︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ | ᠾᠧ ᠬᠠᠢ ᠳ᠋ᠦᠩ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 33 ᠳ᠋ᠤᠭᠠᠷ ᠤᠳᠠᠭ᠎ᠠ ᠶᠢᠨ | ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠣᠷᠣᠨ ᠵᠢᠴᠢ ᠮᠠᠨ ᠤ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ | ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠡᠵᠡᠮᠳᠡᠬᠦ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠦᠷᠭᠦᠯᠵᠢᠯᠡᠨ ᠨᠢᠭᠲᠠ ᠪᠠᠬᠢ ᠰᠦᠯᠵᠢᠵᠦ᠂ ᠬᠢᠯᠪᠠᠷ ᠪᠤᠰᠤ ᠪᠠᠷ | ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠢᠯᠤᠭᠤᠳᠬᠤ ᠰᠢᠰᠲ᠋ᠧᠮ ᠢ ᠴᠢᠩᠭᠠᠳᠬᠠᠬᠤ ᠬᠡᠷᠡᠭᠲᠡᠢ᠂ ᠡᠯ᠎ᠡ | ᠱᠠᠲᠤᠨ ᠤ ᠵᠢᠯᠤᠭᠤᠳᠬᠤ ᠭᠠᠵᠠᠷ ᠤᠨ ᠬᠢᠨ ᠳᠠᠷᠤᠢ ᠲᠦᠷᠭᠡᠨ ᠪᠠᠶᠢᠳᠠᠯ ᠳᠤ ᠣᠷᠣᠵᠤ᠂ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠬᠦ ᠬᠡᠷᠡᠭᠲᠡᠢ︔ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠂ | ︽ᠨᠢᠭᠡ ᠪᠠᠭᠤᠳᠠᠯ ᠬᠤᠶᠠᠷ ᠥᠷᠲᠡᠭᠡ︾᠂ ᠵᠠᠮ ᠬᠠᠷᠢᠯᠴᠠᠭᠠᠨ ᠤ ᠪᠣᠭᠤᠮᠲᠠ ᠵᠡᠷᠭᠡ ᠭᠤᠣᠯᠳᠠᠯᠭ᠎ᠠ ᠲᠠᠢ ᠣᠷᠣᠨ | ᠪᠠᠶᠢᠷᠢ ᠶᠢ ᠴᠢᠩᠭ᠎ᠠ ᠠᠩᠬᠠᠷᠴᠤ᠂ ᠬᠥᠬᠡᠬᠤᠲᠠ ᠳᠤ ᠢᠷᠡᠬᠦ ᠪᠤᠴᠠᠬᠤ ᠬᠥᠮᠥᠰ ᠤᠨ ᠪᠥᠭᠡᠮ ᠬᠦᠴᠢᠯ ᠢ ᠪᠠᠶᠢᠴᠠᠭᠠᠨ | ᠰᠢᠯᠭᠠᠬᠤ ᠪᠠ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ︔ ᠪᠥᠭᠡᠮ ᠬᠦᠴᠢᠯ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠂ ᠠᠵᠢᠯᠲᠠᠨ ᠢ ᠭᠦᠢᠴᠡᠳ | ᠲᠣᠬᠢᠷᠠᠭᠤᠯᠤᠨ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠶᠠᠰᠤ | ᠴᠢᠨᠠᠷ ᠬᠤᠷᠳᠤᠴᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠤᠨ ᠲᠠᠯ᠎ᠠ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠲᠣᠮᠣ ᠬᠡᠯᠪᠡᠷᠢ ᠶᠢᠨ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠭᠠᠵᠠᠷ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ | ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠣᠨᠣᠪᠴᠢᠲᠠᠢ ᠪᠦᠲᠦᠮᠵᠢᠲᠡᠢ ᠰᠡᠷᠭᠡᠶᠢᠯᠡᠨ ᠡᠵᠡᠮᠳᠡᠵᠦ | ᠬᠠᠮᠢᠶᠠᠷᠬᠤ ᠬᠡᠷᠡᠭᠲᠡᠢ︔ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠂ | ᠠᠷᠢᠭᠤᠳᠬᠠᠬᠤ ᠶᠢ ᠴᠢᠩᠳᠠᠯᠠᠵᠤ᠂ ᠠᠯᠬᠤᠮ ᠳᠠᠷᠠᠭ᠎ᠠ ᠶᠢ ᠵᠢᠷᠤᠮᠵᠢᠭᠤᠯᠤᠨ᠂ ᠵᠢᠵᠢᠭᠦᠷᠯᠡᠨ ᠰᠠᠬᠢᠬᠤ ᠬᠥᠮᠥᠰ ᠤᠨ | ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠬᠠᠷᠠᠭᠤᠯ ᠤᠨ ᠭᠠᠵᠠᠷ ᠤᠨ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠂ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ | ᠡᠮᠨᠡᠯᠭᠡ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ | ᠬᠡᠷᠪᠡ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠵᠦ ᠰᠢᠢᠳᠪᠦᠷᠢᠯᠡᠬᠦ ᠬᠡᠷᠡᠭᠲᠡᠢ︔ | ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠂ ᠣᠯᠠᠨ ᠲᠦᠮᠡᠨ ᠳᠤ ᠬᠢᠵᠢᠭ ᠠᠴᠠ | ᠰᠡᠷᠭᠡᠶᠢᠯᠡᠨ ᠬᠠᠮᠠᠭᠠᠯᠠᠬᠤ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠢᠳᠡᠪᠬᠢᠲᠡᠢ ᠲᠦᠭᠡᠮᠡᠯᠵᠢᠭᠦᠯᠵᠦ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ | ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠯᠲᠠ ᠶᠢ | ᠰᠠᠶᠢᠲᠤᠷ ᠬᠢᠯᠭᠡᠬᠦ ᠬᠡᠷᠡᠭᠲᠡᠢ︔ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠬᠡᠷᠡᠭᠲᠡᠢ | ᠂ ︽ᠲᠠᠷᠢᠬᠤ ᠶᠣᠰᠣᠲᠠᠢ ᠨᠢ ᠪᠦᠬᠦᠨ ᠢᠶᠠᠷ ᠢᠶᠠᠨ ᠲᠠᠷᠢᠬᠤ︾ ᠶᠢ ᠪᠡᠶᠡᠯᠡᠭᠦᠯᠵᠦ᠂ ᠨᠡᠶᠢᠲᠡ ᠶᠢᠨ ᠳᠠᠷᠬᠠᠯᠠᠭ᠎ᠠ ᠶᠢᠨ | ᠬᠠᠯᠬᠠᠪᠴᠢ ᠶᠢ ᠪᠠᠶᠢᠭᠤᠯᠬᠤ ᠬᠡᠷᠡᠭᠲᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ | ᠬᠡᠷᠡᠭᠲᠡᠢ᠂ ᠪᠠᠶᠢᠩᠭᠤ ᠶᠢᠨ ᠴᠢᠨᠠᠷᠲᠠᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ ᠵᠢᠴᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ | ᠴᠠᠭ ᠲᠤᠬᠠᠢ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ | ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ | ᠭᠠᠷᠭᠠᠵᠠᠢ᠃ | | | | | | | | | | | | | | | | | | | | | | | | | | | | | | | | | | | | |