8 ᠳ᠋ᠤᠭᠠᠷ ᠰᠠᠷ᠎ᠠ ᠶᠢᠨ 16 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ | ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠦᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶ | ᠨᠡᠮᠡᠭᠳᠡᠵᠦ᠂ ᠡᠭᠦᠨ ᠳᠤ ᠬᠥᠬᠡᠬᠤᠲᠠ ᠳᠤ 1 ︵8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠨᠢᠰᠬᠡᠯ ᠤᠨ | ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ | ᠭᠠᠷᠤᠨ ᠬᠤᠶᠢᠳᠣ ᠬᠤᠰᠢᠭᠤᠨ ᠳᠤ᠂ ᠡᠮᠦᠨᠡᠬᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠣᠶᠢᠷ᠎ᠠ | ᠬᠠᠪᠢᠳᠠᠯ︶᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 10 ᠬᠥᠮᠥᠨ ᠢᠯᠠᠷᠢᠰᠢᠵᠦ | ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ︶᠂ | ᠤᠯᠠᠭᠠᠨᠴᠠᠪ ᠬᠤᠲᠠ ᠳᠤ 6 ︵ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ 5᠂ ᠱᠠᠩᠲᠤ ᠰᠢᠶᠠᠨ ᠳᠤ 1︶ | ᠂ ᠦᠬᠠᠢ ᠬᠤᠲᠠ ᠳᠤ 1 ︵ᠬᠠᠶᠢᠷᠣᠪ ᠤᠨ ᠲᠣᠬᠤᠢ ᠲᠣᠭᠤᠷᠢᠭ ᠲᠤ︶ ᠪᠣᠢ᠃ ᠣᠷᠣᠨ ᠨᠤᠲᠤᠭ ᠤᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 7 ᠬᠥᠮᠥᠨ ᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ︶᠂ | ᠤᠯᠠᠭᠠᠨᠴᠠᠪ ᠬᠤᠲᠠ ᠳᠤ 3 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠣᠢ᠃ | 8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 73 ᠪᠤᠢ᠂ ᠡᠭᠦᠨ ᠳᠤ | ᠬᠥᠬᠡᠬᠤᠲᠠ ᠳᠤ 7 ︵ᠦᠴᠦᠸᠠᠨ ᠰᠢᠶᠠᠨ ᠳᠤ 1᠂ ᠪᠤᠰᠤᠳ 6 ᠨᠢ ᠨᠢᠭᠡ ᠡᠭᠡᠯᠵᠢ ᠶᠢᠨ ᠨᠢᠰᠬᠡᠯ ᠤᠨ | ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 13 ︵ᠴᠥᠮ ᠡᠷᠢᠶᠡᠨ ᠬᠤᠲᠠ ᠳᠤ | ᠪᠣᠢ︶᠂ ᠤᠯᠠᠭᠠᠨᠴᠠᠪ ᠬᠤᠲᠠ ᠳᠤ 52 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤᠨ ᠳᠤ 44᠂ ᠱᠠᠩᠳᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ | ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 39 ᠪᠣᠢ᠂ | ᠡᠭᠦᠨ ᠳᠤ ᠬᠥᠬᠡᠬᠤᠲᠠ ᠳᠤ 1 ︵ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ | ︶᠂ ᠰᠢᠯᠢ ᠶᠢᠨ ᠭᠤᠣᠯ ᠠᠶᠢᠮᠠᠭ ᠲᠤ 4 ︵ᠡᠷᠢᠶᠡᠨ ᠬᠤᠲᠠ ᠳᠤ 3᠂ ᠰᠥᠨᠢᠳ ᠪᠠᠷᠠᠭᠤᠨ ᠬᠤᠰᠢᠭᠤᠨ ᠳᠤ 1︶᠂ | ᠤᠯᠠᠭᠠᠨᠴᠠᠪ ᠬᠤᠲᠠ ᠳᠤ 34 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | 33︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 14 ︵ᠴᠥᠮ ᠬᠥᠬᠡᠬᠤᠲᠠ ᠳᠤ︶ ᠪᠣᠢ᠃ ᠳᠡᠭᠡᠷᠡᠬᠢ | ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ | ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ | | | | | | | | | | | | | | | | | | | | | | | | | | | | | | | | |