9 ᠳ᠋ᠤᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/16
     9 ᠳ᠋ᠤᠭᠡᠷ ᠰᠠᠷ᠎ᠠ ᠶᠢᠨ 15 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠤᠯᠠᠭᠠᠨᠬᠠᠳᠠ ᠬᠤᠲᠠ ᠳᠤ 1 ︵ᠰᠦᠩᠱᠠᠨ ᠲᠣᠭᠤᠷᠢᠭ ᠲᠤ ᠪᠣᠢ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ᠪᠠᠶᠢᠬᠤ ᠬᠦᠮᠦᠰ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠪᠡ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 1 ︵ᠣᠩᠨᠢᠭᠤᠳ ᠬᠤᠰᠢᠭᠤᠨ ᠳᠤ ᠪᠣᠢ︶᠂ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ ᠪᠣᠢ︶᠂ ᠠᠯᠠᠱᠠ ᠠᠶᠢᠮᠠᠭ ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1 ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠣᠶ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 12 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 3 ︵ᠰᠢᠯᠢᠩᠬᠤᠲᠠ ᠳᠤ 1᠂ ᠡᠷᠢᠶᠡᠨ ᠬᠤᠲᠠ ᠳᠤ 2 ᠪᠣᠢ︶᠂ ᠤᠯᠠᠭᠠᠨᠬᠠᠳᠠ ᠬᠤᠲᠠ ᠳᠤ 6 ︵ᠰᠦᠩᠱᠠᠨ ᠲᠣᠭᠤᠷᠢᠭ ᠲᠤ 2᠂ ᠣᠩᠨᠢᠭᠤᠳ ᠬᠤᠰᠢᠭᠤᠨ ᠳᠤ 4 ᠪᠣᠢ︶ ᠪᠣᠶ︔ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 12 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ ︶᠂ ᠰᠢᠯᠢ ᠶᠢᠨ ᠭᠤᠣᠯ ᠠᠶᠢᠮᠠᠭ ᠲᠤ 5 ︵ᠰᠢᠯᠢᠩᠬᠤᠲᠠ ᠳᠤ 1᠂ ᠡᠷᠢᠶᠡᠨ ᠬᠤᠲᠠ ᠳᠤ 4 ᠪᠣᠢ︶᠂ ᠤᠯᠠᠭᠠᠨᠬᠠᠳᠠ ᠬᠤᠲᠠ ᠳᠤ 6 ︵ᠰᠦᠩᠱᠠᠨ ᠲᠣᠭᠤᠷᠢᠭ ᠲᠤ 5᠂ ᠣᠩᠨᠢᠭᠤᠳ ᠬᠤᠰᠢᠭᠤᠨ ᠳᠤ 1 ᠪᠣᠢ︶ ᠪᠣᠶ᠃      9 ᠳ᠋ᠤᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 300 ᠪᠣᠢ᠂ ᠡᠭᠦᠨ ᠳᠤ ᠬᠥᠬᠡᠬᠤᠲᠠ ᠳᠤ 2 ︵ᠴᠥᠮ ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠵᠢᠴᠢ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 264 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 109᠂ ᠣᠩᠨᠢᠭᠤᠳ ᠬᠤᠰᠢᠭᠤᠨ ᠳᠤ 147᠂ ᠠᠷᠤ ᠬᠤᠷᠴᠢᠨ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 27 ︵ᠰᠢᠯᠢᠩᠬᠤᠲᠠ ᠳᠤ 22᠂ ᠡᠷᠢᠶᠡᠨ ᠬᠤᠲᠠ ᠳᠤ 5 ᠪᠣᠢ︶᠂ ᠠᠯᠠᠱᠠ ᠠᠶᠢᠮᠠᠭ ᠲᠤ 4 ︵ᠪᠦᠷ ᠴᠡᠭᠡ ᠪᠣᠭᠤᠮᠲᠠ ᠳᠤ ᠪᠣᠶ︶᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 378 ᠪᠣᠢ᠂ ᠡᠭᠦᠨ ᠳᠤ ᠤᠯᠠᠭᠠᠨᠬᠠᠳᠠ ᠬᠤᠲᠠ ᠳᠤ 300 ︵ᠬᠤᠩᠱᠠᠨ ᠲᠣᠭᠤᠷᠢᠭ ᠲᠤ 9 ᠂ ᠰᠦᠩᠱᠠᠨ ᠲᠣᠭᠤᠷᠢᠭ ᠲᠤ 92᠂ ᠣᠩᠨᠢᠭᠤᠳ ᠬᠤᠩᠰᠢᠭᠤᠨ ᠳᠤ 199 ᠪᠣᠢ︶᠂ ᠰᠢᠯᠢ ᠶᠢᠨ ᠭᠤᠣᠯ ᠠᠶᠢᠮᠠᠭ ᠲᠤ 38 ︵ᠰᠢᠯᠢᠩᠬᠤᠲᠠ ᠳᠤ 29᠂ ᠡᠷᠢᠶᠡᠨ ᠬᠤᠲᠠ ᠳᠤ 9 ᠪᠣᠢ︶᠂ ᠪᠠᠶᠠᠨᠨᠠᠭᠤᠷ ᠬᠤᠲᠠ ᠳᠤ 6 ︵ᠴᠥᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 34 ︵ᠡᠵᠡᠨ᠎ᠡ ᠬᠤᠰᠢᠭᠤᠨ ᠳᠤ 2᠂ ᠴᠡᠭᠡ ᠪᠣᠭᠤᠮᠲᠠ ᠳᠤ 32 ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 4᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号