9 ᠳ᠋ᠤᠭᠡᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/5
     9 ᠳ᠋ᠤᠭᠡᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 14 ᠨᠡᠮᠡᠭᠳᠡᠪᠡ᠂ ᠡᠭᠦᠨ ᠳᠤ ᠬᠥᠬᠡᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 8 ᠳ᠋ᠤᠭᠠᠷ ᠰᠠᠷ᠎ᠠ ᠶᠢᠨ 31 ᠤ ᠡᠳᠦᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 11 ︵ᠣᠩᠨᠢᠭᠤᠳ ᠬᠤᠰᠢᠭᠤᠨ ᠳᠤ ᠪᠣᠢ᠂ ᠡᠭᠦᠨ ᠳᠤ 3 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ 6 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 2 ᠢ ᠨᠢ ᠭᠡᠷ ᠲᠤᠨᠢ ᠲᠤᠰᠠᠭᠠᠷᠯᠠᠵᠤ ᠰᠢᠭᠰᠢᠨ ᠪᠠᠶᠢᠴᠠᠭᠠᠬᠤ ᠪᠠᠷ ᠳᠠᠮᠵᠢᠨ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 1 ︵ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠬᠤ ᠳᠤᠮᠳᠠ ᠪᠠᠶᠢᠴᠠᠭᠠᠵᠤ ᠭᠠᠷᠭᠠᠪᠠ᠃ ᠰᠢᠯᠢᠩᠬᠤᠲᠠ ᠳᠤ ᠪᠣᠢ︶᠂ ᠣᠷᠳᠣᠰ ᠬᠤᠲᠠ ᠳᠤ 1 ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠵᠡᠨ ᠬᠤᠷᠤᠭ᠎ᠠ ᠬᠤᠰᠢᠭᠤᠨ ᠳᠤ ᠪᠣᠶ︶ ᠪᠣᠢ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 6 ︵ᠣᠩᠨᠢᠭᠤᠳ ᠬᠤᠰᠢᠭᠤᠨ ᠳᠤ ᠪᠣᠢ᠂ ᠡᠭᠦᠨ ᠳᠤ 2 ᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ 4 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 1 ︵ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ ᠂ ᠰᠢᠯᠢᠩᠬᠤᠲᠠ ᠳᠤ ᠪᠣᠢ︶ ᠪᠣᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 3 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠣᠷᠳᠣᠰ ᠬᠤᠲᠠ ᠳᠤ 2 ︵ᠣᠲᠤᠭ ᠬᠤᠰᠢᠭᠤᠨ ᠳᠤ 1᠂ ᠵᠡᠭᠦᠨᠭᠠᠷ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠶ︶ ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠶ᠃      9 ᠳ᠋ᠤᠭᠡᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 59 ᠪᠤᠶ᠂ ᠡᠭᠦᠨ ᠳᠤ ᠬᠥᠬᠡᠬᠤᠲᠠ ᠳᠤ 5᠂ ᠬᠥᠯᠥᠨ ᠪᠤᠶᠢᠷ ᠬᠤᠲᠠ ᠳᠤ 8 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 17 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 2᠂ ᠣᠩᠨᠢᠭᠤᠳ ᠬᠤᠰᠢᠭᠤᠨ ᠳᠤ 14 ᠪᠣᠢ︶᠂ ᠰᠢᠯᠢ ᠶᠢᠨ ᠭᠤᠣᠯ ᠠᠶᠢᠮᠠᠭ ᠲᠤ 21 ︵ᠰᠢᠯᠢᠩᠬᠤᠲᠠ ᠳᠤ 1᠂ ᠡᠷᠢᠶᠡᠨ ᠬᠤᠲᠠ ᠳᠤ 20 ᠪᠣᠢ︶᠂ ᠣᠷᠳᠣᠰ ᠬᠤᠲᠠ ᠳᠤ 8 ︵ᠵᠡᠭᠦᠨᠭᠠᠷ ᠬᠤᠰᠢᠭᠤᠨ ᠳᠤ 4᠂ ᠡᠵᠡᠨ ᠬᠤᠷᠤᠭ᠎ᠠ ᠬᠤᠰᠢᠭᠤᠨ ᠳᠤ 4︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 61 ᠪᠣᠶ᠂ ᠡᠭᠦᠨ ᠳᠤ ᠬᠥᠬᠡᠬᠤᠲᠠ ᠳᠤ 3᠂ ᠤᠯᠠᠭᠠᠨᠬᠠᠳᠠ ᠬᠤᠲᠠ ᠳᠤ 16 ︵ᠬᠤᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 15 ᠪᠣᠢ︶᠂ ᠰᠢᠯᠢ ᠶᠢᠨ ᠭᠤᠣᠯ ᠠᠶᠢᠮᠠᠭ ᠲᠤ 39 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 38 ᠪᠣᠢ︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 15᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号