9 ᠳ᠋ᠤᠭᠡᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/23
     9 ᠳ᠋ᠤᠭᠡᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠪᠡ ︵ᠴᠥᠮ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠪᠣᠢ᠂ ᠭᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠪᠠ︶᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 2 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠰᠢᠯᠢᠩᠬᠤᠲᠠ ᠳᠤ ᠪᠣᠢ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 7 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢᠩᠬᠤᠲᠠ ᠳᠤ ᠪᠣᠶ︶᠂ ᠪᠠᠶᠠᠨᠨᠠᠭᠤᠷ ᠬᠤᠲᠠ ᠳᠤ 2 ︵ᠴᠥᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃      9 ᠳ᠋ᠤᠭᠡᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 230 ᠪᠣᠢ᠂ ᠡᠭᠦᠨ ᠳᠤ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 2 ︵ᠰᠢᠯᠢᠩᠬᠤᠲᠠ ᠳᠤ 1᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ ᠪᠣᠢ︶᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 259 ᠪᠣᠢ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139 ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 16 ︵ᠡᠵᠡᠨ᠎ᠡ ᠬᠤᠰᠢᠭᠤᠨ ᠳᠤ 4᠂ ᠴᠡᠭᠡ ᠪᠣᠭᠤᠮᠲᠠ ᠳᠤ 12 ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号