9 ᠳ᠋ᠤᠭᠡᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/20
     9 ᠳ᠋ᠤᠭᠡᠷ ᠰᠠᠷ᠎ᠠ ᠶᠢᠨ 19 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 1 ᠵᠢᠱᠢᠶ᠎ᠡ ᠶᠢ ᠪᠠᠭᠲᠠᠭᠠᠨ᠎ᠠ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠪᠡ ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠰᠢᠯᠵᠢᠭᠦᠯᠦᠭᠰᠡᠨ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 7 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢᠩᠬᠤᠲᠠ ᠳᠤ ᠪᠣᠶ︶᠂ ᠠᠯᠠᠱᠠ ᠠᠶᠢᠮᠠᠭ ᠲᠤ 3 ︵ᠴᠥᠮ ᠴᠡᠭᠡ ᠪᠣᠭᠤᠮᠲᠠ ᠳᠤ ᠪᠣᠶ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 20 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 8 ︵ᠰᠢᠯᠢᠩᠬᠤᠲᠠ ᠳᠤ 5᠂ ᠡᠷᠢᠶᠡᠨ ᠬᠤᠲᠠ ᠳᠤ 3 ᠪᠣᠢ︶᠂ ᠠᠯᠠᠱᠠ ᠠᠶᠢᠮᠠᠭ ᠲᠤ 12 ︵ᠴᠥᠮ ᠴᠡᠭᠡ ᠪᠣᠭᠤᠮᠲᠠ ᠳᠤ ᠪᠣᠶ︶ ᠪᠣᠶ᠃      9 ᠳ᠋ᠤᠭᠡᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 239 ᠪᠤᠶ᠂ ᠡᠭᠦᠨ ᠳᠤ ᠬᠥᠯᠥᠨ ᠪᠤᠶᠢᠷ ᠬᠤᠲᠠ ᠳᠤ 5 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 8 ︵ᠰᠢᠯᠢᠩᠬᠤᠲᠠ ᠳᠤ 7᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1 ᠪᠣᠢ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 277 ᠪᠣᠶ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139 ᠪᠣᠢ︶᠂ ᠰᠢᠯᠢ ᠶᠢᠨ ᠭᠤᠣᠯ ᠠᠶᠢᠮᠠᠭ ᠲᠤ 10 ︵ᠰᠢᠯᠢᠩᠬᠤᠲᠠ ᠳᠤ 8᠂ ᠡᠷᠢᠶᠡᠨ ᠬᠤᠲᠠ ᠳᠤ 2 ᠪᠣᠢ︶᠂ ᠪᠠᠶᠠᠨᠨᠠᠭᠤᠷ ᠬᠤᠲᠠ ᠳᠤ 6 ︵ᠴᠦᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 24 ︵ᠡᠵᠡᠨ᠎ᠡ ᠬᠤᠰᠢᠭᠤᠨ ᠳᠤ 5᠂ ᠴᠡᠭᠡ ᠪᠣᠭᠤᠮᠲᠠ ᠳᠤ 19 ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号