9 ᠳ᠋ᠤᠭᠡᠷ ᠰᠠᠷ᠎ᠠ ᠶᠢᠨ 20 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ | ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ ᠢᠯᠠᠷᠢᠰᠢᠵᠦ | ᠡᠮᠨᠡᠯᠭᠡ ᠠᠴᠠ ᠭᠠᠷᠪᠠ᠂ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠪᠣᠶ᠃ ᠣᠷᠣᠨ ᠨᠤᠲᠤᠭ ᠤᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 9 ᠬᠦᠮᠦᠨ ᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠰᠢᠯᠢᠩᠬᠤᠲᠠ ᠳᠤ ᠪᠣᠶ︶᠂ | ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 5 ︵ᠡᠵᠡᠨ᠎ᠡ | ᠬᠤᠰᠢᠭᠤᠨ ᠳᠤ 1᠂ ᠴᠡᠭᠡ ᠪᠣᠭᠤᠮᠲᠠ ᠳᠤ 4 ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠴᠥᠮ | ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ | ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃ | 9 ᠳ᠋ᠤᠭᠡᠷ ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 238 ᠪᠣᠢ᠂ ᠡᠭᠦᠨ ᠳᠤ ᠬᠥᠯᠥᠨ ᠪᠤᠶᠢᠷ | ᠬᠤᠲᠠ ᠳᠤ 5 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 224 ︵ᠬᠤᠩᠱᠠᠨ | ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ | ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 7 ︵ᠰᠢᠯᠢᠩᠬᠤᠲᠠ ᠳᠤ 6᠂ ᠡᠷᠢᠶᠡᠨ ᠬᠤᠲᠠ ᠳᠤ 1 | ᠪᠣᠢ︶᠂ ᠠᠯᠠᠱᠠ ᠠᠶᠢᠮᠠᠭ ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1 ᠪᠣᠢ︶ ᠪᠣᠢ᠂ ᠣᠷᠣᠨ | ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 268 ᠪᠣᠶ᠂ ᠡᠭᠦᠨ ᠳᠤ ᠤᠯᠠᠭᠠᠨᠬᠠᠳᠠ ᠬᠤᠲᠠ | 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139 | ᠪᠣᠢ︶᠂ ᠰᠢᠯᠢ ᠶᠢᠨ ᠭᠤᠣᠯ ᠠᠶᠢᠮᠠᠭ ᠲᠤ 7 ︵ᠰᠢᠯᠢᠩᠬᠤᠲᠠ ᠳᠤ 5᠂ ᠡᠷᠢᠶᠡᠨ ᠬᠤᠲᠠ ᠳᠤ 2 ᠪᠣᠢ︶᠂ | ᠪᠠᠶᠠᠨᠨᠠᠭᠤᠷ ᠬᠤᠲᠠ ᠳᠤ 5 ︵ᠴᠦᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 19 ︵ᠡᠵᠡᠨ᠎ᠡ | ᠬᠤᠰᠢᠭᠤᠨ ᠳᠤ 4᠂ ᠴᠡᠭᠡ ᠪᠣᠭᠤᠮᠲᠠ ᠳᠤ 15 ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ | ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ | ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | | | | | | | | | | | | | | | | | | | | | | | | | | | | | | | | | | | | | | | | | | | | | | | | | | | | | | | | |