8 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/1
     8 ᠳ᠋ᠤᠭᠠᠷ ᠰᠠᠷ᠎ᠠ ᠶᠢᠨ 31 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠪᠡ᠂ ᠡᠭᠦᠨ ᠳᠤ ᠬᠥᠬᠡᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠰᠢᠨ᠎ᠡ ᠬᠤᠲᠠ ᠲᠣᠭᠤᠷᠢᠭ ᠲᠤ ᠪᠣᠢ︶᠂ ᠰᠢᠯᠢ ᠶᠢᠨ ᠭᠤᠣᠯ ᠠᠶᠢᠮᠠᠭ ᠲᠤ 3 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠷᠢᠶᠡᠨ ᠬᠤᠲᠠ ᠳᠤ ᠪᠣᠢ︶ ᠪᠣᠢ᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ 4 ᠪᠣᠶ᠂ ᠡᠭᠦᠨ ᠳᠤ ᠬᠥᠬᠡᠬᠤᠲᠠ ᠳᠤ 1 ︵ᠵᠠᠮ ᠬᠠᠷᠢᠯᠴᠠᠭᠠᠨ ᠤ ᠪᠣᠭᠤᠮᠲᠠ ᠠᠮᠠᠰᠠᠷ ᠳᠡᠭᠡᠷᠡᠬᠢ ᠪᠥᠭᠡᠮ ᠬᠦᠴᠢᠯ ᠤᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ ᠰᠠᠶᠢᠬᠠᠨ ᠲᠣᠭᠤᠷᠢᠭ ᠲᠤ ᠪᠣᠢ︶᠂ ᠰᠢᠯᠢ ᠶᠢᠨ ᠭᠤᠣᠯ ᠠᠶᠢᠮᠠᠭ ᠲᠤ 3 ︵ᠡᠭᠦᠨ ᠳᠤ 1 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 2 ᠢ ᠨᠢ ᠲᠦᠭᠰᠢᠭᠦᠷᠢ ᠶᠡᠬᠡᠲᠡᠢ ᠣᠷᠣᠨ ᠳᠤ ᠰᠢᠭᠰᠢᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠪᠠ᠂ ᠴᠥᠮ ᠡᠷᠢᠶᠡᠨ ᠬᠤᠲᠠ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠰᠢᠯᠵᠢᠭᠦᠯᠦᠨ ᠪᠠᠭᠤᠯᠭᠠᠭᠰᠠᠨ︶ ᠪᠣᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠪᠤᠭᠤᠲᠤ ᠬᠤᠲᠠ ᠳᠤ 1 ︵ᠴᠢᠩ ᠱᠠᠨ ᠲᠣᠭᠤᠷᠢᠭ ᠲᠤ ᠪᠣᠢ︶᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ  ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠴᠤ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 7 ᠬᠦᠮᠦᠨ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      8 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 38 ᠪᠣᠢ᠂ ᠡᠭᠦᠨ ᠳᠤ ᠬᠥᠬᠡᠬᠤᠲᠠ ᠳᠤ 1 ︵ᠰᠢᠨ᠎ᠡ ᠬᠤᠲᠠ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 6 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 23 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠣᠷᠳᠣᠰ ᠬᠤᠲᠠ ᠳᠤ 6 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 1 ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 41 ᠪᠣᠶ᠂ ᠡᠭᠦᠨ ᠳᠤ ᠬᠥᠬᠡᠬᠤᠲᠠ ᠳᠤ 1 ︵ᠰᠠᠶᠢᠬᠠᠨ ᠲᠣᠭᠤᠷᠢᠭ ᠲᠤ ᠪᠣᠢ︶᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 35 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 20᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠠᠶᠢᠵᠤ᠂ ᠬᠥᠬᠡᠬᠤᠲᠠ ᠳᠤ ᠪᠣᠢ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号