ᠬᠥᠬᠡᠬᠤᠲᠠ ᠳᠤ ᠢᠷᠡᠬᠦ ︵ᠪᠤᠴᠠᠬᠤ︶ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/8/17
   ︵2022 ᠣᠨ ᠤ 76 ᠳ᠋ᠤᠭᠠᠷ ᠲᠣᠭᠠᠲᠤ︶    ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠣᠨᠣᠪᠴᠢᠲᠠᠶ ᠰᠠᠶᠢᠲᠤᠷ ᠬᠢᠵᠦ᠂ ᠬᠢᠵᠢᠭ ᠬᠠᠯᠳᠠᠪᠤᠷᠢᠯᠠᠨ ᠣᠷᠤᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 70 ᠳ᠋ᠤᠭᠠᠷ ᠲᠣᠭᠠᠲᠤ ᠠᠯᠪᠠᠨ ᠵᠠᠷᠯᠠᠯ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠥᠬᠡᠬᠤᠲᠠ ᠳᠤ ᠢᠷᠡᠬᠦ ︵ᠪᠤᠴᠠᠬᠤ︶ ᠬᠥᠮᠥᠰ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠡᠳᠦᠭᠡ ᠳᠣᠣᠷᠠᠬᠢ ᠮᠡᠲᠦ ᠨᠦᠬᠦᠪᠦᠷᠢᠯᠡᠨ ᠵᠠᠷᠯᠠᠶ᠎ᠠ᠄    ᠨᠢᠭᠡ᠂ ᠲᠣᠰ ᠡᠳᠦᠷ ᠠᠴᠠ ᠡᠬᠢᠯᠡᠨ᠂ ᠬᠥᠬᠡᠬᠤᠲᠠ ᠳᠤ ᠢᠷᠡᠬᠦ ︵ᠪᠤᠴᠠᠬᠤ︶ ᠪᠣᠶ ᠪᠦᠬᠦᠢ ᠬᠥᠮᠥᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ ᠪᠦᠭᠡᠳ 3 ᠡᠳᠦᠷ ᠤᠨ ᠳᠣᠲᠤᠷ᠎ᠠ 2 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ ︵ᠳᠠᠷᠤᠢ ᠢᠷᠡᠭᠰᠡᠨ ᠳᠠᠷᠤᠢ ᠳᠠᠭᠠᠨ ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠬᠥᠬᠡᠬᠤᠲᠠ ᠳᠤ ᠣᠷᠣᠭᠰᠠᠨ ᠤ ᠳᠠᠷᠠᠭᠠᠬᠢ 24 — 72 ᠴᠠᠭ ᠤᠨ ᠳᠣᠲᠣᠷ᠎ᠠ ᠬᠢᠵᠦ ᠳᠠᠭᠤᠰᠬᠠᠬᠤ ᠬᠡᠷᠡᠭᠲᠡᠢ︶᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠭᠡᠢ ᠪᠣᠯ ︽ᠬᠦᠬᠡᠬᠤᠲᠠ ᠶᠢᠨ ᠺᠣᠳ᠋︾ ᠳᠡᠭᠡᠷ᠎ᠡ ᠨᠢ ᠰᠠᠨᠠᠭᠤᠯᠤᠮᠵᠢ ᠶᠢᠨ ᠴᠣᠩᠬᠤ ᠢᠯᠡᠷᠡᠨ᠎ᠡ᠂ ᠰᠠᠨᠠᠭᠠᠴᠢᠯᠠᠭ᠎ᠠ ᠠᠴᠠ ᠪᠠᠨ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ ᠰᠠᠨᠠᠭᠤᠯᠤᠮᠵᠢ ᠶᠢᠨ ᠴᠣᠩᠬᠤ ᠠᠶᠠᠨᠳᠠᠭᠠᠨ ᠠᠷᠢᠯᠤᠨ᠎ᠠ᠃    ᠬᠤᠶᠠᠷ᠂ ᠣᠶᠢᠷ᠎ᠠ ᠶᠢᠨ 7 ᠬᠤᠨᠤᠭ ᠤᠨ ᠳᠣᠲᠣᠷ᠎ᠠ ᠬᠠᠶᠢᠨᠠᠨ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠵᠢᠴᠢ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠭᠠᠷᠬᠤ ᠪᠣᠶᠣ ᠳᠡᠭᠡᠷ᠎ᠡ ᠳᠤᠷᠠᠳᠤᠭᠰᠠᠨ ᠭᠠᠵᠠᠷ ᠣᠷᠣᠨ ᠢᠶᠠᠷ ᠥᠩᠭᠡᠷᠡᠬᠦ ᠵᠠᠮ ᠬᠠᠷᠢᠯᠴᠠᠭᠠᠨ ᠤ ᠪᠠᠭᠠᠵᠢ ᠳᠤ ᠰᠠᠭᠤᠭᠰᠠᠨ ᠬᠥᠬᠡᠬᠤᠲᠠ ᠳᠤ ᠢᠷᠡᠬᠦ ︵ᠪᠤᠴᠠᠬᠤ︶ ᠬᠥᠮᠥᠰ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶ ᠂ ᠨᠢᠭᠡᠴᠡ ᠪᠤᠶᠤ ᠪᠠᠭᠤᠬᠤ ᠪᠠᠭᠤᠳᠠᠯ ᠳᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ︵ᠲᠣᠰᠬᠤᠨ︶ ᠤᠨ ᠲᠣᠣᠷᠵᠢᠭᠰᠠᠨ ᠬᠠᠮᠢᠶᠠᠷᠤᠯᠲᠠ ᠳᠤ ᠣᠷᠣᠭᠤᠯᠤᠨ᠂ ᠬᠥᠬᠡᠬᠤᠲᠠ ᠳᠤ ᠢᠷᠡᠭᠰᠡᠨ ᠤ ᠳᠠᠷᠠᠭ᠎ᠠ ︽3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾  ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠦᠭᠡᠢ᠂ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠭᠡᠷ ᠲᠤᠨᠢ ᠬᠦᠷᠴᠦ ᠦᠯᠢᠭᠡᠷ ᠠᠪᠤᠨ᠎ᠠ᠃    ᠭᠤᠷᠪᠠ᠂ ᠬᠠᠶᠢᠨᠠᠨ᠂ ᠲᠥᠪᠡᠳ᠂ ᠰᠢᠨᠵᠢᠶᠠᠩ ᠠᠴᠠ ᠪᠤᠰᠤᠳ ᠭᠠᠵᠠᠷ ᠣᠷᠣᠨ ᠠᠴᠠ ᠬᠥᠬᠡᠬᠤᠲᠠ ᠳᠤ ᠢᠷᠡᠬᠦ ︵ᠪᠤᠴᠠᠬᠤ︶ ᠬᠥᠮᠥᠰ ᠥᠪᠡᠷᠲᠡᠭᠡᠨ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠶᠢᠨ ᠬᠠᠮᠲᠤ 7 ᠡᠳᠦᠷ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠡ᠂ ᠬᠤᠶᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠢᠶᠠᠨ ᠮᠡᠳᠡᠬᠦ ᠠᠴᠠ ᠡᠮᠦᠨ᠎ᠡ ᠬᠥᠮᠥᠨ ᠣᠯᠠᠨ ᠴᠤᠭᠯᠠᠷᠠᠳᠠᠭ ᠭᠠᠵᠠᠷ ᠲᠤ ᠣᠴᠢᠵᠤ ᠪᠣᠯᠬᠤ ᠦᠭᠡᠢ᠂ ᠬᠠᠮᠲᠤ ᠬᠤᠭᠤᠯᠠᠯᠠᠵᠤ᠂ ᠴᠤᠭᠯᠠᠵᠤ ᠪᠣᠯᠬᠤ ᠦᠭᠡᠢ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠨ᠎ᠡ᠃    ᠳᠥᠷᠪᠡ᠂ ᠣᠶᠢᠷ᠎ᠠ ᠶᠢᠨ 7 ᠬᠤᠨᠤᠭ ᠤᠨ ᠳᠣᠲᠣᠷ᠎ᠠ ᠲᠦᠭᠰᠢᠭᠦᠷᠢ ᠶᠡᠬᠡᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠢ 7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ ᠣᠶᠢᠷ᠎ᠠ ᠶᠢᠨ 7 ᠬᠤᠨᠤᠭ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠢ 7 ᠡᠳᠦᠷ ᠭᠡᠷ ᠲᠤᠨᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠂ ᠭᠡᠷ ᠲᠡᠭᠡᠨ ᠰᠠᠭᠤᠵᠤ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠳᠡᠭᠡᠷ᠎ᠡ ᠳᠤᠷᠠᠳᠤᠭᠰᠠᠨ ᠬᠥᠮᠥᠰ ᠤᠨ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢ ᠲᠠᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠃    ᠲᠠᠪᠤ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠴᠢᠬᠤᠯᠠ ᠦᠭᠡᠢ ᠪᠣᠯ ᠣᠶᠢᠷ᠎ᠠ ᠶᠢᠨ ᠬᠤᠭᠤᠴᠠᠭᠠᠨ ᠳᠤ ᠣᠷᠣᠨ ᠨᠤᠲᠤᠭ ᠤᠨ ᠡᠪᠡᠳᠴᠢᠨ ᠤ ᠵᠢᠱᠢᠶ᠎ᠡ ᠶᠢ ᠮᠡᠳᠡᠭᠦᠯᠦᠭᠰᠡᠨ ᠭᠠᠵᠠᠷ ᠣᠷᠣᠨ ᠳᠤ ᠣᠴᠢᠬᠤ ᠦᠭᠡᠢ᠃ ᠬᠡᠷᠪᠡ ᠵᠠᠪᠠᠯ ᠣᠴᠢᠬᠤ ᠴᠢᠬᠤᠯᠠᠲᠠᠢ ᠪᠣᠯ᠂ ᠵᠣᠷᠢᠵᠦ ᠬᠦᠷᠬᠦ ᠭᠠᠵᠠᠷ ᠤᠨ ᠢᠶᠠᠨ ᠬᠢᠵᠢᠭ ᠤᠨ ᠪᠠᠶᠢᠳᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠡᠷᠬᠡᠪᠰᠢ ᠤᠷᠢᠳᠴᠢᠯᠠᠨ ᠣᠶᠢᠯᠠᠭᠠᠵᠤ᠂ ᠵᠠᠮ ᠵᠠᠭᠤᠷ᠎ᠠ ᠪᠠᠨ ᠬᠤᠪᠢ ᠬᠥᠮᠥᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠢ ᠶᠢ ᠪᠠᠲᠤᠯᠠᠨ᠎ᠠ᠃    ᠵᠢᠷᠭᠤᠭ᠎ᠠ᠂ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠢ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠭᠡᠵᠦ᠂ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠰᠠᠭᠤᠨ ᠯᠠᠪᠯᠠᠬᠤ ᠤᠲᠠᠰᠤ᠄    ᠬᠥᠬᠡᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6627113᠂ 0471-6627106    ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6901455    ᠬᠤᠲᠣᠩ ᠠᠷᠠᠳ ᠤᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6306994    ᠢᠥᠢ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-5973029    ᠰᠠᠶᠢᠬᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-6680742    ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-3188885    ᠲᠣᠭᠲᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-8528589    ᠬᠤᠷᠢᠨᠭᠡᠷ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-7191244    ᠴᠢᠩ ᠱᠦᠢ ᠾᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-7912822    ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 0471-8822235    ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ          2022 ᠣᠨ ᠤ 8 ᠳ᠋ᠤᠭᠠᠷ ᠰᠠᠷ᠎ᠠ ᠶᠢᠨ 15 ᠤ ᠡᠳᠦᠷ    
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号