ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 39 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠮᠠᠨ ᠤ ᠬᠤᠳᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ | ᠲᠣᠭᠲᠠᠪᠤᠷᠢᠵᠢᠭᠤᠯᠵᠤ᠂ ᠬᠥᠭᠵᠢᠯᠲᠡ ᠠᠶᠤᠯᠭᠦᠢ ᠪᠠᠶᠢᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠴᠢᠩᠭ᠎ᠠ ᠨᠢᠮᠪᠠᠢ᠂ ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠬᠤᠶᠠᠷ ᠥᠷᠲᠡᠭᠡ ᠨᠢᠭᠡ | ᠪᠠᠭᠤᠳᠠᠯ︾ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠨᠠᠷᠢᠯᠢᠭ ᠣᠨᠣᠪᠴᠢᠲᠠᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠂ ᠵᠠᠮ ᠬᠠᠷᠢᠯᠴᠠᠭᠠᠨ ᠤ ᠣᠷᠣᠬᠤ ᠭᠠᠵᠠᠷ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ | ᠰᠠᠬᠢᠵᠤ᠂ ︽ᠬᠤᠶᠠᠷ ᠺᠣᠳ᠋ ᠨᠢᠭᠡ ᠭᠡᠷᠡᠴᠢ︾ ᠶᠢ ᠪᠠᠶᠢᠴᠠᠭᠠᠨ ᠰᠢᠯᠭᠠᠬᠤ ᠪᠠ ︽ᠢᠷᠡᠭᠰᠡᠨ ᠳᠠᠷᠤᠢ ᠪᠠᠶᠢᠴᠠᠭᠠᠬᠤ︾ | ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠬᠡᠬᠤᠲᠠ ᠳᠤ ᠢᠷᠡᠬᠦ ᠪᠤᠴᠠᠬᠤ ᠬᠥᠮᠥᠰ ᠢ ᠳᠠᠩᠰᠠᠯᠠᠬᠤ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠡᠵᠡᠮᠳᠡᠬᠦ ᠪᠣᠭᠤᠮᠲᠠ ᠶᠢ | ᠴᠢᠩᠭ᠎ᠠ ᠠᠳᠬᠤᠵᠤ᠂ ᠠᠶᠤᠯ ᠲᠦᠭᠰᠢᠭᠦᠷᠢ ᠲᠠᠢ ᠣᠷᠣᠨ ᠪᠠᠶᠢᠷᠢ ᠪᠣᠯᠣᠨ ᠬᠥᠮᠥᠰ ᠢ ᠨᠠᠷᠢᠨ ᠪᠠᠶᠢᠴᠠᠭᠠᠵᠤ᠂ ᠲᠣᠮᠣ | ᠳ᠋ᠠᠶᠢᠲ᠋ᠠ᠂ ᠲᠣᠣᠷᠵᠢᠯᠳᠡ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠲᠠᠬᠤᠯ ᠡᠪᠡᠳᠴᠢᠨ ᠢ ᠮᠥᠷᠳᠡᠨ | ᠪᠠᠶᠢᠴᠠᠭᠠᠬᠤ ᠬᠤᠷᠳᠤᠴᠠ ᠶᠢ ᠲᠦᠷᠭᠡᠳᠬᠡᠵᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠬᠡᠷᠡᠭᠲᠡᠢ᠃ | ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ | ᠬᠤᠭᠤᠯᠠᠨ ᠭᠡᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ ᠤᠨ | ᠺᠣᠳ᠋ ᠰᠢᠷᠪᠢᠵᠦ ᠺᠣᠳ᠋ ᠰᠢᠯᠭᠠᠬᠤ ᠠᠵᠢᠯ ᠢ ᠴᠢᠩᠭ᠎ᠠ ᠥᠷᠨᠢᠭᠦᠯᠬᠦ ᠶᠢ ᠰᠢᠮᠳᠠᠭᠤᠯᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠬᠠᠮᠢᠶᠠᠷᠤᠯᠲᠠ ᠶᠢᠨ ᠠᠯᠳᠠᠰᠢ ᠭᠠᠷᠭᠠᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠷᠢᠭᠤᠳᠬᠠᠬᠤ ᠶᠢ ᠴᠢᠩᠳᠠᠯᠠᠵᠤ᠂ | ᠠᠯᠬᠤᠮ ᠳᠠᠷᠠᠭ᠎ᠠ ᠶᠢ ᠵᠢᠷᠤᠮᠵᠢᠭᠤᠯᠵᠤ᠂ ᠳᠤᠲᠠᠭᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ | ᠲᠤᠰᠠᠭᠠᠷᠯᠠᠬᠤ ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠡᠳᠡᠭᠡ ᠵᠠᠩᠭᠢ ᠶᠢ | ᠴᠠᠭ ᠲᠤᠬᠠᠢ ᠳᠤᠨᠢ ᠨᠡᠶᠢᠲᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠦᠨᠡᠨᠬᠦ ᠬᠠᠷᠢᠭᠤᠯᠲᠠ | ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ | ᠨᠠᠶᠢᠳᠠᠪᠤᠷᠢᠵᠢᠭᠤᠯᠤᠨ᠂ ᠠᠷᠠᠳ ᠤᠯᠠᠨ ᠤ ᠠᠮᠢ ᠨᠠᠰᠤᠨ ᠤ ᠠᠶᠤᠯᠭᠦᠢ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ | ᠡᠷᠡᠰ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠤᠨ ᠳᠠᠷᠠᠭ᠎ᠠ᠂ ᠪᠣᠣ ᠭᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ | ᠬᠦᠷᠴᠦ᠂ ᠡᠯ᠎ᠡ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠸᠢᠳᠢᠤ᠋ ᠪᠠᠷ | ᠲᠣᠬᠢᠷᠠᠭᠤᠯᠪᠠ᠃ | ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | | | | | | | | | | | | | | | | | | | | | | | | | | | | | | | | | | |