ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠰᠢᠨᠵᠢᠯᠡᠬᠦ ᠤᠬᠠᠭᠠᠨ ᠤ ᠬᠡᠪ ᠴᠢᠨᠠᠷ ᠪᠣᠯ ᠠᠷᠠᠳ ᠢᠷᠭᠡᠳ ᠤᠨ ᠬᠡᠪ ᠴᠢᠨᠠᠷ ᠤᠨ ᠴᠢᠬᠤᠯᠠ ᠪᠦᠷᠢᠯᠳᠦᠭᠦᠨ | ᠬᠡᠰᠡᠭ ᠮᠥᠨ᠂ ᠨᠡᠶᠢᠭᠡᠮ ᠤᠨ ᠪᠣᠯᠪᠠᠰᠤᠨ ᠲᠠᠪᠰᠢᠯᠳᠠ ᠶᠢᠨ ᠰᠠᠭᠤᠷᠢ ᠮᠥᠨ᠃ ︽ᠪᠥᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ︵2021 — 2035 ᠣᠨ | ︶ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ | ᠲᠠᠷᠬᠠᠭᠠᠭᠰᠠᠨ ︹ 2021︺ 9 ᠳ᠋ᠤᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ | ᠲᠥᠰᠥᠯ ︵2021 — 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ︹2021︺ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠯᠪᠤᠭᠳᠠᠯ | ᠪᠦᠬᠦᠢ ᠬᠠᠷᠢᠭᠤᠴᠠᠯᠭᠠᠲᠤ ᠨᠢᠭᠡᠴᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨᠵᠢᠯᠡᠬᠦ | ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠭᠤᠣᠯ ᠠᠷᠭ᠎ᠠ ᠬᠡᠮᠵᠢᠶ᠎ᠡ ᠶᠢ ᠠᠭᠤᠰᠤᠯᠴᠠᠭᠤᠯᠤᠨ᠂ ︽ᠬᠡᠷᠡᠭᠵᠢᠭᠦᠯᠬᠦ | ᠲᠥᠰᠥᠯ︾ ᠢ ᠨᠤᠤᠷᠠᠭᠯᠠᠨ ᠪᠣᠢ ᠪᠣᠯᠭᠠᠭᠰᠠᠨ ᠪᠥᠭᠡᠳ 31 ᠬᠠᠷᠢᠭᠤᠴᠠᠯᠭᠠᠲᠤ ᠨᠢᠭᠡᠴᠡ᠂ 9 ᠬᠤᠰᠢᠭᠤ ᠰᠢᠶᠠᠨ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ 15 ᠬᠤᠲᠠ ᠶᠢᠨ ᠬᠠᠷᠢᠶ᠎ᠠ ᠨᠡᠶᠢᠭᠡᠮᠯᠢᠭ ᠠᠴᠠ | ᠰᠠᠨᠠᠯ ᠬᠤᠷᠢᠶᠠᠵᠤ᠂ ᠨᠡᠶᠢᠲᠡ 11 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠨᠠᠷᠢᠨ ᠬᠢᠨᠠᠮᠠᠭᠠᠢ ᠰᠤᠳᠤᠯᠵᠤ᠂ | ᠭᠦᠢᠴᠡᠳ ᠭᠥᠯᠢᠶᠡᠨ ᠠᠪᠤᠭᠰᠠᠨ ᠤ ᠳᠠᠷᠠᠭ᠎ᠠ ᠬᠠᠮᠤᠭ ᠤᠨ ᠡᠴᠦᠰ ᠲᠤ ︽ᠬᠥᠬᠡᠬᠤᠲᠠ ᠶᠢᠨ ᠪᠥᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ | ᠲᠥᠰᠥᠯ ︵2021 — 2025 ᠣᠨ︶︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ | ︶ ᠢ ᠪᠣᠶ ᠪᠣᠯᠭᠠᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠢ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ᠂ ᠵᠣᠬᠢᠶᠠᠨ | ᠪᠠᠶᠢᠭᠤᠯᠵᠤ ᠬᠡᠷᠡᠭᠵᠢᠭᠦᠯᠬᠦ ᠭᠤᠷᠪᠠᠨ ᠬᠡᠰᠡᠭ ᠬᠤᠪᠢᠶᠠᠨ᠎ᠠ᠃ | ︽ᠬᠡᠷᠡᠭᠵᠢᠭᠦᠯᠬᠦ ᠲᠥᠰᠥᠯ︾ ᠤᠨ ᠶᠡᠷᠦᠩᠬᠡᠢ ᠱᠠᠭᠠᠷᠳᠠᠯᠭ᠎ᠠ ᠶᠢᠨ ᠨᠢᠭᠡᠳᠦᠭᠡᠷ ᠬᠡᠰᠡᠭ ᠲᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ ᠶᠢ ᠳᠤᠷᠠᠳᠤᠨ ᠭᠠᠷᠭᠠᠵᠠᠢ᠃ 2025 ᠣᠨ | ᠪᠣᠯᠬᠤ ᠳᠤ᠂ ᠪᠥᠬᠦ ᠬᠤᠲᠠ ᠶᠢᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠲᠠᠢ ᠪᠣᠯᠤᠭᠰᠠᠨ | ᠬᠠᠷᠢᠴᠠᠯ 15% ᠶᠢ ᠳᠠᠪᠠᠨ᠎ᠠ᠃ | ︽ᠬᠡᠷᠡᠭᠵᠢᠭᠦᠯᠬᠦ ᠲᠥᠰᠥᠯ︾ ᠤᠨ ᠬᠤᠶᠠᠳᠤᠭᠠᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠭᠤᠣᠯᠳᠠᠭᠤ ᠵᠠᠯᠠᠭᠤᠴᠤᠳ ᠪᠠᠭᠠᠴᠤᠳ᠂ ᠲᠠᠷᠢᠶᠠᠴᠢᠨ᠂ ᠠᠵᠤ ᠦᠢᠯᠡᠰ ᠤᠨ ᠠᠵᠢᠯᠴᠢᠨ᠂ | ᠨᠠᠰᠤᠲᠠᠶᠢᠴᠤᠳ᠂ ᠤᠳᠤᠷᠢᠳᠬᠤ ᠺᠠᠳ᠋ᠷ ᠪᠠ ᠠᠯᠪᠠᠲᠠᠨ ᠵᠡᠷᠭᠡ ᠲᠠᠪᠤᠨ ᠲᠥᠷᠥᠯ ᠤᠨ ᠬᠥᠮᠥᠰ ᠤᠨ ᠲᠣᠭᠤᠷᠢᠨ ᠳᠤ ︽ | ᠲᠠᠪᠤᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ᠂ ᠰᠠᠭᠤᠷᠢ ᠰᠤᠷᠭᠠᠨ | ᠬᠥᠮᠦᠵᠢᠯ ᠤᠨ ᠱᠠᠲᠤᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠠᠭᠤᠷᠢ ᠶᠢ ᠪᠠᠲᠤᠳᠬᠠᠵᠤ᠂ ᠤᠳᠤ | ᠦᠶ᠎ᠡ ᠶᠢᠨ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠳᠡᠭᠡᠳᠦ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠢ ᠬᠦᠮᠦᠵᠢᠬᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠳᠠᠶᠢᠴᠤᠳ | ᠲᠤᠭᠠᠴᠢᠯᠠᠯᠠᠲᠠ ᠶᠢ ᠳᠠᠭᠠᠵᠤ ᠭᠦᠢᠴᠡᠬᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ | ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠳᠤᠮᠳᠠᠬᠢ ᠰᠢᠨᠵᠢᠯᠡᠬᠦ ᠤᠬᠠᠭᠠᠨ ᠤ | ᠬᠡᠪ ᠴᠢᠨᠠᠷ ᠤᠨ ᠠᠭᠤᠯᠭ᠎ᠠ ᠶᠢ ᠨᠡᠮᠡᠭᠳᠡᠭᠦᠯᠬᠦ ᠵᠡᠷᠭᠡ ᠪᠣᠳᠠᠲᠠᠢ ᠡᠭᠦᠷᠭᠡ ᠶᠢ ᠲᠣᠳᠤᠷᠬᠠᠶᠢᠯᠠᠪᠠ᠃ | ︽ᠬᠡᠷᠡᠭᠵᠢᠭᠦᠯᠬᠦ ᠲᠥᠰᠥᠯ︾ ᠤᠨ ᠬᠤᠶᠠᠳᠤᠭᠠᠷ ᠬᠡᠰᠡᠭ ᠲᠤ ᠪᠠᠰᠠ ᠰᠢᠨᠵᠢᠯᠡᠬᠦ ᠤᠬᠠᠭᠠᠨ ᠰᠣᠶᠣᠯ ᠤᠨ | ᠴᠡᠴᠡᠭᠯᠡᠯᠲᠡ ᠶᠢ ᠬᠥᠲᠥᠯᠥᠨ ᠳᠠᠭᠠᠭᠤᠯᠬᠤ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ | ᠪᠡᠯᠡᠳᠬᠡᠮᠵᠢ ᠶᠢ ᠴᠢᠩᠭᠠᠳᠬᠠᠬᠤ ᠢᠨᠵᠧᠨᠧᠷᠢᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠠᠴᠢᠵᠢᠭᠤᠯᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠢᠨᠵᠧᠨᠧᠷᠢᠩ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ︽ᠲᠠᠪᠤᠨ ᠶᠡᠭᠡ ᠢᠨᠵᠧᠨᠧᠷᠢᠩ︾ ᠢ ᠳᠤᠷᠠᠳᠤᠨ | ᠭᠠᠷᠭᠠᠪᠠ᠃ ᠣᠷᠣᠨ ᠤ ᠲᠥᠪ ᠤᠨ ᠣᠨᠴᠠᠯᠢᠭᠲᠤ ᠰᠢᠨᠵᠢᠯᠡᠬᠦ ᠤᠬᠠᠭᠠᠨ ᠰᠣᠶᠣᠯ ᠤᠨ ᠰᠢᠰᠲ᠋ᠧᠮᠵᠢ ᠶᠢ ᠪᠠᠶᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠬᠦ᠂ ᠣᠲᠣ ᠦᠶ᠎ᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠯᠠᠪᠠᠶ | ᠣᠷᠳᠣᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠣᠨᠴᠠᠯᠢᠭᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ ᠲᠣᠭᠠᠴᠢᠯᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠲᠠᠪᠴᠠᠩ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠬᠦ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃ | ︽ᠬᠡᠷᠡᠭᠵᠢᠭᠦᠯᠬᠦ ᠲᠥᠰᠥᠯ︾ ᠤᠨ ᠭᠤᠷᠪᠠᠳᠤᠭᠠᠷ ᠬᠡᠰᠡᠭ ᠲᠤ ᠬᠡᠷᠡᠭᠵᠢᠭᠦᠯᠬᠦ ᠲᠥᠰᠥᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠣᠭᠲᠠᠴᠠ ᠶᠢ ᠲᠡᠭᠦᠯᠳᠡᠷᠵᠢᠭᠦᠯᠬᠦ᠂ ᠪᠠᠲᠤᠯᠠᠭ᠎ᠠ ᠶᠢᠨ ᠨᠥᠬᠦᠴᠡᠯ ᠢ ᠲᠣᠳᠣᠷᠬᠠᠶᠢᠯᠠᠪᠠ᠃ | ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠣᠰ | ᠱᠠᠲᠤᠨ ᠤ ᠪᠠᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ | ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠡᠭᠦᠷᠭᠡ ᠶᠢ ᠬᠤᠯᠪᠤᠭᠳᠠᠯ | ᠪᠦᠬᠦᠢ ᠲᠥᠯᠦᠪᠵᠢᠭᠦᠯᠭᠡ᠂ ᠲᠥᠯᠥᠪᠯᠡᠭᠡ ᠪᠠ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠰᠢᠨᠵᠢᠯᠡᠬᠦ | ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢ ᠤᠳᠤᠷᠢᠳᠬᠤ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ | ᠬᠡᠷᠡᠭᠲᠡᠢ᠃ ᠬᠤᠶᠠᠷ ᠲᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠬᠢᠭᠦᠯᠦᠨ ᠱᠠᠩᠨᠠᠬᠤ ᠲᠣᠭᠲᠠᠴᠠ ᠶᠢ | ᠲᠡᠭᠦᠯᠳᠡᠷᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮᠵᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ | ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠤ ᠬᠡᠪ | ᠴᠢᠨᠠᠷ ᠤᠨ ᠪᠠᠶᠢᠭᠤᠯᠤᠯᠲᠠ ᠶᠢᠨ ᠴᠢᠳᠠᠪᠤᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠪᠠᠶᠢᠭᠤᠯᠤᠯᠲᠠ ᠶᠢᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶᠢᠲᠡ ᠪᠠ ᠬᠤᠪᠢ ᠬᠥᠮᠥᠨ ᠢ | ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃ ᠭᠤᠷᠪᠠ ᠳᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠨᠤᠭᠤᠳ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠠᠷᠤᠳᠠᠯ ᠢ ᠡᠳ᠋ ᠤᠨ ᠵᠠᠰᠠᠭ ᠤᠨ | ᠲᠥᠰᠥᠪ ᠲᠡᠭᠡᠨ ᠣᠷᠣᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠰ ᠤᠨ | ᠤᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ | ᠭᠤᠷᠪᠠ᠂ ᠪᠤᠰᠤᠳ ᠵᠦᠢᠯ | ︽ᠬᠡᠷᠡᠭᠵᠢᠭᠦᠯᠬᠦ ᠲᠥᠰᠥᠯ︾ ᠤᠨ ᠰᠢᠨᠵᠢᠯᠡᠬᠦ ᠤᠬᠠᠭᠠᠨᠴᠢ ᠴᠢᠨᠠᠷ ᠪᠠ ᠵᠦᠢ ᠵᠣᠬᠢᠰᠲᠠᠢ ᠴᠢᠨᠠᠷ ᠢ | ᠪᠠᠲᠤᠯᠠᠬᠤ ᠶᠢᠨ ᠲᠥᠯᠥᠭᠡ᠂ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠶᠡᠷᠦᠩᠬᠡᠢ ᠱᠦᠵᠢ ᠰᠢ ᠶᠢᠨ ᠫᠢᠩ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠣᠷᠣᠨ ᠤ | ᠲᠥᠪ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ | ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠦᠬᠡᠬᠤᠲᠠ ᠥᠨᠢᠷ | ᠪᠠᠶᠠᠯᠢᠭ᠂ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ | ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠳᠠᠯᠠᠵᠤ᠂ | ᠪᠣᠳᠠᠲᠠᠢ ᠲᠠᠢ ᠪᠠᠨ ᠤᠶᠠᠯᠳᠤᠭᠤᠯᠵᠤ᠂ ᠪᠦᠬᠦ ᠬᠤᠳᠠ ᠶᠢᠨ ᠠᠵᠢᠯ ᠤᠨ ᠬᠠᠷᠠᠯᠲᠠ ᠪᠣᠯᠣᠨ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠪᠠᠶᠠᠷ᠂ ᠬᠠᠷᠢᠯᠴᠠᠬᠤ ᠤᠲᠠᠰᠤ᠄ | 6621279 | | | | | | | | | | | | | | | | | | | | | | | | | | | | | | | | | | | | | | | | | | | | |