︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠬᠦᠭᠵᠢᠬᠦ ᠶᠢ | ᠦᠨᠡᠨᠬᠦ ᠠᠬᠢᠭᠤᠯᠤᠨ᠂ ᠨᠡᠶᠢᠲᠡ ᠣᠯᠠᠨ ᠢᠶᠠᠷ ᠢᠶᠠᠨ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ | ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠢ | ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ | ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠬᠡᠬᠤᠲᠠ ᠶᠢᠨ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ | ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠥᠯ︾ ᠢ ᠨᠡᠶᠢᠲᠡ ᠳᠥᠷᠪᠡᠨ ᠶᠡᠭᠡ ᠬᠡᠰᠡᠭ ᠲᠤ ᠬᠤᠪᠢᠶᠠᠪᠠ | ᠃ | ᠨᠢᠭᠡᠳᠦᠭᠡᠷ ᠬᠡᠰᠡᠭ ᠨᠢ ᠵᠢᠯᠤᠭᠤᠳᠬᠤ ᠦᠵᠡᠯ ᠰᠠᠨᠠᠭ᠎ᠠ ᠪᠣᠯᠣᠨ᠎ᠠ᠂ ᠡᠭᠦᠨ ᠳᠤ ︽ᠴᠢᠨᠠᠷ ᠰᠠᠶᠢᠲᠠᠢ | ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ | ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠬᠦ︾ ᠵᠢᠯᠤᠭᠤᠳᠬᠤ ᠦᠵᠡᠯ ᠰᠠᠨᠠᠭ᠎ᠠ ᠶᠢ | ᠳᠣᠳᠤᠷᠬᠠᠶᠢᠯᠠᠪᠠ᠃ | ᠬᠤᠶᠠᠳᠤᠭᠠᠷ ᠬᠡᠰᠡᠭ ᠨᠢ ᠬᠥᠭᠵᠢᠯᠲᠡ ᠶᠢᠨ ᠬᠠᠷᠠᠯᠲᠠ ᠪᠣᠯᠣᠨ᠎ᠠ᠂ ᠡᠭᠦᠨ ᠳᠤ 2022 ᠣᠨ ᠳᠤ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ | ᠬᠡᠷᠬᠢᠨ ᠦᠨᠡᠨ ᠬᠦ ᠪᠠᠲᠤᠯᠠᠬᠤ ᠲᠤᠬᠠᠢ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠭᠦᠨ ᠳᠤ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠰᠢᠯᠢᠳᠡᠭᠵᠢᠭᠦᠯᠬᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠭᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠦᠢᠯᠡᠴᠢᠯᠡᠭᠡ ᠶᠢ ᠴᠢᠩᠭᠠᠳᠬᠠᠬᠤ᠂ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ | ᠬᠠᠮᠠᠭᠠᠯᠠᠬᠤ ᠵᠡᠷᠭᠡ ᠲᠠᠪᠤᠨ ᠲᠠᠯ᠎ᠠ ᠶᠢᠨ 23 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃ | ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠨ | ᠤᠳᠤᠷᠢᠳᠬᠤ ᠶᠢ ᠴᠢᠩᠭᠠᠳᠬᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠬᠢᠨᠠᠨ | ᠰᠢᠯᠭᠠᠵᠤ ᠬᠢᠨᠠᠨ ᠬᠡᠮᠵᠢᠬᠦ ᠶᠢ ᠴᠢᠩᠭᠠᠳᠬᠠᠬᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ | ᠳᠥᠷᠪᠡᠨ ᠲᠠᠯ᠎ᠠ ᠠᠴᠠ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ᠭᠤᠷᠪᠠ᠂ ᠭᠤᠣᠯ ᠪᠣᠯᠬᠤ ᠬᠢᠯᠠᠰ ᠴᠡᠭ | ᠨᠢᠭᠡ ᠳᠤ᠂ ᠬᠥᠭᠵᠢᠯᠲᠡ ᠶᠢᠨ ᠬᠠᠷᠠᠯᠲᠠ ᠶᠢ ᠲᠣᠳᠤᠷᠬᠠᠶᠢᠯᠠᠪᠠ᠃ ᠲᠥᠰᠥᠯ ᠳᠤ 2022 ᠣᠨ ᠤ ᠪᠥᠬᠦ | ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠲᠣᠳᠣᠷᠬᠠᠢ | ᠲᠣᠭᠲᠠᠭᠠᠪᠠ᠂ 2021 ᠣᠨ ᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠢᠨ᠎ᠡ ᠪᠠᠷ ᠨᠡᠮᠡᠭᠳᠡᠭᠰᠡᠨ ᠪᠠᠶᠢᠳᠠᠯ ᠢ ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠪᠥᠬᠦ | ᠬᠤᠲᠠ ᠶᠢᠨ ᠨᠡᠮᠡᠭᠳᠡᠯ ᠳᠤ ᠡᠵᠡᠯᠡᠬᠦ ᠬᠠᠷᠢᠴᠠᠯ ᠢᠶᠠᠷ ᠡᠨᠡ ᠵᠢᠯ ᠪᠡᠶᠡᠯᠡᠭᠦᠯᠬᠦ ᠪᠠᠷ ᠵᠢᠱᠢᠭᠰᠡᠨ ᠨᠡᠮᠡᠭᠳᠡᠯ ᠤᠨ ᠬᠡᠮᠵᠢᠶ᠎ᠡ ᠶᠢ | ᠵᠢᠭᠰᠠᠭᠠᠪᠠ᠃ | ᠬᠤᠶᠠᠷ ᠲᠤ ᠬᠠᠮᠲᠤᠷᠠᠨ ᠬᠦᠴᠦᠯᠡᠬᠦ ᠶᠢ ᠳᠣᠪᠤᠶᠢᠯᠭᠠᠪᠠ᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ | ᠤᠳᠤᠷᠢᠳᠬᠤ ᠳᠤᠭᠤᠶᠢᠯᠠᠩ ᠤᠨ ᠳᠣᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠤᠰᠬᠠᠢ ᠠᠩᠭᠢ ᠭᠠᠷᠭᠠᠵᠤ᠂ ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠤᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ | ᠪᠦᠷᠢᠯᠳᠦᠭᠦᠨ ᠨᠢᠭᠡᠴᠡ ᠪᠠᠷ ᠪᠦᠷᠢᠯᠳᠦᠭᠰᠡᠨ ᠬᠤᠲᠠ ᠶᠢᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠳᠦᠷᠢᠮ ᠢ ᠪᠠᠶᠢᠭᠤᠯᠵᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠠᠮᠳᠤᠷᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ | ᠵᠠᠷᠯᠠᠨ ᠮᠡᠳᠡᠭᠳᠡᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ | ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠳᠠ ᠶᠢᠨ ᠵᠠᠰᠠᠭ ᠤᠨ | ᠣᠷᠳᠣᠨ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠡᠭᠦᠷᠭᠡ | ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | ᠬᠠᠷᠢᠯᠴᠠᠬᠤ ᠬᠥᠮᠥᠨ᠄ ᠯᠢᠦ ᠢᠦᠢ᠂ ᠬᠠᠷᠢᠯᠴᠠᠬᠤ ᠬᠡᠯᠪᠡᠷᠢ᠄ 5699710 | | | | | | | | | | | | | | | | | | | | | | | | | | | | | | | | | | | | | | | | | | | | | | |