9 ᠳ᠋ᠤᠭᠡᠷ ᠰᠠᠷ᠎ᠠ ᠶᠢᠨ 1 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 | ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠬᠥᠬᠡᠬᠤᠲᠠ ᠳᠤ ᠪᠣᠢ᠂ 8 ᠳ᠋ᠤᠭᠠᠷ ᠰᠠᠷ᠎ᠠ ᠶᠢᠨ | 31 ᠤ ᠡᠳᠦᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠣᠶᠢᠷ᠎ᠠ ᠬᠠᠪᠢᠳᠠᠯ︶ ᠨᠡᠮᠡᠭᠳᠡᠪᠡ᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠨᠡᠮᠡᠭᠳᠡᠪᠡ᠂ ᠡᠭᠦᠨ ᠳᠤ ᠬᠥᠬᠡᠬᠤᠲᠠ ᠳᠤ 1 ︵ᠬᠦᠷᠴᠦ | ᠢᠷᠡᠭᠰᠡᠨ ᠲᠤᠬᠠᠢ ᠶᠢᠨ ᠭᠠᠵᠠᠷ ᠲᠤ ᠨᠢ ᠪᠥᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠪᠠ᠂ | ᠭᠠᠳᠠᠷ ᠮᠤᠵᠢ ᠠᠴᠠ ᠬᠥᠬᠡᠬᠤᠲᠠ ᠳᠤ ᠪᠤᠴᠠᠵᠤ ᠢᠷᠡᠭᠰᠡᠨ ᠬᠦᠮᠦᠨ︶᠂ ᠰᠢᠯᠢ ᠶᠢᠨ ᠭᠤᠣᠯ ᠠᠶᠢᠮᠠᠭ ᠲᠤ 5 ︵ | ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠷᠢᠶᠡᠨ ᠬᠤᠲᠠ ᠳᠤ ᠪᠣᠶ︶ ᠪᠣᠶ᠃ ᠬᠢᠯᠢ ᠶᠢᠨ | ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠰᠯᠡᠯ ᠤᠨ | ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ | ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠪᠣᠢ᠃ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠯᠥᠨ | ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ | ᠬᠤᠲᠠ ᠳᠤ ᠪᠣᠶ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ | ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠦᠮᠦᠨ ᠢ ᠠᠨᠠᠭᠠᠬᠤ | ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ | ᠪᠣᠢ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠪᠣᠶ᠃ | ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ | ᠢᠯᠠᠷᠢᠰᠢᠵᠦ ᠡᠮᠨᠡᠯᠭᠡ ᠠᠴᠠ ᠭᠠᠷᠪᠠ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ | ᠦᠭᠡᠢ ᠪᠠᠷ ᠬᠠᠯᠳᠠᠪᠤᠷᠢᠯᠠᠭᠳᠠᠭᠴᠢ ᠠᠴᠠ 1 ᠬᠦᠮᠦᠨ ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ | ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ | 9 ᠳ᠋ᠤᠭᠡᠷ ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 36 ᠪᠣᠢ᠂ ᠡᠭᠦᠨ ᠳᠤ ᠬᠥᠬᠡᠬᠤᠲᠠ ᠳᠤ | 3᠂ ᠬᠥᠯᠥᠨ ᠪᠤᠶᠢᠷ ᠬᠤᠲᠠ ᠳᠤ 5 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ | 21 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠪᠣᠶ︶᠂ ᠣᠷᠳᠣᠰ ᠬᠤᠲᠠ ᠳᠤ 6 ᠵᠢᠱᠢᠶ᠎ᠡ ︵ᠵᠡᠭᠦᠨᠭᠠᠷ ᠬᠤᠰᠢᠭᠤᠨ ᠳᠤ 5᠂ ᠣᠲᠤᠭ | ᠬᠤᠰᠢᠭᠤᠨ ᠳᠤ 1 ᠪᠣᠢ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 45 | ᠪᠣᠶ᠂ ᠡᠭᠦᠨ ᠳᠤ ᠬᠥᠬᠡᠬᠤᠲᠠ ᠳᠤ 2᠂ ᠰᠢᠯᠢ ᠶᠢᠨ ᠭᠤᠣᠯ ᠠᠶᠢᠮᠠᠭ ᠲᠤ 40 ︵ᠴᠥᠮ ᠡᠷᠢᠶᠡᠨ ᠬᠤᠲᠠ ᠳᠤ ᠪᠣᠶ︶ | ᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ | ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 19᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 8 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ | ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨ᠋ᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ | | | | | | | | | | | | | | | | | | | | | | | | | | | | | | | | | | | | | | | | | | | | | | | | | | | | | | | | | | | | |