡᠨ ᠪᠦᠭᠡᠳ ᠬᠦᠬᠡᠬᠤᠲᠠ ᠶᠢ ᠵᠣᠷᠢᠵᠦ ᠢᠷᠡᠬᠦ ᠬᠦᠮᠦᠰ᠂ ᠬᠢᠯᠢ ᠪᠠᠷ ᠣᠷᠣᠵᠤ ᠢᠷᠡᠭᠰᠡᠨ ᠠᠩᠬᠠᠨ ᠤ | ᠭᠠᠵᠠᠷ ᠲᠠᠭᠠᠨ 7 ᠡᠳᠦᠷ ᠲᠥᠪᠯᠡᠷᠡᠭᠦᠯᠦᠨ ᠲᠤᠰᠠᠭᠠᠷᠯᠠᠬᠤ ᠶᠢ ᠳᠠᠭᠤᠰᠬᠠᠭᠠᠳ ᠮᠠᠨ ᠤ ᠬᠤᠲᠠ ᠳᠤ ᠪᠤᠴᠠᠭᠰᠠᠨ ᠤ | ᠳᠠᠷᠠᠭ᠎ᠠ᠂ ᠲᠤᠭᠲᠠᠭᠰᠠᠨ ᠣᠷᠣᠨ ᠰᠠᠭᠤᠴᠠ ᠲᠠᠢ ᠪᠣᠯ᠂ ︽3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ | ᠬᠢᠨᠠᠨ ᠬᠡᠮᠵᠢᠯᠲᠡ︾ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠵᠣᠷᠢᠭᠰᠠᠨ ᠭᠠᠵᠠᠷ ᠤᠨ ᠬᠤᠰᠢᠭᠤ ᠰᠢᠶᠠᠨ | ᠲᠣᠭᠤᠷᠢᠭ ᠠᠴᠠ ᠲᠤᠰᠬᠠᠢ ᠲᠡᠷᠭᠡ ᠲᠣᠬᠢᠷᠠᠭᠤᠯᠤᠨ ᠪᠢᠲᠡᠭᠦᠦ ᠴᠠᠭᠠᠷᠢᠭ ᠢᠶᠠᠷ ᠰᠠᠭᠤᠭ᠎ᠠ ᠭᠠᠵᠠᠷ ᠲᠤᠨᠢ ᠰᠢᠯᠵᠢᠭᠦᠯᠦᠨ | ᠬᠦᠷᠭᠡᠵᠦ᠂ ᠨᠡᠶᠢᠭᠡᠮ ᠲᠣᠭᠤᠷᠢᠭ ᠤᠨ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ ᠯᠤᠭ᠎ᠠ ᠲᠤᠰᠢᠶᠠᠵᠤ ᠥᠭᠬᠦ | ᠭᠥᠯᠢᠶᠡᠨ ᠠᠪᠬᠤ ᠠᠵᠢᠯ ᠢ ᠰᠠᠶᠢᠲᠤᠷ ᠬᠢᠵᠦ᠂ 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 3 | ᠳ᠋ᠤᠭᠠᠷ ᠡᠳᠦᠷ ᠲᠤ᠂ ᠨᠡᠶᠢᠭᠡᠮ ᠲᠣᠭᠤᠷᠢᠭ ᠠᠴᠠ ᠪᠦᠭᠡᠮ ᠬᠦᠴᠢᠯ ᠤᠨ ᠥᠯᠢᠭᠡᠷ ᠠᠪᠬᠤ ᠠᠵᠢᠯᠲᠠᠨ ᠢ ᠭᠡᠷ ᠲᠤᠨᠢ | ᠣᠴᠢᠭᠤᠯᠬᠤ ᠪᠤᠶᠤ ᠲᠤᠰᠬᠠᠢ ᠲᠡᠷᠭᠡ ᠪᠠᠷ ᠪᠢᠲᠡᠭᠦᠦ ᠴᠠᠭᠠᠷᠢᠭ ᠢᠶᠠᠷ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠰᠢᠯᠵᠢᠭᠦᠯᠦᠨ ᠬᠦᠷᠭᠡᠵᠦ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠨᠠᠶᠢᠳᠠᠪᠤᠷᠢᠵᠢᠭᠤᠯᠤᠨ᠎ᠠ᠃ ᠬᠢᠯᠢ ᠪᠠᠷ | ᠣᠷᠣᠵᠤ ᠢᠷᠡᠭᠰᠡᠳ ᠭᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ ᠪᠠᠶᠢᠬᠤ ᠬᠤᠭᠤᠴᠠᠭᠠᠨ ᠳᠤ | ᠭᠠᠳᠠᠭᠰᠢ ᠭᠠᠷᠬᠤ ᠦᠭᠡᠢ᠂ ᠡᠪᠡᠳᠴᠢᠨ ᠦᠵᠡᠭᠦᠯᠬᠦ ᠮᠡᠲᠦ ᠶᠢᠨ ᠣᠨᠴᠠᠭᠠᠶ ᠪᠠᠶᠢᠳᠠᠯ ᠲᠠᠢ ᠪᠣᠯᠵᠤ ᠵᠠᠪᠠᠯ ᠭᠠᠳᠠᠭᠰᠢ | ᠭᠠᠷᠬᠤ ᠴᠢᠬᠤᠯᠠᠲᠠᠢ ᠦᠶ᠎ᠡ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ N95/KN95 | ᠠᠮᠠᠪᠴᠢ ᠶᠢ ᠵᠢᠷᠤᠮᠵᠢᠭᠤᠨ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ | ᠵᠠᠶᠢᠯᠠᠰᠬᠢᠨ᠎ᠠ᠃ | ᠭᠤᠷᠪᠠ᠂ ᠨᠢᠭᠲᠠ ᠣᠶᠢᠷᠠᠲᠤᠭᠰᠠᠳ ᠲᠤ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾ ᠶᠢ | ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ 1᠂ 2᠂ 3᠂ 5᠂ | 7 ᠳ᠋ᠤᠭᠠᠷ ᠡᠳᠦᠷ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 3 ᠳ᠋ᠤᠭᠠᠷ ᠡᠳᠦᠷ ᠲᠤ ᠪᠥᠭᠡᠮ | ᠬᠦᠴᠢᠯ ᠤᠨ ᠪᠠᠶᠢᠴᠠᠭᠠᠯᠲᠠ ᠬᠢᠨ᠎ᠡ᠃ | ᠳᠥᠷᠪᠡ᠂ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠲᠤ ᠴᠥᠮ ︽7 ᠡᠳᠦᠷ ᠭᠡᠷ ᠲᠡᠭᠡᠨ | ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠶᠢ ᠬᠡᠷᠡᠭᠵᠢᠭᠦᠯᠵᠦ᠂ 1᠂ 4᠂ 7 ᠳ᠋ᠤᠭᠠᠷ ᠡᠳᠦᠷ ᠲᠤ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠣᠯ᠂ | ᠮᠥᠨ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ᠃ | ᠲᠠᠪᠤ᠂ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠢ ᠭᠠᠵᠠᠷ ᠣᠷᠣᠨ ᠳᠤ | ᠵᠢᠭᠤᠯᠴᠢᠯᠠᠨ ᠰᠠᠭᠤᠭᠰᠠᠨ ᠲᠡᠦᠬᠡ ᠲᠠᠢ ᠬᠥᠬᠡᠬᠤᠲᠠ ᠳᠤ ᠢᠷᠡᠭᠰᠡᠨ ︵ᠪᠤᠴᠠᠭᠰᠠᠨ︶ ᠬᠥᠮᠥᠰ ︵ᠡᠰᠡᠬᠦᠯ᠎ᠡ ᠡᠷᠡᠭᠦᠯ | ᠮᠡᠨᠳᠦ ᠶᠢᠨ ᠺᠣᠳ᠋ ᠨᠢ ᠤᠯᠠᠭᠠᠨ ᠥᠩᠭᠡ ᠲᠠᠢ ᠬᠦᠮᠦᠰ︶ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ | ᠦᠨᠡᠨ ᠮᠥᠨ ᠢᠶᠠᠷ ᠨᠢ ᠮᠡᠳᠡᠭᠦᠯᠵᠦ᠂ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ︾ ᠶᠢ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠬᠦ 1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠡᠯ᠎ᠡ ᠮᠤᠵᠢ ︵ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠢ ᠲᠦᠭᠰᠢᠭᠦᠷᠢ ᠲᠠᠢ ᠭᠠᠵᠠᠷ ᠣᠷᠣᠨ ᠠᠴᠠ | ᠭᠠᠳᠠᠭᠰᠢ ᠭᠠᠷᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠵᠢᠷᠭᠤᠭ᠎ᠠ᠂ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢ ᠲᠠᠢ | ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠬᠡᠬᠤᠲᠠ ᠳᠤ ᠢᠷᠡᠭᠰᠡᠨ ︵ᠪᠤᠴᠠᠭᠰᠠᠨ︶ ᠬᠦᠮᠦᠰ ︵ | ᠪᠤᠶᠤ ᠡᠷᠡᠭᠦᠯ ᠮᠡᠨᠳᠦ ᠶᠢᠨ ᠺᠣᠳ᠋ ᠨᠢ ᠰᠢᠷ᠎ᠠ ᠥᠩᠭᠡ ᠲᠠᠢ ᠬᠥᠮᠥᠰ︶ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ | ᠲᠠᠭᠠᠨ ᠦᠨᠡᠨ ᠮᠥᠨ ᠢᠶᠠᠷ ᠨᠢ ᠮᠡᠳᠡᠭᠦᠯᠵᠦ᠂ ᠴᠥᠮ ︽7 ᠡᠳᠦᠷ ᠭᠡᠷ ᠲᠡᠭᠡᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ︾ ᠶᠢ ᠬᠡᠷᠡᠭᠵᠢᠭᠦᠯᠵᠦ᠂ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠭᠡᠷ ᠲᠡᠭᠡᠨ | ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠣᠯ᠂ ᠮᠥᠨ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠢ᠃ ᠡᠯ᠎ᠡ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠲᠦᠭᠰᠢᠭᠦᠷᠢ ᠲᠠᠢ ᠭᠠᠵᠠᠷ ᠣᠷᠣᠨ ᠠᠴᠠ | ᠭᠠᠳᠠᠭᠰᠢ ᠭᠠᠷᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠣᠯᠤᠭ᠎ᠠ᠂ 7 ᠡᠳᠦᠷ ᠤᠨ ᠳᠣᠲᠣᠷ᠎ᠠ ᠲᠦᠭᠰᠢᠭᠦᠷᠢ ᠪᠠᠷ ᠪᠠᠭ᠎ᠠ ᠭᠠᠵᠠᠷ ᠣᠷᠣᠨ ᠳᠤ ᠵᠢᠭᠤᠯᠴᠢᠯᠠᠵᠤ | ᠰᠠᠭᠤᠭᠰᠠᠨ ᠲᠡᠥᠬᠡ ᠲᠠᠢ ᠬᠦᠬᠡᠬᠤᠲᠠ ᠳᠤ ᠢᠷᠡᠬᠦ ︵ᠪᠤᠴᠠᠬᠤ︶ ᠬᠥᠮᠥᠰ 48 ᠴᠠᠭ ᠤᠨ ᠳᠣᠲᠤᠷᠠᠬᠢ ᠪᠦᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠂ ᠬᠦᠬᠡᠬᠤᠲᠠ ᠳᠤ ᠬᠦᠷᠴᠦ | ᠢᠷᠡᠬᠦ ᠠᠴᠠ ᠡᠮᠦᠨ᠎ᠡ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ ᠪᠤᠶᠤ ᠪᠠᠭᠤᠬᠤ ᠪᠠᠭᠤᠳᠠᠯ ᠳᠠᠭᠠᠨ | ᠮᠡᠳᠡᠭᠦᠯᠦᠨ ᠳᠠᠩᠰᠠᠯᠠᠭᠤᠯᠤᠨ᠎ᠠ᠂ ᠬᠦᠬᠡᠬᠤᠲᠠ ᠳᠤ ᠢᠷᠡᠭᠰᠡᠨ ᠤ ᠳᠠᠷᠠᠭ᠎ᠠ 3 ᠡᠳᠦᠷ ᠤᠨ ᠳᠣᠲᠣᠷ᠎ᠠ ᠬᠤᠶᠠᠷ ᠤᠳᠠᠭ᠎ᠠ | ᠪᠦᠭᠡᠮ ᠬᠦᠴᠢᠯ ᠤᠨ ᠪᠠᠶᠢᠴᠠᠭᠠᠯᠲᠠ ︵ᠬᠤᠶᠠᠷ ᠤᠳᠠᠭ᠎ᠠ ᠶᠢᠨ ᠪᠦᠭᠡᠮ ᠬᠦᠴᠢᠯ ᠤᠨ ᠪᠠᠶᠢᠴᠠᠭᠠᠯᠲᠠ ᠨᠢ 24 | ᠴᠠᠭ ᠠᠴᠠ ᠳᠡᠭᠡᠭᠰᠢ ᠠᠯᠤᠰᠯᠠᠠᠭᠰᠠᠨ ᠪᠠᠶᠢᠬᠤ᠂ ᠬᠡᠷᠪᠡ ᠬᠦᠬᠡᠬᠤᠲᠠ ᠳᠤ ᠣᠷᠤᠵᠤ ᠭᠠᠵᠠᠷ ᠢᠷᠡᠭᠰᠡᠨ ᠭᠠᠵᠠᠷ ᠲᠠᠭᠠᠨ | ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠪᠠᠶᠢᠪᠠᠯ᠂ ᠨᠢᠭᠡᠳᠦᠭᠡᠷ ᠤᠳᠠᠭ᠎ᠠ ᠶᠢᠨ ᠪᠦᠭᠡᠮ ᠬᠦᠴᠢᠯ ᠤᠨ | ᠪᠠᠶᠢᠴᠠᠭᠠᠯᠲᠠ ᠶᠢ ᠬᠢᠭᠰᠡᠨ ᠢᠶᠠᠷ ᠪᠤᠳᠤᠨ᠎ᠠ︶ ᠬᠢᠬᠦ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ | ᠬᠢᠬᠦ ᠬᠡᠷᠡᠭᠲᠡᠢ᠃ | ᠨᠠᠢᠮᠠ᠂ ᠳᠡᠭᠡᠷ᠎ᠡ ᠳᠤᠷᠠᠳᠤᠭᠰᠠᠨ ᠠᠴᠠ ᠪᠤᠰᠤᠳ ᠬᠦᠬᠡᠬᠤᠲᠠ ᠳᠤ ᠢᠷᠡᠬᠦ ︵ᠪᠤᠴᠠᠬᠤ︶ ᠬᠥᠮᠥᠰ 48 | ᠴᠠᠭ ᠤᠨ ᠳᠣᠲᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠣᠯ ᠡᠮᠬᠢ | ᠵᠢᠷᠤᠮ ᠲᠠᠢ ᠪᠠᠷ ᠶᠠᠪᠤᠵᠤ ᠰᠢᠯᠵᠢᠨ᠎ᠡ᠃ 48 ᠴᠠᠭ ᠤᠨ ᠳᠣᠲᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ | ᠪᠢᠯᠢᠭ ᠴᠢᠨᠠᠷ ᠤᠨ ᠭᠡᠷᠡᠴᠢ ᠦᠭᠡᠢ ᠪᠣᠯ᠂ ︽ᠨᠢᠭᠡ ᠪᠠᠭᠤᠳᠠᠯ ᠬᠤᠶᠠᠷ ᠥᠷᠲᠡᠭᠡ︾ ᠪᠠ ᠵᠠᠰᠠᠮᠠᠯ ᠵᠠᠮ ᠤᠨ | ᠪᠠᠶᠢᠴᠠᠭᠠᠨ ᠰᠢᠯᠭᠠᠬᠤ ᠴᠡᠭ ᠲᠤ ᠦᠨ᠎ᠡ ᠲᠥᠯᠥᠪᠦᠷᠢ ᠦᠭᠡᠢ ᠪᠠᠷ ᠨᠢᠭᠡ ᠤᠳᠠᠭ᠎ᠠ ᠪᠦᠭᠡᠮ ᠬᠦᠴᠢᠯ ᠤᠨ | ᠪᠠᠶᠢᠴᠠᠭᠠᠯᠲᠠ ᠬᠢᠵᠦ᠂ ᠳᠠᠷᠦ᠋ᠢᠬᠠᠨ ᠦᠯᠢᠭᠡᠷ ᠠᠪᠴᠤ ᠳᠠᠷᠦ᠋ᠢᠬᠠᠨ ᠶᠠᠪᠤᠭᠤᠯᠤᠨ᠎ᠠ᠃ | ᠶᠢᠰᠦ᠂ ᠬᠥᠬᠡᠬᠤᠲᠠ ᠳᠤ ᠢᠷᠡᠭᠰᠡᠨ ︵ᠪᠤᠴᠠᠭᠰᠠᠨ︶ ᠪᠣᠶ ᠪᠦᠬᠦᠢ ᠬᠥᠮᠥᠰ ᠮᠡᠳᠡᠭᠦᠯᠬᠦ ᠦᠭᠡᠢ ᠨᠢᠭᠤᠭᠰᠠᠨ᠂ | ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠣᠶ ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠢ ᠦᠷ᠎ᠡ | ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠭᠡᠵᠦ᠂ ᠦᠶ᠋ᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠ᠂ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠬᠤᠷᠢᠶᠠᠯᠠᠯ ᠵᠢᠴᠢ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ︽ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ︾ ︵ᠶᠢᠰᠦᠳᠦᠭᠡᠷ ᠬᠡᠪᠯᠡᠯ︶ ᠶᠣᠰᠣᠭᠠᠷ᠂ ᠪᠡᠶ᠎ᠡ ᠶᠢᠨ | ᠳᠤᠯᠠᠭᠠᠨ ᠢ ᠬᠡᠮᠵᠢᠬᠦ᠂ ︽ᠬᠦᠬᠡᠬᠤᠲᠠ ᠶᠢᠨ ᠺᠤᠳ᠋︾ ᠢ ᠪᠠᠶᠢᠴᠠᠭᠠᠨ ᠰᠢᠯᠭᠠᠬᠤ᠂ ᠰᠠᠯᠬᠢ ᠨᠡᠪᠲᠡᠷᠡᠭᠦᠯᠦᠨ | ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠰᠠᠶᠢᠳᠤᠷ ᠨᠠᠶᠢᠳᠠᠪᠤᠷᠢᠵᠢᠭᠤᠯᠤᠭᠰᠠᠨ ᠦᠭᠡᠢ ᠪᠣᠯ᠂ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ ᠴᠢᠩᠭ᠎ᠠ ᠰᠢᠢᠳᠪᠦᠷᠢᠯᠡᠨ᠎ᠡ᠃ ᠡᠭᠦᠨ ᠤ ᠬᠠᠮᠲᠤ᠂ ᠡᠯ᠎ᠡ ᠨᠡᠶᠢᠭᠡᠮ ᠲᠣᠭᠤᠷᠢᠭ ᠤᠨ ᠬᠢᠨ | ᠬᠥᠬᠡᠬᠤᠲᠠ ᠳᠤ ᠢᠷᠡᠭᠰᠡᠨ ︵ᠪᠤᠴᠠᠭᠰᠠᠨ︶ ᠬᠥᠮᠥᠰ ᠢ ᠢᠯᠭᠠᠨ ᠲᠠᠨᠢᠬᠤ᠂ ᠵᠢᠭᠰᠠᠭᠠᠨ ᠪᠠᠶᠢᠴᠠᠭᠠᠬᠤ ᠠᠵᠢᠯ ᠢ | ᠬᠢᠨᠠᠮᠠᠭᠠᠢ ᠰᠠᠶᠢᠲᠤᠷ ᠬᠢᠵᠦ᠂ ᠦᠢᠯᠡᠴᠢᠯᠡᠭᠡᠨ ᠤ ᠬᠠᠮᠢᠶᠠᠷᠤᠯᠲᠠ ᠪᠠᠨ ᠴᠢᠩᠭᠠᠳᠬᠠᠨ᠂ ᠬᠠᠮᠢᠶᠠᠷᠤᠯᠲᠠ ᠠᠴᠠ | ᠭᠤᠭᠤᠵᠢᠭᠳᠠᠵᠤ ᠡᠵᠡᠮᠳᠡᠯ ᠠᠯᠳᠠᠭᠳᠠᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠠᠰᠠᠭᠤᠨ ᠯᠠᠪᠯᠠᠬᠤ | ᠤᠲᠠᠰᠤ᠄ | ᠬᠥᠬᠡᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6627113 | 0471-6627106 | ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6901455 | ᠬᠤᠲᠣᠩ ᠠᠷᠠᠳ ᠤᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ | 0471-6306994 | ᠢᠥᠢ ᠢᠴᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-5973029 | ᠰᠠᠶᠢᠬᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6680742 | ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-3188885 | ᠲᠤᠭᠲᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 0471-8528589 | ᠬᠤᠷᠢᠨᠬᠡᠷ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-7191244 | ᠴᠢᠩ ᠱᠦᠢ ᠾᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-7912822 | ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-8822235 | ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 7 ᠳ᠋ᠤᠭᠠᠷ ᠰᠠᠷ᠎ᠠ ᠶᠢᠨ 25 ᠤ ᠡᠳᠦᠷ | | | | | | | | | | | | | | | | | | | | | | | | | | | | | | | | | | |