ᠨᠢᠭᠡ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ | ᠶᠢ ᠲᠣᠭᠲᠠᠭᠠᠭᠰᠠᠨ ᠠᠬᠤᠢ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯ ᠮᠠᠨ ᠤ ᠤᠯᠤᠰ ᠤᠨ ᠦᠷᠬᠦᠯᠵᠢᠯᠡᠭᠦ᠋ᠢᠴᠡ | ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠷᠢᠭᠤᠴᠠᠯᠭ᠎ᠠ ᠲᠠᠢ ᠲᠣᠮᠣ ᠤᠯᠤᠰ ᠤᠨ ᠬᠠᠷᠢᠭᠤᠴᠠᠯᠭ᠎ᠠ | ᠡᠭᠦᠷᠭᠡᠯᠡᠯ ᠮᠥᠨ᠃ 2020 ᠣᠨ ᠤ 9 ᠳ᠋ᠤᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠲᠠᠯᠠᠨ | ᠲᠠᠪᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ | ᠮᠠᠷᠭᠤᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ︽ᠤᠯᠤᠰ ᠤᠨ ᠪᠡᠶ᠎ᠡ ᠪᠠᠨ ᠳᠠᠭᠠᠭᠠᠵᠤ | ᠬᠤᠪᠢ ᠨᠡᠮᠡᠷᠢ ᠦᠵᠡᠭᠦᠯᠬᠦ︾ ᠡᠷᠴᠢᠮ ᠢᠶᠠᠨ ᠴᠢᠩᠭᠠᠷᠠᠭᠤᠯᠵᠤ᠂ ᠨᠡᠩ ᠬᠦᠴᠦᠲᠡᠢ ᠲᠦᠷᠦ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 | ᠣᠨ ᠠᠴᠠ ᠡᠮᠦᠨ᠎ᠡ ᠤᠷᠬᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠵᠠᠷᠯᠠᠪᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠮᠥᠨ | ᠂ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠪᠠᠶᠢᠭᠰᠠᠨ ᠠᠴᠠ ᠪᠠᠨ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠡᠶᠢᠰᠢ ᠤᠷᠤᠭᠰᠢᠯᠠᠬᠤ | ᠵᠠᠩᠭᠢᠯᠠᠭ᠎ᠠ ᠶᠢᠨ ᠬᠤᠭᠤᠴᠠᠭ᠎ᠠ ᠮᠥᠨ᠂ ᠮᠦᠨᠴᠦ ᠮᠠᠨ ᠤ ᠤᠯᠤᠰ ᠤᠨ ᠤᠯᠤᠰ ᠤᠨ ᠪᠡᠶ᠎ᠡ ᠪᠠᠨ ᠳᠠᠭᠠᠭᠠᠵᠤ ᠬᠤᠪᠢ | ᠨᠡᠮᠡᠷᠢ ᠦᠵᠡᠭᠦᠯᠬᠦ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠮᠦᠨᠴᠦ 2030 ᠣᠨ᠂ | 2035 ᠣᠨ ᠢ ᠵᠣᠯᠭᠠᠭᠤᠯᠬᠤ ᠴᠢᠬᠤᠯᠠ ᠬᠤᠭᠤᠴᠠᠭ᠎ᠠ ᠮᠥᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠵᠠᠩᠭᠢᠯᠠᠭ᠎ᠠ ᠶᠢᠨ ᠲᠠᠪᠤᠨ ᠵᠢᠯ ᠮᠥᠨ᠃ | ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠲᠥᠯᠦᠪᠵᠢᠭᠦᠯᠭᠡ ᠶᠢᠨ ᠠᠵᠢᠯ ᠢ ᠰᠠᠶᠢᠲᠤᠷ ᠬᠢᠬᠦ ᠪᠣᠯ ᠬᠥᠬᠡᠬᠤᠲᠠ ᠶᠢᠨ ᠬᠦᠯᠡᠮᠵᠢ ᠶᠢᠨ ᠬᠡᠢ | ᠪᠡᠶᠡᠲᠦ ᠶᠢ ᠬᠢᠵᠠᠭᠠᠷᠯᠠᠬᠤ ᠪᠠ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠬᠡᠷᠡᠭᠴᠡᠭᠡ ᠪᠣᠯᠬᠤ ᠮᠥᠷᠲᠡᠭᠡᠨ ᠮᠦᠨᠴᠦ ᠠᠭᠠᠷ ᠮᠠᠨᠳᠠᠯ ᠤᠨ ᠪᠣᠬᠢᠷᠳᠤᠯ ᠢ ᠵᠠᠰᠠᠬᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠲᠦᠮᠵᠢᠲᠡᠶ ᠵᠣᠯᠭᠠᠭᠤᠯᠵᠤ᠂ ᠬᠥᠬᠡᠬᠤᠲᠠ ᠶᠢᠨ ᠦᠵᠡᠮᠵᠢ | ᠲᠡᠭᠦᠯᠳᠡᠷ ᠠᠭᠤᠯᠠ ᠤᠰᠤ ᠲᠠᠢ ᠰᠠᠶᠢᠬᠠᠨ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠬᠦᠴᠦᠨ | ᠨᠡᠮᠡᠷᠢᠯᠡᠬᠦ ᠶᠢᠨ ᠬᠡᠷᠡᠭᠴᠡᠭᠡ ᠪᠣᠯᠣᠨ᠎ᠠ᠃ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠨᠢ ᠣᠳᠣᠬᠢᠴᠢᠯᠠᠭᠰᠠᠨ | ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ ᠤ ᠨᠡᠮᠡᠭᠳᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠠᠪᠴᠢᠷᠠᠭᠰᠠᠨ ᠰᠢᠨ᠎ᠡ ᠨᠡᠮᠡᠭᠳᠡᠯ ᠵᠡᠷᠭᠡ ᠠᠵᠠ ᠲᠣᠬᠢᠶᠠᠯ ᠢ ᠤᠭᠲᠤᠨ ᠠᠪᠴᠢᠷᠠᠭᠰᠠᠨ ᠤ ᠬᠠᠮᠲᠤ ᠪᠠᠰᠠ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠬᠦᠴᠢᠷᠳᠡᠯ ᠶᠡᠭᠡ᠂ ᠰᠠᠭᠤᠭᠠᠯᠢ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠬᠦ᠂ | ᠭᠤᠣᠯᠳᠠᠯᠭ᠎ᠠ ᠲᠠᠢ ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢᠨ ᠣᠯᠠᠨ ᠳᠠᠪᠬᠤᠷ ᠥᠷᠢᠰᠦᠯᠳᠦᠭᠡᠨ | ᠵᠡᠷᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠦᠷᠭᠦᠯᠵᠢᠯᠡᠭᠦ᠋ᠢᠴᠡ ᠬᠥᠭᠵᠢᠯᠲᠡ ᠶᠢ ᠪᠡᠶᠡᠯᠡᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠳᠣᠲᠣᠭᠠᠳᠤ ᠱᠠᠭᠠᠷᠳᠠᠯᠭ᠎ᠠ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ | ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠴᠢᠬᠤᠯᠠ ᠶᠡᠭᠡ ᠠᠵᠠ ᠲᠣᠬᠢᠶᠠᠯ ᠢ | ᠡᠵᠡᠮᠳᠡᠵᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠠᠷᠠᠯᠲᠠ ᠶᠢ ᠦᠨᠡᠨᠬᠦ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠬᠦ ᠳᠤᠮᠳᠠ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠬᠦ ᠶᠢᠨ ᠲᠦᠯᠦᠭᠡ᠂ ︽ | ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠲᠥᠯᠦᠪᠵᠢᠭᠦᠯᠭᠡ︾ ᠶᠢ ᠲᠣᠭᠲᠠᠭᠠᠪᠠ᠃ | ᠬᠤᠶᠠᠷ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ | ︽ᠲᠥᠯᠦᠪᠵᠢᠭᠦᠯᠭᠡ︾ ᠨᠢ ︽ᠣᠳᠣᠬᠢ ᠪᠠᠶᠢᠳᠠᠯ ᠪᠠ ᠪᠠᠶᠢᠳᠠᠯ︾᠂ ︽ᠵᠢᠯᠤᠭᠤᠳᠬᠤ ᠦᠵᠡᠯ ᠰᠠᠨᠠᠭ᠎ᠠ ᠪᠠ | ᠭᠤᠣᠯ ᠬᠠᠷᠠᠯᠲᠠ︾᠂ ︽ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ︾᠂ ︽ᠠᠭᠤᠷ | ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠳᠤ ᠵᠣᠬᠢᠴᠠᠬᠤ︾᠂ ︽ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠲᠤᠷᠰᠢᠯᠲᠠ ᠶᠢᠨ ᠵᠢᠱᠢᠶ᠎ᠡ ᠶᠢ ᠴᠤᠭᠴᠠᠯᠠᠬᠤ︾᠂ ︽ᠵᠠᠰᠠᠯᠲᠠ ᠶᠢᠨ ᠰᠢᠰᠲ᠋ᠧᠮᠵᠢ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾᠂ ︽ᠪᠠᠲᠤᠯᠠᠭ᠎ᠠ ᠶᠢᠨ ᠠᠷᠭ᠎ᠠ ᠬᠡᠮᠵᠢᠶ᠎ᠡ︾ | ᠨᠡᠶᠢᠳᠡ ᠲᠤᠯᠤᠭᠠᠨ ᠪᠦᠯᠦᠭ 37 ᠬᠡᠰᠡᠭ ᠢᠶᠠᠷ ᠪᠦᠷᠢᠯᠳᠦᠵᠡᠢ᠃ | ᠨᠢᠭᠡᠳᠦᠭᠡᠷ ᠪᠦᠯᠦᠭ ᠣᠳᠣᠬᠢ ᠪᠠᠶᠢᠳᠠᠯ ᠪᠠ ᠪᠠᠶᠢᠳᠠᠯ᠃ ᠮᠠᠨ ᠤ ᠬᠤᠲᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠣᠳᠣᠬᠢ ᠪᠠᠶᠢᠳᠠᠯ ᠪᠠ ᠣᠯᠣᠭᠰᠠᠨ ᠦᠷ᠎ᠡ ᠪᠦᠲᠦᠮᠵᠢ ᠶᠢ ᠳ᠋ᠦᠩᠨᠡᠵᠦ᠂ ᠮᠠᠨ ᠤ | ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠠᠯ᠎ᠠ ᠪᠠᠷ ᠲᠤᠯᠭᠠᠷᠠᠵᠤ ᠪᠠᠶᠢᠭ᠎ᠠ ᠪᠠᠶᠢᠳᠠᠯ᠂ | ᠠᠵᠠ ᠲᠣᠬᠢᠶᠠᠯ ᠪᠠ ᠥᠷᠢᠰᠦᠯᠳᠦᠭᠡᠨ ᠢ ᠳᠤᠷᠠᠳᠤᠨ ᠭᠠᠷᠭᠠᠪᠠ᠃ | ᠬᠤᠶᠠᠳᠤᠭᠠᠷ ᠪᠦᠯᠦᠭ ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ | ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠭᠤᠣᠯ ᠬᠠᠷᠠᠯᠲᠠ ᠪᠣᠯ ᠠᠭᠤᠷ ᠠᠮᠢᠰᠬᠤᠯ ᠤᠨ | ᠬᠤᠪᠢᠷᠠᠯᠲᠠ ᠶᠢ ᠨᠠᠮᠳᠠᠭᠤᠯᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠠᠭᠤᠷ ᠠᠮᠢᠰᠬᠤᠯ ᠤᠨ | ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠶᠡᠬᠡᠪᠡᠷ ᠨᠡᠮᠡᠭᠳᠡᠭᠦᠯᠵᠦ᠂ ᠠᠭᠤᠷ ᠠᠮᠢᠰᠬᠤᠯ ᠤᠨ ᠵᠠᠰᠠᠯᠲᠠ ᠶᠢᠨ | ᠰᠢᠰᠲ᠋ᠧᠮᠵᠢ ᠶᠢ ᠨᠡᠩ ᠪᠦᠷᠢᠨᠰᠢᠭᠦᠯᠬᠦ ᠶᠠᠪᠤᠳᠠᠯ ᠪᠣᠯᠣᠨ᠎ᠠ᠃ | ᠭᠤᠷᠪᠠᠳᠤᠭᠠᠷ ᠪᠦᠯᠦᠭ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠨ᠎ᠠ᠃ ᠪᠦᠬᠦ | ᠬᠤᠳᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠠᠯᠢ ᠲᠦᠷᠭᠡᠨ ᠢᠶᠠᠷ | ᠤᠷᠬᠢᠯ ᠳᠤ ᠬᠦᠷᠭᠡᠬᠦ᠂ ᠭᠤᠣᠯᠳᠠᠯᠭ᠎ᠠ ᠲᠠᠢ ᠠᠵᠢᠯ ᠲᠦᠷᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠥᠷᠨᠢᠭᠦᠯᠬᠦ᠂ ᠡᠨᠧᠷᠭᠢ ᠶᠢᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠠᠵᠤ ᠦᠢᠯᠡᠳᠪᠦᠷᠢ ᠶᠢᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ 9 ᠲᠠᠯ᠎ᠠ ᠠᠴᠠ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠨ᠎ᠠ᠃ | ᠳᠥᠷᠪᠡᠳᠦᠭᠡᠷ ᠪᠦᠯᠦᠭ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠳᠤ ᠵᠣᠬᠢᠴᠠᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠰᠢᠰᠲ᠋ᠧᠮ ᠤᠨ | ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ᠂ ᠠᠭᠤᠷ ᠠᠮᠢᠰᠬᠤᠯ ᠤᠨ ᠤᠶᠠᠨ ᠬᠠᠲᠠᠨ ᠴᠢᠨᠠᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠳᠡᠭᠡᠭᠰᠢᠯᠡᠭᠦᠯᠬᠦ 4 ᠲᠠᠯ᠎ᠠ ᠪᠠᠷ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠨ᠎ᠠ᠃ | ᠲᠠᠪᠤᠳᠤᠭᠠᠷ ᠪᠦᠯᠦᠭ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠡᠭ ᠵᠢᠱᠢᠶ᠎ᠡ ᠶᠢ | ᠴᠤᠭᠴᠠᠯᠠᠨ᠎ᠠ᠃ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠳᠠ ᠶᠢᠨ ᠲᠤᠷᠰᠢᠯᠲᠠ ᠶᠢ ᠦᠷᠭᠦᠯᠵᠢᠯᠡᠨ | ᠲᠦᠯᠬᠢᠨ ᠠᠬᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ ᠶᠢᠨ ᠡᠯ᠎ᠡ ᠲᠦᠷᠦᠯ ᠤᠨ | ᠲᠤᠷᠰᠢᠯᠲᠠ ᠶᠢ ᠭᠦᠨᠵᠡᠭᠡᠶᠢᠷᠡᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠡᠯᠡ ᠣᠷᠣᠭᠤᠯᠤᠯᠲᠠ | ᠪᠡᠯᠡ ᠲᠣᠬᠢᠷᠠᠭᠤᠯᠭ᠎ᠠ ᠶᠢᠨ ᠲᠤᠷᠰᠢᠯᠲᠠ ᠶᠢ ᠥᠷᠨᠢᠭᠦᠯᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ | ᠣᠷᠴᠢᠮ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠵᠡᠷᠭᠡ 7 ᠲᠠᠯ᠎ᠠ ᠠᠴᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠬᠦᠯᠦᠨ᠎ᠡ᠃ | ᠵᠢᠷᠭᠤᠳᠤᠭᠠᠷ ᠪᠦᠯᠦᠭ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠦᠯᠬᠢᠨ ᠠᠬᠢᠭᠤᠯᠤᠨ᠎ᠠ᠃ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠷᠢᠳᠬᠡᠨ ᠲᠣᠭᠠᠴᠠᠬᠤ | ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠬᠤ ᠵᠡᠷᠭᠡ 6 ᠲᠠᠯ᠎ᠠ ᠠᠴᠠ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ | ᠳᠣᠯᠣᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ ᠬᠠᠮᠢᠶᠠᠷᠬᠤ ᠶᠢ | ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠪᠡᠯᠡ ᠮᠥᠩᠭᠦ ᠶᠢᠨ | ᠪᠠᠲᠤᠯᠠᠭ᠎ᠠ ᠶᠢ ᠨᠡᠮᠡᠭᠳᠡᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠶᠢ ᠴᠢᠩᠭᠠᠳᠬᠠᠬᠤ᠂ | ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠳᠠᠯᠠᠬᠤ ᠵᠡᠷᠭᠡ 5 ᠲᠠᠯ᠎ᠠ ᠠᠴᠠ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ | ᠬᠠᠷᠢᠯᠴᠠᠬᠤ ᠬᠥᠮᠥᠨ᠄ ᠴᠢ ᠯᠢ ᡁᠢ᠂ ᠬᠠᠷᠢᠯᠴᠠᠬᠤ ᠤᠲᠠᠰᠤ᠄ 4612780 | | | | | | | | | | | | | | | | | | | | | | | | | | | | | | | | | | | | | | | | |