︵2022 ᠣᠨ ᠤ 75 ᠳ᠋ᠤᠭᠠᠷ ᠲᠣᠭᠠᠲᠤ︶ | ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠠᠬᠠᠢ ᠲᠡᠯᠭᠡᠷᠡᠵᠦ᠂ | ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ | ᠣᠳᠣᠬᠠᠨ ᠤ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠ ᠠᠵᠢᠯ ᠤᠨ | ᠬᠡᠷᠡᠭᠴᠡᠭᠡ ᠲᠠᠢ ᠤᠶᠠᠯᠳᠤᠭᠤᠯᠤᠨ᠂ ᠬᠢᠵᠢᠭ ᠤᠨ ᠳᠠᠯᠳᠠᠭᠤᠷ ᠲᠠᠷᠬᠠᠬᠤ ᠶᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠪᠠᠶᠢᠩᠭᠤᠵᠢᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠬᠡᠪᠰᠢ ᠴᠥᠬᠦᠷᠡᠰᠢ ᠦᠭᠡᠢ ᠠᠳᠬᠤᠬᠤ ᠬᠡᠷᠡᠭᠲᠡᠢ᠂ | ᠡᠳᠦᠭᠡ ︽ᠬᠦᠬᠡᠬᠤᠲᠠ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ︾ | ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠃ | ᠨᠢᠭᠡ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠣᠭᠤᠮᠲᠠ᠂ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ | ᠲᠠᠷᠢᠶᠠᠯᠠᠩ ᠠᠷᠠᠯᠵᠢᠶᠠᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠬᠡᠲᠦ | ᠳᠡᠯᠭᠡᠭᠦᠷ᠂ ᠲᠠᠸᠠᠷ ᠤᠨ ᠳᠡᠯᠭᠡᠨ ᠪᠣᠷᠤᠯᠠᠭᠤᠯᠭ᠎ᠠ ᠬᠢᠭᠡᠳ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ | ᠲᠠᠯᠠᠪᠤᠷ᠂ ᠵᠣᠴᠢᠳ ᠤᠨ ᠪᠠᠭᠤᠳᠠᠯ᠂ ᠪᠠᠭᠤᠳᠠᠯ᠂ ᠬᠤᠭᠤᠯᠠᠨ ᠭᠡᠷ᠂ ᠡᠮ ᠤᠨ ᠳᠡᠯᠭᠡᠭᠦᠷ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠲᠠᠯᠠᠪᠤᠷ᠂ ᠪᠡᠶ᠎ᠡ ᠴᠢᠬᠢᠷᠠᠭᠵᠢᠭᠤᠯᠤᠯᠲᠠ ᠵᠤᠭ᠎ᠠ ᠴᠡᠩᠭᠡᠯ ᠤᠨ ᠲᠠᠯᠠᠪᠤᠷ᠂ ᠦᠰᠦ ᠵᠠᠰᠠᠬᠤ ᠪᠡᠶ᠎ᠡ | ᠤᠬᠢᠶᠠᠬᠤ ᠲᠠᠯᠠᠪᠤᠷ᠂ ᠺᠢᠨᠣ᠋ ᠵᠦᠴᠦᠭᠡ ᠶᠢᠨ ᠲᠢᠶᠠᠳ᠋ᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠣᠯᠠᠨ | ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ᠂ ᠬᠤᠷᠠᠯ ᠤᠨ ᠲᠥᠪ᠂ ᠵᠢᠭᠤᠯᠴᠢᠯᠠᠯ ᠤᠨ ᠦᠵᠡᠮᠵᠢ ᠶᠢᠨ ᠭᠠᠵᠠᠷ | ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ᠂ ᠨᠡᠶᠢᠲᠡ ᠶᠢᠨ ᠪᠠᠶᠢᠷᠢ᠂ ᠠᠯᠪᠠᠯᠠᠬᠤ ᠠᠰᠠᠷ ᠪᠠ ᠡᠯ᠎ᠡ ᠲᠥᠷᠥᠯ ᠤᠨ | ᠰᠠᠭᠤᠭᠠᠯᠢ ᠠᠷᠠᠳ ᠤᠨ ᠲᠣᠭᠤᠷᠢᠭ ᠲᠤ ᠡᠷᠬᠡᠪᠰᠢ ︽ᠬᠦᠬᠡᠬᠤᠲᠠ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ | ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠨᠢᠭᠡ ᠮᠧᠳ᠋ᠷ ᠤᠨ ᠵᠠᠢ ᠶᠢ | ᠪᠠᠲᠤᠯᠠᠬᠤ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠭᠤᠯᠢ ᠪᠠ ᠬᠡᠦᠬᠡᠳ ᠤᠨ ᠴᠡᠴᠡᠷᠯᠢᠭ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ | ᠡᠮᠴᠢᠯᠡᠭᠡᠨ ᠤ ᠪᠠᠶᠢᠭᠤᠯᠤᠮᠵᠢ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠠᠶᠢᠭᠤᠯᠤᠮᠵᠢ᠂ ᠨᠡᠶᠢᠭᠡᠮ ᠤᠨ | ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ᠂ ᠬᠢᠨᠠᠨ ᠬᠠᠮᠢᠶᠠᠷᠬᠤ ᠲᠠᠯᠠᠪᠤᠷ᠂ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ | ᠠᠬᠤᠶᠢᠯᠠᠯ ᠪᠠ ᠪᠠᠷᠢᠯᠭ᠎ᠠ ᠶᠢᠨ ᠭᠠᠵᠠᠷ ᠵᠡᠷᠭᠡ ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠬᠤ ᠪᠤᠶᠤ | ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠠᠮᠠᠷᠬᠠᠨ ᠡᠭᠦᠰᠬᠦ ᠭᠤᠣᠯᠳᠠᠯᠭ᠎ᠠ ᠲᠠᠢ ᠪᠠᠶᠢᠭᠤᠯᠤᠮᠵᠢ᠂ ︽ | ᠬᠦᠬᠡᠬᠤᠲᠠ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ | ᠨᠡᠪᠲᠡᠷᠡᠭᠦᠯᠦᠨ ᠠᠷᠢᠭᠤᠳᠬᠠᠬᠤ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠷᠬᠡᠪᠰᠢ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠪᠠ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢ ᠴᠢᠩᠭ᠎ᠠ ᠥᠷᠨᠢᠭᠦᠯᠬᠦ ᠬᠡᠷᠡᠭᠲᠡᠢ᠃ | ᠭᠤᠷᠪᠠ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠭᠠᠵᠠᠷ | ᠳᠡᠭᠡᠷ᠎ᠡ ᠳᠤᠷᠠᠳᠤᠭᠰᠠᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠤᠨ | ᠱᠠᠭᠠᠷᠳᠠᠵᠤ᠂ ᠰᠠᠶᠢᠳᠤᠷ ᠨᠠᠶᠢᠳᠠᠪᠤᠷᠢᠵᠢᠭᠤᠯᠤᠭᠰᠠᠨ ᠦᠭᠡᠢ ᠪᠣᠯ᠂ ᠬᠠᠤᠯᠢ ᠲᠣᠭᠲᠠᠭᠠᠯ ᠶᠣᠰᠣᠭᠠᠷ ᠰᠡᠷᠡᠮᠵᠢᠯᠡᠭᠦᠯᠬᠦ᠂ | ᠵᠣᠭᠤᠰ ᠢᠶᠠᠷ ᠲᠣᠷᠭᠠᠬᠤ᠂ ᠵᠠᠷᠯᠢᠭᠳᠠᠵᠤ ᠠᠵᠢᠯ ᠢ ᠨᠢ ᠵᠣᠭᠰᠤᠭᠠᠬᠤ ᠵᠡᠷᠭᠡ ᠵᠠᠰᠠᠭ ᠵᠠᠬᠢᠷᠭᠠᠨ ᠤ ᠰᠢᠳᠬᠡᠯ ᠥᠭᠬᠦ | ᠬᠡᠷᠡᠭᠲᠡᠢ᠃ | ᠳᠥᠷᠪᠡ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠥᠨ ᠤ ᠬᠠᠮᠠᠭᠠᠯᠠᠯᠲᠠ ᠪᠠᠨ ᠨᠠᠷᠢᠨ ᠬᠢᠨᠠᠮᠠᠭᠠᠢ | ᠰᠠᠶᠢᠲᠤᠷ ᠬᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ᠂ ᠳᠡᠭᠡᠷ᠎ᠡ ᠳᠤᠷᠠᠳᠤᠭᠰᠠᠨ ᠣᠯᠠᠨ | ᠨᠡᠶᠢᠲᠡ ᠶᠢᠨ ᠲᠠᠯᠠᠪᠤᠷ ᠲᠤ ᠣᠷᠣᠬᠤ ᠳᠠᠭᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠦᠬᠡᠬᠤᠲᠠ ᠶᠢᠨ | ᠺᠤᠳ᠋ ᠢ ᠰᠢᠷᠪᠢᠨ ᠦᠵᠡᠭᠦᠯᠵᠦ᠂ ᠠᠵᠢᠯᠲᠠᠳ ᠤᠨ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠶᠢᠨ ᠬᠠᠮᠲᠤ | ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠶᠢ ᠠᠩᠬᠠᠷᠴᠤ᠂ ᠪᠦᠭᠡᠮᠨᠡᠷᠡᠵᠦ ᠴᠤᠭᠯᠠᠷᠠᠬᠤ ᠠᠴᠠ ᠵᠠᠶᠢᠯᠠᠰᠬᠢᠬᠦ | ᠬᠡᠷᠡᠭᠲᠡᠢ᠃ | ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠳᠤᠷ | ᠨᠠᠶᠢᠳᠠᠪᠤᠷᠢᠵᠢᠭᠤᠯᠤᠭᠰᠠᠨ ᠦᠭᠡᠢ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ | ᠬᠠᠮᠵᠢᠯᠴᠠᠬᠤ ᠶᠢ ᠲᠡᠪᠴᠢᠵᠦ᠂ ᠬᠢᠵᠢᠭ ᠲᠡᠯᠭᠡᠷᠡᠬᠦ ᠵᠡᠷᠭᠡ ᠬᠦᠨᠳᠦ ᠨᠣᠴᠢᠲᠠᠢ ᠦᠷ᠎ᠡ ᠳ᠋ᠦᠩ ᠢ ᠪᠣᠢ ᠪᠣᠯᠭᠠᠭᠰᠠᠨ | ᠨᠢᠭᠡᠴᠡ ᠪᠠ ᠬᠤᠪᠢ ᠬᠥᠮᠥᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠬᠠᠷᠢᠭᠤᠴᠠᠯᠭ᠎ᠠ ᠨᠡᠬᠡᠮᠵᠢᠯᠡᠬᠦ ᠪᠠ ᠰᠢᠳᠭᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃᠃ | ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠷᠭᠠᠴᠠᠭᠠᠵᠤ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 8 ᠳ᠋ᠤᠭᠠᠷ ᠰᠠᠷ᠎ᠠ ᠶᠢᠨ 15 ᠤ ᠡᠳᠦᠷ | | | | | | | | | | | | | | | | | | | | | | | | | | | | | | | | | | | | | | | | | | |