8 ᠳ᠋ᠤᠭᠠᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 | ᠨᠡᠮᠡᠭᠳᠡᠪᠡ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠣᠷᠳᠣᠰ ᠬᠤᠲᠠ ᠳᠤ 1 | ︵ᠡᠵᠡᠨ ᠬᠤᠷᠤᠭ᠎ᠠ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 1 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6 ︵ᠨᠡᠶᠢᠰᠯᠡᠯ ᠤᠨ ᠨᠢᠰᠬᠡᠯ ᠤᠨ | ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠂ ᠴᠥᠮ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠭᠰᠠᠨ︶ ᠨᠡᠮᠡᠭᠳᠡᠪᠡ᠃ | 8 ᠳ᠋ᠤᠭᠠᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 28 ᠪᠤᠢ᠂ ᠡᠭᠦᠨ ᠳᠤ ᠪᠤᠭᠤᠲᠤ | ᠬᠤᠲᠠ ᠳᠤ 2 ︵ᠴᠥᠮ ᠴᠢᠩ ᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 19 ︵ᠴᠥᠮ ᠡᠷᠢᠶᠡᠨ | ᠬᠤᠲᠠ ᠳᠤ︶᠂ ᠤᠯᠠᠭᠠᠨᠴᠠᠪ ᠬᠤᠲᠠ ᠳᠤ 6 ︵ᠴᠥᠮ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ︶᠂ | ᠣᠷᠳᠣᠰ ᠬᠤᠲᠠ ᠳᠤ 1 ︵ᠡᠵᠡᠨ ᠬᠤᠷᠤᠭ᠎ᠠ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 19 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠪᠤᠢ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 17 ︵ᠴᠥᠮ ᠬᠥᠬᠡᠬᠤᠲᠠ ᠳᠤ︶ ᠪᠣᠢ᠃ ᠴᠥᠮ ᠲᠣᠭᠲᠠᠭᠰᠠᠨ ᠡᠮᠨᠡᠯᠭᠡ ᠶᠢᠨ | ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ | | | | | | | | | | | | | | | | | | | | | | | | | | | | | | | | | | | | |