︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠾᠧ ᠬᠠᠢ ᠳ᠋ᠦᠩ ᠪᠦᠯᠦᠭ ᠬᠥᠮᠥᠰ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ | ᠤᠯᠤᠰ ᠤᠨ ᠨᠢᠰᠬᠡᠯ ᠤᠨ ᠪᠠᠭᠤᠳᠠᠯ᠂ ᠬᠥᠬᠡᠬᠤᠲᠠ ᠶᠢᠨ ᠰᠦᠢᠳᠬᠡᠯ ᠬᠤᠷᠢᠶᠠᠬᠤ ᠵᠡᠭᠦᠨ ᠦᠷᠳᠡᠭᠡ᠂ ᠬᠤᠳᠠ ᠶᠢᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠥᠬᠡᠬᠤᠲᠠ ᠶᠢᠨ 120 ᠡᠮᠴᠢᠯᠡᠭᠡᠨ ᠤ ᠲᠦᠷᠭᠡᠨ | ᠠᠪᠤᠷᠠᠯᠳᠠ ᠶᠢᠨ ᠵᠢᠯᠤᠭᠤᠳᠬᠤ ᠲᠥᠪ᠂ ᠰᠠᠶᠢᠬᠠᠨ ᠲᠣᠭᠤᠷᠢᠭ ᠤᠨ ᠠᠨᠠᠭᠠᠬᠤ ᠤᠬᠠᠭᠠᠨ ᠤ ᠲᠥᠪᠯᠡᠷᠡᠭᠦᠯᠦᠨ | ᠲᠤᠰᠠᠭᠠᠷᠯᠠᠵᠤ ᠠᠵᠢᠭᠯᠠᠬᠤ ᠴᠡᠭ᠂ ᠫᠧᠩ ᠰᠢᠨ ᠶᠢᠨ ᠶᠧᠦ ᠴᠧᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ | ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠠᠢ᠃ | ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ᠂ ᠬᠥᠬᠡᠬᠤᠲᠠ ᠶᠢᠨ | ᠰᠦᠢᠳᠬᠡᠯ ᠬᠤᠷᠢᠶᠠᠬᠤ ᠵᠡᠭᠦᠨ ᠥᠷᠲᠡᠭᠡᠨ ᠳᠤ᠂ ᠾᠧ ᠬᠠᠢ ᠳ᠋ᠦᠩ ᠰᠢᠨ᠎ᠡ ᠬᠤᠳᠠᠯᠳᠤᠨ ᠠᠪᠤᠭᠰᠠᠨ ᠪᠥᠭᠡᠮ | ᠬᠦᠴᠢᠯ ᠤᠨ ᠦᠯᠢᠭᠡᠷ ᠠᠪᠬᠤ ᠲᠢᠩᠰᠡ ᠶᠢ ᠤᠭᠰᠠᠷᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠳᠦᠷ ᠪᠦᠷᠢ ᠶᠢᠨ | ᠬᠥᠬᠡᠬᠤᠲᠠ ᠳᠤ ᠣᠷᠣᠬᠤ ᠬᠥᠮᠥᠨ ᠤ ᠤᠷᠤᠰᠬᠠᠯ ᠤᠨ ᠬᠡᠮᠵᠢᠶ᠎ᠡ ᠪᠠ ᠲᠡᠷᠭᠡ ᠬᠥᠰᠬᠡ ᠶᠢᠨ ᠲᠤᠭ᠎ᠠ ᠬᠡᠮᠵᠢᠶ᠎ᠡ ᠶᠢ | ᠨᠠᠷᠢᠨ ᠨᠢᠮᠪᠠᠢ ᠠᠰᠠᠭᠤᠨ ᠯᠠᠪᠯᠠᠵᠤ᠂ ᠠᠵᠢᠯᠲᠠᠳ ᠲᠤ ᠺᠣᠳ᠋ ᠰᠢᠷᠪᠢᠬᠦ᠂ ᠳᠠᠩᠰᠠᠯᠠᠬᠤ ᠳᠦᠷᠢᠮ ᠢ ᠨᠠᠷᠢᠨ ᠬᠢᠨᠠᠮᠠᠭᠠᠢ | ᠬᠡᠷᠡᠭᠵᠢᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠳᠠᠬᠢᠨ | ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ | ᠵᠠᠬᠢᠪᠠ᠃ | ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠥᠬᠡᠬᠤᠲᠠ ᠶᠢᠨ 120 ᠡᠮᠴᠢᠯᠡᠭᠡᠨ ᠤ | ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ ᠪᠣᠯᠣᠨ ᠰᠠᠶᠢᠬᠠᠨ ᠲᠣᠭᠤᠷᠢᠭ ᠤᠨ ᠠᠨᠠᠭᠠᠬᠤ ᠤᠬᠠᠭᠠᠨ ᠤ | ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠲᠤ᠂ ᠾᠧ ᠬᠠᠢ ᠳ᠋ᠦᠩ ᠪᠥᠭᠡᠮ ᠬᠦᠴᠢᠯ ᠢ ᠰᠢᠯᠭᠠᠨ | ᠪᠠᠶᠢᠴᠠᠭᠠᠬᠤ ᠡᠮᠦᠨ᠎ᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ 120 ᠡᠮᠴᠢᠯᠡᠭᠡᠨ ᠤ | ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ ᠤᠨ ᠲᠣᠬᠢᠷᠠᠭᠤᠯᠤᠯᠲᠠ ᠶᠢᠨ ᠲᠠᠪᠴᠠᠩ ᠤᠨ ᠠᠵᠢᠯᠯᠠᠭᠠᠨ ᠤ | ᠪᠠᠶᠢᠳᠠᠯ ᠢ ᠨᠠᠷᠢᠨ ᠣᠶᠢᠯᠠᠭᠠᠵᠤ᠂ ᠲᠤᠷᠰᠢᠯᠲᠠ ᠶᠢᠨ ᠲᠠᠰᠤᠭ ᠤᠨ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠪᠣᠯᠣᠨ | ᠲᠤᠰᠠᠭᠠᠷᠯᠠᠨ ᠠᠵᠢᠭᠯᠠᠬᠤ ᠴᠡᠭ ᠤᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ | ᠲᠡᠷᠡ ᠬᠡᠯᠡᠬᠦ ᠳᠡᠭᠡᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ | ᠬᠡᠴᠡᠭᠦᠦ ᠪᠠᠶᠢᠨ᠎ᠠ᠂ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠲᠦᠷᠭᠡᠬᠡᠨ ᠪᠤᠶ | ᠪᠣᠯᠭᠠᠬᠤ ᠪᠣᠯ ᠲᠦᠢᠯ ᠤᠨ ᠴᠢᠬᠤᠯᠠ ᠶᠤᠮ᠃ ᠴᠠᠭ ᠢ ᠠᠮᠵᠢᠨ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ | ᠲᠤᠷᠰᠢᠬᠤ᠂ ᠪᠠᠶᠢᠴᠠᠭᠠᠨ ᠰᠢᠯᠭᠠᠬᠤ ᠠᠵᠢᠯᠲᠠᠨ ᠢ ᠪᠣᠯᠪᠠᠰᠤᠷᠠᠭᠤᠯᠬᠤ᠂ ᠡᠳ᠋ ᠪᠣᠳᠠᠰ ᠢ ᠲᠣᠬᠢᠷᠠᠭᠤᠯᠬᠤ᠂ | ᠦᠢᠯᠡᠴᠢᠯᠡᠭᠡ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠪᠥᠭᠡᠮ ᠬᠦᠴᠢᠯ ᠢ ᠪᠠᠶᠢᠴᠠᠭᠠᠨ | ᠰᠢᠯᠭᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠡᠭᠦᠨ ᠤ ᠬᠠᠮᠲᠤ᠂ ᠠᠨᠠᠭᠠᠬᠤ ᠤᠬᠠᠭᠠᠨ ᠤ | ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠨᠠᠭᠠᠬᠤ ᠤᠬᠠᠭᠠᠨ ᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ | ᠠᠵᠢᠯ ᠤᠨ ᠱᠠᠭᠠᠷᠳᠠᠯᠭ᠎ᠠ ᠪᠠ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ᠂ ᠲᠥᠪᠯᠡᠷᠡᠭᠦᠯᠦᠨ ᠲᠤᠰᠠᠭᠠᠷᠯᠠᠬᠤ | ᠠᠵᠢᠯ ᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠡᠢ᠃ | ᠾᠧ ᠬᠠᠢ ᠳ᠋ᠦᠩ ᠨᠠᠷ ᠪᠠᠰᠠ ᠫᠧᠩ ᠰᠢᠨ ᠶᠢᠨ ᠶᠧᠦ ᠴᠧᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠠᠯᠳᠠᠭᠤᠷ ᠰᠤᠷᠪᠤᠯᠵᠢᠯᠠᠵᠤ᠂ | ᠬᠤᠳᠠᠯᠳᠤᠭᠠᠨ ᠤ ᠲᠠᠯᠠᠪᠤᠷ ᠤᠨ ᠬᠠᠷᠢᠭᠤᠴᠠᠯᠭᠠᠲᠠᠨ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠡᠭᠦᠷᠭᠡᠯᠡᠵᠦ᠂ ᠺᠣᠳ᠋ ᠰᠢᠷᠪᠢᠬᠦ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠠᠪᠴᠢ | ᠵᠡᠭᠦᠬᠦ᠂ ᠪᠡᠶ᠎ᠡ ᠶᠢᠨ ᠳᠤᠯᠠᠭᠠᠨ ᠢᠶᠠᠨ ᠬᠡᠮᠵᠢᠬᠦ᠂ ᠤᠬᠠᠮᠰᠠᠷ ᠠᠴᠠ ᠪᠠᠨ ᠺᠣᠳ᠋ ᠰᠢᠷᠪᠢᠬᠦ᠂ ᠡᠮᠬᠢ ᠵᠢᠷᠤᠮ ᠲᠠᠢ ᠪᠠᠷ | ᠣᠷᠣᠵᠤ ᠭᠠᠷᠬᠤ ᠶᠢ ᠤᠬᠠᠭᠤᠯᠤᠨ ᠬᠥᠲᠥᠯᠥᠨ ᠵᠢᠯᠤᠭᠤᠳᠴᠤ᠂ ᠭᠤᠣᠯᠳᠠᠯᠭ᠎ᠠ ᠲᠠᠢ ᠬᠥᠮᠥᠰ ᠢ ᠴᠠᠭ ᠲᠤᠬᠠᠢ ᠳᠤᠨᠢ | ᠬᠠᠮᠢᠶᠠᠷᠤᠨ ᠡᠵᠡᠮᠳᠡᠵᠦ ᠢᠯᠭᠠᠨ ᠲᠠᠨᠢᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠭᠦᠨᠵᠡᠭᠡᠶᠢᠷᠡᠭᠦᠯᠵᠦ᠂ ᠪᠠᠷᠠᠭ᠎ᠠ ᠬᠤᠳᠠᠯᠳᠤᠨ ᠠᠪᠬᠤ ᠠᠶᠤᠯᠭᠦᠢ | ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠠᠬᠢᠪᠠ᠃ | ᠬᠤᠲᠠ ᠶᠢᠨ ᠤᠳᠤᠷᠢᠳᠤᠯᠭ᠎ᠠ ᠰᠢᠶᠣᠣ ᠹᠠᠩ᠂ ᠵᠠᠩ ᠶᠦᠩ ᠸᠧᠨ᠂ ᠬᠤᠲᠠ ᠶᠢᠨ ᠵᠠᠰᠠᠭ ᠤᠨ ᠣᠷᠳᠣᠨ ᠤ | ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | | | | | | | | | | | | | | | | | | | | | | | | | | | | | | |