8 ᠳ᠋ᠤᠭᠠᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 | ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 1 ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠪᠠ᠂ | ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠣᠶᠢᠷ᠎ᠠ ᠬᠠᠪᠢᠳᠠᠯ ᠤᠨ ᠰᠢᠭᠰᠢᠨ | ᠪᠠᠶᠢᠴᠠᠭᠠᠯᠲᠠ ᠳᠤ ᠪᠠᠶᠢᠴᠠᠭᠠᠵᠤ ᠭᠠᠷᠭᠠᠪᠠ᠂ ᠡᠷᠢᠶᠡᠨ ᠬᠤᠲᠠ ᠳᠤ ᠪᠣᠢ︶᠃ ᠣᠷᠣᠨ ᠨᠤᠲᠤᠭ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠠᠯᠠᠱᠠ | ᠠᠶᠢᠮᠠᠭ ᠤᠨ ᠠᠯᠠᠱᠠ ᠵᠡᠭᠦᠨ ᠬᠤᠰᠢᠭᠤᠨ ᠳᠤ ᠪᠣᠢ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ | ᠡᠪᠡᠳᠴᠢᠨ ᠤ ᠵᠢᠱᠢᠶ᠎ᠡ ᠠᠴᠠ 3 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ | ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ | ᠬᠤᠲᠠ ᠳᠤ ᠪᠣᠢ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ ᠪᠣᠢ︶᠃ | ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ᠢ ᠠᠨᠠᠭᠠᠬᠤ | ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ | ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ︶᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 ᠬᠥᠮᠥᠨ ︵ | ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ | ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢᠯᠡᠷᠢᠰᠢᠵᠦ | ᠡᠮᠨᠡᠯᠭᠡ ᠠᠴᠠ ᠭᠠᠷᠪᠠ᠃ | 8 ᠳ᠋ᠤᠭᠠᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 42 ᠪᠤᠢ᠂ ᠡᠭᠦᠨ ᠳᠤ | ᠬᠥᠬᠡᠬᠤᠲᠠ ᠳᠤ 6 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ ᠲᠣᠳᠣᠯᠠᠭᠰᠠᠨ | ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1᠂ ᠪᠤᠰᠤᠳ 4 ᠨᠢ ᠨᠢᠭᠡ ᠡᠭᠡᠯᠵᠢ ᠶᠢᠨ ᠨᠢᠰᠬᠡᠯ ᠤᠨ | ᠲᠣᠳᠣᠯᠠᠭᠰᠠᠨ ᠡᠪᠡᠳᠴᠢᠨ ᠤ ᠵᠢᠱᠢᠶ᠎ᠡ︶᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ | ᠬᠥᠯᠥᠨ ᠪᠤᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 6 ︵ | ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 19 ︵ᠵᠢᠨᠢᠩ ᠲᠣᠭᠤᠷᠢᠭ ᠲᠤ 1᠂ ᠴᠠᠬᠠᠷ | ᠪᠠᠷᠠᠭᠤᠨ ᠭᠠᠷᠤᠨ ᠬᠤᠶᠢᠳᠤ ᠬᠤᠰᠢᠭᠤᠨ ᠳᠤ 18 ᠪᠣᠢ︶᠂ ᠣᠷᠳᠣᠰ ᠬᠤᠲᠠ ᠳᠤ 2 ︵ᠴᠥᠮ ᠣᠲᠤᠭ | ᠬᠤᠰᠢᠭᠤᠨ ᠳᠤ ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 23 | ᠪᠣᠢ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ | ᠠᠶᠢᠮᠠᠭ ᠲᠤ 2 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 16 ︵ᠵᠢᠨᠢᠩ ᠲᠣᠭᠤᠷᠢᠭ ᠲᠤ | 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 15︶᠂ ᠠᠯᠠᠱᠠ ᠠᠶᠢᠮᠠᠭ ᠲᠤ 3 ︵ᠴᠥᠮ ᠠᠯᠠᠱᠠ | ᠵᠡᠭᠦᠨ ᠬᠤᠰᠢᠭᠤᠨ ᠳᠤ ᠪᠣᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶ ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ | ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ | | | | | | | | | | | | | | | | | | | | | | | | | | | | | | | | | | | | | | | | | | | | | | | | |