| | | ᠴᠠᠭ᠄ 2023 ︱ 10 ︱ 12 10᠄ 00 | ᠵᠣᠴᠢᠨ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ | ᠯᠢᠦ ᠪᠥᠸᠧ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | | | ᠬᠠᠮᠢᠶᠠᠷᠤᠭᠴᠢ: | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ: | ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠣᠷᠣᠨ ᠤ ᠴᠢᠳᠠᠪᠤᠷᠢᠲᠠᠨ ᠤ ᠠᠵᠢᠯ ᠤᠨ ᠬᠤᠷᠠᠯ᠂ ᠪᠦᠬᠦ ᠬᠤᠲᠠ ᠶᠢᠨ | ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯᠳᠠᠭᠤᠯᠵᠤ᠂ | ᠮᠠᠨ ᠤ ᠬᠤᠲᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠲᠠ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ | ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ︽ᠬᠥᠬᠡᠬᠤᠲᠠ ᠶᠢᠨ | ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ︾ ᠪᠠ ᠬᠤᠲᠠ ᠶᠢᠨ ᠵᠠᠰᠠᠭ ᠤᠨ ᠣᠷᠳᠣᠨ ᠤ | ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ 2022 ᠣᠨ ᠳᠤ ︽ᠬᠥᠬᠡᠬᠤᠲᠠ ᠶᠢᠨ | ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠨ ᠳᠠᠬᠢ ᠢᠵᠢ ᠪᠦᠷᠢᠳᠦᠭᠦᠯᠦᠨ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠨ | ᠳᠠᠷᠤᠮᠠᠯᠯᠠᠨ ᠲᠠᠷᠬᠠᠭᠠᠬᠤ ᠶᠢᠨ ᠬᠠᠮᠲᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠨ ᠳᠠᠬᠢ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠪᠡ᠃9 | ᠰᠠᠷ᠎ᠠ ᠶᠢᠨ 26 ᠤ ᠡᠳᠦᠷ᠂ ᠮᠠᠨ ᠤ ᠬᠤᠲᠠ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠨ ᠳᠠᠬᠢ ᠡᠯ᠎ᠡ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ | ᠠᠵᠢᠯ ᠢ ᠡᠬᠢᠯᠡᠭᠦᠯᠵᠦ᠂ ᠭᠤᠶᠤᠴᠢᠯᠠᠨ ᠮᠡᠳᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ | ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢᠨ ᠠᠰᠢᠭ ᠢ ᠯᠠᠪᠳᠠᠭᠤᠨ ᠪᠠᠲᠤᠲᠠᠢ ᠡᠳ᠋ᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠶᠢᠨ ᠲᠥᠯᠥᠭᠡ ︽ᠬᠤᠷᠳᠤᠳᠬᠠᠬᠤ︾ ᠳᠠᠷᠤᠪᠴᠢ ᠶᠢ ᠳᠠᠷᠤᠪᠠ᠃ | ᠬᠥᠲᠥᠯᠥᠭᠴᠢ᠄ | ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠢᠵᠢ ᠪᠦᠷᠢᠳᠦᠭᠦᠯᠦᠨ ᠬᠡᠷᠡᠭᠵᠢᠭᠦᠯᠬᠦ ᠨᠠᠷᠢᠨ | ᠳᠦᠷᠢᠮ︾ ᠢ ᠲᠣᠭᠲᠠᠭᠠᠭᠰᠠᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ | ᠄ | ᠳᠡᠭᠡᠳᠦ ᠲᠠᠰ ᠤᠨ ᠴᠢᠳᠠᠪᠤᠷᠢᠲᠠᠨ ᠢ ᠤᠯᠠᠮ ᠨᠢᠭᠡ ᠠᠯᠬᠤᠮ ᠲᠡᠳᠡᠨ ᠠᠪᠴᠢᠷᠠᠬᠤ ᠶᠢᠨ ᠲᠥᠯᠥᠭᠡ᠂ ᠨᠠᠷᠠᠲᠤ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯ᠎ᠡ ᠲᠥᠷᠥᠯ ᠤᠨ | ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠨ ᠤ ᠲᠥᠪ ᠲᠤ ᠲᠥᠪᠯᠡᠷᠡᠭᠦᠯᠦᠨ ᠬᠥᠭᠵᠢᠭᠦᠯᠵᠦ᠂ ᠰᠢᠨ᠎ᠡ ᠶᠢ ᠡᠭᠦᠳᠬᠦ | ᠪᠠ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠣᠷᠣᠨ ᠤ ᠲᠥᠪ ᠢ | ᠤᠮᠠᠷᠠᠲᠤ ᠬᠢᠯᠢ ᠶᠢᠨ ᠨᠥᠯᠥᠭᠡᠯᠡᠬᠦ ᠬᠦᠴᠦᠨ ᠲᠠᠢ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃︽ | ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ︾ ᠪᠣᠯᠣᠨ ᠬᠤᠲᠠ ᠶᠢᠨ | ᠵᠠᠰᠠᠭ ᠤᠨ ᠣᠷᠳᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ 2022 ᠣᠨ ᠳᠤ | ᠮᠠᠨ ᠤ ᠬᠤᠲᠠ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ | ᠳᠦᠷᠢᠮ︾ ᠢ ᠲᠣᠭᠲᠠᠭᠠᠵᠤ᠂ ᠭᠤᠣᠯ ᠵᠣᠷᠢᠯᠭ᠎ᠠ ᠨᠢ ᠮᠠᠨ ᠤ ᠬᠤᠲᠠ ᠶᠢᠨ ᠭᠤᠣᠯᠯᠠᠭᠴᠢ ᠠᠵᠤ ᠦᠢᠯᠡᠰ ᠪᠣᠯᠣᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠡᠯ᠎ᠡ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠤ ᠠᠵᠢᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠪᠠᠶᠢᠷᠢ ᠰᠠᠭᠤᠷᠢ ᠪᠠ ᠦᠢᠯᠡᠳᠦᠯ ᠢ ᠲᠣᠪᠤᠶᠢᠯᠭᠠᠨ᠂ ᠰᠢᠨ᠎ᠡ ᠶᠢ ᠡᠭᠦᠳᠬᠦ ᠬᠦᠰᠡᠯ ᠲᠠᠢ᠂ ᠰᠢᠨ᠎ᠡ ᠶᠢ | ᠡᠭᠦᠳᠬᠦ ᠴᠢᠳᠠᠪᠤᠷᠢ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ᠲᠥᠷᠥ ᠶᠢᠨ ᠪᠣᠳᠣᠯᠭ᠎ᠠ ᠶᠢᠨ | ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃︽ | ᠬᠡᠷᠡᠭᠵᠢᠭᠦᠯᠬᠦ ᠨᠠᠷᠢᠨ ᠳᠦᠷᠢᠮ︾ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠨ ᠲᠥᠷᠥᠯ ᠤᠨ | ᠴᠢᠳᠠᠪᠤᠷᠢᠲᠠᠨ ᠤ ᠲᠥᠷᠥᠯ ᠵᠦᠢᠯ ᠳᠤ ᠬᠤᠯᠪᠣᠭᠳᠠᠨ᠎ᠠ᠂ ᠲᠣᠰ ᠲᠣᠰ᠄ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ | ᠲᠥᠷᠥᠯ ᠵᠦᠢᠯ᠂ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠳᠡᠯᠭᠡᠷᠡᠭᠦᠯᠦᠨ ᠬᠡᠷᠡᠭᠯᠡᠬᠦ ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢᠨ ᠲᠥᠷᠥᠯ ᠵᠦᠢᠯ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ | ᠬᠦᠷᠢᠶᠡᠯᠡᠩ ᠤᠨ ᠲᠥᠷᠥᠯ ᠵᠦᠢᠯ᠂ ︽ᠴᠢᠳᠠᠪᠤᠷᠢᠲᠠᠨ ᠤ ᠨᠢᠰᠬᠦ ᠭᠠᠵᠠᠷ︾ ᠤᠨ ᠲᠥᠷᠥᠯ ᠵᠦᠢᠯ ᠪᠠ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠤ ᠰᠢᠯᠭᠠᠷᠠᠭᠤᠯᠤᠯᠲᠠ ᠪᠣᠯᠣᠨ᠎ᠠ᠃ | ᠬᠥᠲᠥᠯᠥᠭᠴᠢ᠄ | ᠲᠠᠪᠤᠨ ᠲᠥᠷᠥᠯ ᠤᠨ ᠴᠢᠳᠠᠪᠤᠷᠢᠲᠠᠨ ᠤ ᠵᠦᠢᠯᠡᠰ ᠤᠨ ᠪᠣᠳᠠᠲᠠᠢ ᠳᠡᠮᠵᠢᠬᠦ ᠴᠢᠭᠯᠡᠯ᠂ ᠮᠡᠳᠡᠭᠦᠯᠬᠦ ᠨᠥᠬᠦᠴᠡᠯ ᠪᠠ | ᠲᠤᠰᠠᠯᠠᠬᠤ ᠪᠠᠷᠢᠮᠵᠢᠶ᠎ᠠ ᠨᠢ ᠶᠠᠭᠤ ᠪᠣᠶ︖ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ᠄ | ︵ᠨᠢᠭᠡ︶ ᠳᠡᠭᠡᠳᠦ ᠲᠠᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ | ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ | ᠵᠦᠢᠯ ᠤᠨ ᠵᠣᠷᠢᠯᠭ᠎ᠠ ᠨᠢ ᠮᠠᠨ ᠤ ᠬᠤᠲᠠ ᠶᠢᠨ ᠥ᠋ᠮᠥᠨ ᠬᠡᠷᠡᠭᠯᠡᠬᠦ ᠨᠢᠭᠡᠴᠡ ᠶᠢᠨ ᠳᠡᠭᠡᠳᠦ ᠲᠠᠰ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠶᠢ ᠣᠷᠣᠭᠤᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠲᠥᠯᠥᠭᠡ ᠶᠤᠮ᠃ | ᠭᠤᠣᠯᠳᠠᠯᠭ᠎ᠠ ᠲᠠᠢ ᠠᠵᠤ ᠦᠢᠯᠡᠰ ᠢ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠲᠡᠰᠢ | ᠠᠬᠢᠭᠤᠯᠬᠤ ᠶᠢ ᠠᠬᠢᠭᠤᠯᠤᠨ᠎ᠠ᠂ ᠡᠨᠡᠬᠦ ᠳᠦᠷᠦᠯ ᠤᠨ ᠳᠦᠷᠦᠯ ᠵᠦᠢᠯ ᠳᠤ ᠭᠤᠣᠯᠳᠠᠭᠤ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠳᠠᠯᠢ ᠪᠤᠰᠤ ᠠᠷᠭ᠎ᠠ ᠬᠡᠯᠪᠡᠷᠢ ᠶᠢ ᠦᠨᠳᠦᠰᠦᠯᠡᠵᠦ᠂ | ᠠᠳᠠᠯᠢ ᠪᠤᠰᠤ ᠲᠣᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠳᠦᠷᠦᠯ ᠵᠦᠢᠯ ᠤᠨ ᠵᠠᠷᠤᠳᠠᠯ ᠤᠨ ᠲᠤᠰᠠᠯᠠᠮᠵᠢ | ᠣᠯᠭᠤᠨ᠎ᠠ᠃ᠮᠡᠳᠡᠭᠦᠯᠬᠦ ᠨᠥᠬᠦᠴᠡᠯ᠄ ︽ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ | ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ | ᠴᠢᠳᠠᠪᠤᠷᠢᠲᠠᠨ ᠤ ᠨᠥᠬᠦᠴᠡᠯ ᠢ ᠬᠠᠩᠭᠠᠵᠤ᠂ ᠵᠠᠪᠠᠯ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠮᠠᠨ ᠤ ᠬᠤᠲᠠ ᠳᠤ ᠬᠥᠮᠥᠨ ᠬᠡᠷᠡᠭᠯᠡᠬᠦ | ᠨᠢᠭᠡᠴᠡ ᠲᠠᠢ 3 ᠵᠢᠯ ᠠᠴᠠ ᠳᠡᠭᠡᠭᠰᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠬᠤ ᠪᠤᠶᠤ ᠠᠵᠤ ᠠᠬᠤᠶᠢᠯᠠᠯ | ᠡᠭᠦᠳᠦᠨ ᠪᠠᠶᠢᠭᠤᠯᠬᠤ ᠬᠡᠷᠡᠭᠲᠡᠢ᠃ ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠭᠰᠠᠨ ᠳᠡᠭᠡᠳᠦ ᠲᠠᠰ | ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠮᠠᠨ ᠤ ᠬᠤᠲᠠ ᠶᠢᠨ | ᠬᠥᠮᠥᠨ ᠬᠡᠷᠡᠭᠯᠡᠬᠦ ᠨᠢᠭᠡᠴᠡ ᠯᠦᠭᠡ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ᠂ ᠤᠷᠢᠨ ᠬᠡᠷᠡᠭᠯᠡᠬᠦ | ᠵᠥᠪᠯᠡᠯᠴᠡᠭᠡᠷ᠂ ᠮᠡᠷᠭᠡᠵᠢᠯ ᠤᠨ ᠯᠠᠪᠯᠠᠭ᠎ᠠ ᠬᠢᠭᠡᠳ ᠦᠢᠯᠡᠴᠢᠯᠡᠭᠡᠨ ᠤ ᠭᠡᠷ᠎ᠡ ᠵᠡᠷᠭᠡ ᠳᠤ ᠭᠠᠷ ᠤᠨ ᠥᠰᠥᠭ ᠵᠢᠷᠤᠪᠠᠯ | ᠵᠣᠬᠢᠨ᠎ᠠ᠃ᠲᠤᠰᠠᠯᠠᠬᠤ ᠪᠠᠷᠢᠮᠵᠢᠶ᠎ᠠ᠄ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠲᠠᠢ᠂ ᠭᠤᠣᠯᠯᠠᠬᠤ ᠮᠡᠷᠭᠡᠵᠢᠯ ᠪᠠ ᠠᠵᠤ ᠦᠢᠯᠡᠰ ᠤᠨ ᠪᠣᠭᠤᠮᠢ ᠶᠢᠨ ᠲᠠᠯ᠎ᠠ ᠪᠠᠷ ᠴᠢᠬᠤᠯᠠ ᠶᠡᠭᠡ | ᠰᠢᠪᠲᠤᠯᠤᠯᠲᠠ ᠲᠠᠢ ᠴᠢᠳᠠᠪᠤᠷᠢᠲᠠᠨ ︵ᠪᠦᠯᠬᠦᠮ ᠨᠡᠶᠢᠲᠡ︶ ᠤ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ᠂ | ᠬᠢᠨᠠᠨ ᠲᠣᠭᠲᠠᠭᠠᠬᠤ ᠪᠠᠷ ᠳᠡᠮᠵᠢᠨ ᠰᠢᠯᠢᠳᠡᠭ ᠢ ᠨᠢ ᠰᠣᠩᠭᠤᠵᠤ 1000 ᠲᠦᠮᠡᠨ ᠲᠥᠭᠦᠷᠢᠭ ᠠᠴᠠ 1 | ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠪᠠᠷ ᠲᠤᠰᠠᠯᠠᠬᠤ ᠶᠢᠨ ᠬᠠᠮᠲᠤ ᠲᠥᠷᠥᠯ | ᠵᠦᠢᠯ ᠤᠨ ᠪᠡᠯᠡ ᠮᠥᠩᠭᠦ ᠠᠴᠠ 200 ᠲᠦᠮᠡᠨ ᠲᠥᠭᠦᠷᠢᠭ ᠠᠴᠠ ᠥᠨᠳᠥᠷ ᠪᠤᠰᠤ ᠠᠵᠢᠯ ᠤᠨ ᠠᠮᠵᠢᠯᠲᠠ | ᠪᠦᠲᠦᠮᠵᠢ ᠶᠢᠨ ᠵᠠᠷᠤᠯᠭ᠎ᠠ ᠪᠠᠷ ᠣᠷᠣᠭᠤᠯᠤᠨ ᠠᠪᠴᠢᠷᠠᠬᠤ ᠳᠤ ᠵᠠᠪᠠᠯ ᠣᠷᠣᠭᠤᠯᠬᠤ ᠳᠠᠭᠠᠭᠤᠯᠤᠭᠴᠢ | ᠴᠢᠳᠠᠪᠤᠷᠢᠲᠠᠨ ᠢ ᠱᠠᠩᠨᠠᠵᠤ ᠪᠣᠯᠣᠨ᠎ᠠ᠃ᠬᠥᠮᠥᠨ ᠬᠡᠷᠡᠭᠯᠡᠬᠦ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ︵ᠪᠦᠯᠬᠦᠮ ᠨᠡᠶᠢᠲᠡ︶ ᠢ ᠵᠥᠭᠡᠯᠡᠨ ᠢᠶᠠᠷ ᠣᠷᠣᠭᠤᠯᠤᠨ ᠠᠪᠴᠢᠷᠠᠵᠤ ᠬᠡᠷᠡᠭᠵᠢᠭᠦᠯᠦᠭᠰᠡᠨ ᠰᠢᠨ᠎ᠡ ᠶᠢ | ᠡᠭᠦᠳᠬᠦ ᠲᠥᠷᠥᠯ ᠵᠦᠢᠯ ᠳᠤ᠂ ᠬᠢᠨᠠᠨ ᠲᠣᠭᠲᠠᠭᠠᠬᠤ ᠪᠠᠷ ᠳᠡᠮᠵᠢᠨ ᠰᠢᠯᠢᠳᠡᠭ ᠢ ᠨᠢ ᠰᠣᠩᠭᠤᠬᠤ ᠳᠤ ᠬᠠᠮᠤᠭ ᠤᠨ | ᠥᠨᠳᠥᠷ ᠲᠡᠭᠡᠨ 100 ᠲᠦᠮᠡᠨ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠶᠢᠨ ᠲᠤᠰᠠᠯᠠᠮᠵᠢ | ᠣᠯᠭᠤᠬᠤ ᠶᠢᠨ ᠬᠠᠮᠲᠤ᠂ ᠲᠥᠷᠥᠯ ᠵᠦᠢᠯ ᠤᠨ ᠪᠡᠯᠡ ᠮᠥᠩᠭᠦ ᠠᠴᠠ 10 ᠲᠦᠮᠡᠨ ᠲᠥᠭᠦᠷᠢᠭ ᠤᠨ ᠠᠮᠵᠢᠯᠲᠠ | ᠪᠦᠲᠦᠮᠵᠢ ᠶᠢᠨ ᠵᠠᠷᠤᠯᠭ᠎ᠠ ᠪᠠᠷ ᠪᠤᠳᠤᠵᠤ ᠪᠠᠶᠢᠭᠠᠳ ᠵᠥᠭᠡᠯᠡᠨ ᠢᠶᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ︵ | ᠪᠦᠯᠬᠦᠮ ᠨᠡᠶᠢᠲᠡ︶ ᠢ ᠱᠠᠩᠨᠠᠵᠤ ᠪᠣᠯᠣᠨ᠎ᠠ᠃︵ᠬᠤᠶᠠᠷ︶ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠷᠡᠭᠯᠡᠭᠡᠨ ᠤ ᠮᠥᠩᠭᠦ︾ ᠶᠢᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢᠨ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ | ᠵᠦᠢᠯ ᠤᠨ ᠵᠣᠷᠢᠯᠭ᠎ᠠ ᠨᠢ ᠮᠠᠨ ᠤ ᠬᠤᠲᠠ ᠶᠢᠨ ᠠᠵᠢᠯ ᠲᠥᠷᠥᠯ ᠤᠨ ᠳᠠᠭᠠᠭᠤᠯᠤᠭᠴᠢ ᠪᠤᠶᠤ ᠭᠤᠣᠯᠯᠠᠭᠴᠢ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠪᠡᠯᠡ ᠣᠷᠣᠭᠤᠯᠤᠯᠲᠠ ᠪᠠ ᠮᠥᠩᠭᠦᠨ ᠭᠦᠢᠯᠭᠡᠭᠡᠨ ᠤ ᠨᠢᠭᠡᠴᠡ ᠵᠡᠷᠭᠡ ᠲᠠᠢ | ᠬᠤᠯᠪᠤᠭᠠᠯᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ ᠳᠡᠮᠵᠢᠬᠦ ᠶᠢᠨ | ᠲᠥᠯᠥᠭᠡ ᠶᠤᠮ᠃ ᠲᠥᠷᠥᠯ ᠵᠦᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠶᠢ | ᠬᠠᠮᠲᠤᠷᠠᠨ ᠥᠷᠨᠢᠭᠦᠯᠵᠦ᠂ ᠠᠵᠢᠯ ᠲᠥᠷᠥᠯ ᠤᠨ ᠴᠢᠳᠠᠪᠤᠷᠢᠲᠠᠨ ᠢ ᠲᠡᠳᠡᠨ ᠴᠤᠭᠯᠠᠷᠠᠭᠤᠯᠵᠤ᠂ ︽ᠵᠠᠰᠠᠭ ᠤᠨ | ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠠᠬᠢᠭᠤᠯᠤᠨ ᠬᠡᠷᠡᠭᠯᠡᠬᠦ ᠮᠥᠩᠭᠦ︾ ᠶᠢᠨ ᠬᠠᠮᠵᠢᠯᠴᠠᠨ ᠰᠢᠨ᠎ᠡ ᠶᠢ ᠡᠭᠦᠳᠬᠦ ᠵᠠᠭᠪᠤᠷ ᠢ ᠪᠣᠶ ᠪᠣᠯᠭᠠᠵᠤ᠂ ᠠᠵᠤ | ᠦᠢᠯᠡᠰ ᠤᠨ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠰᠢᠪᠲᠤᠯᠤᠯᠲᠠ ᠶᠢ ᠲᠦᠯᠬᠢᠨ ᠠᠬᠢᠭᠤᠯᠵᠤ᠂ | ᠡᠨᠡ ᠲᠥᠷᠥᠯ ᠤᠨ ᠲᠥᠷᠥᠯ ᠵᠦᠢᠯ ᠨᠢ ᠭᠤᠣᠯᠳᠠᠭᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ | ᠥᠷᠨᠢᠭᠦᠯᠦᠭᠰᠡᠨ ᠰᠤᠳᠤᠯᠤᠨ ᠨᠡᠭᠡᠭᠡᠬᠦ ᠠᠵᠢᠯᠯᠠᠭ᠎ᠠ ᠳᠤ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ | ᠃ᠮᠡᠳᠡᠭᠦᠯᠬᠦ ᠨᠥᠬᠦᠴᠡᠯ᠄ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠨᠢᠭᠡᠴᠡ | ᠵᠡᠷᠭᠡ ᠶᠢᠨ ᠡᠭᠦᠰᠬᠡᠨ ᠪᠠᠶᠢᠭᠤᠯᠤᠭᠰᠠᠨ ᠪᠠ ᠵᠣᠬᠢᠶᠠᠨ ᠪᠠᠶᠢᠭᠤᠯᠤᠭᠰᠠᠨ ︽ᠵᠠᠰᠠᠭ ᠤᠨ ᠣᠷᠳᠣᠨ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠬᠢᠭᠤᠯᠤᠨ ᠬᠡᠷᠡᠭᠯᠡᠬᠦ ᠳᠤ | ᠬᠡᠷᠡᠭᠯᠡᠬᠦ ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ︵ᠳᠣᠷᠣᠭᠰᠢ ᠬᠤᠯᠪᠣᠭᠠᠲᠤ ᠴᠣᠭᠴᠠ ᠭᠡᠵᠦ | ᠲᠣᠪᠴᠢᠯᠠᠨ᠎ᠠ︶ ᠳᠤ᠂ ᠬᠤᠯᠪᠣᠭᠠᠲᠤ ᠴᠣᠭᠴᠠ ᠶᠢᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠶᠢ | ᠵᠣᠷᠢᠭᠵᠢᠭᠤᠯᠤᠨ᠎ᠠ︔ᠬᠤᠯᠪᠣᠭᠠᠲᠤ ᠴᠣᠭᠴᠠ ᠶᠢᠨ ᠪᠦᠷᠢᠯᠳᠦᠭᠦᠨ 5 ᠡᠷᠦᠬᠡ ᠠᠴᠠ ᠳᠤᠲᠠᠭᠤ ᠪᠠᠶᠢᠵᠤ ᠪᠣᠯᠬᠤ | ᠦᠭᠡᠢ᠂ ᠭᠤᠷᠪᠠᠨ ᠵᠢᠯ ᠠᠴᠠ ᠳᠤᠲᠠᠭᠤ ᠦᠭᠡᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠨ᠎ᠠ︔ᠬᠥᠬᠡᠬᠤᠲᠠ ᠳᠤ | ᠪᠠᠶᠢᠭ᠎ᠠ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠨᠢᠭᠡᠨ ᠬᠤᠯᠪᠣᠭᠠᠲᠤ ᠴᠣᠭᠴᠠ ᠶᠢᠨ ᠲᠦᠷᠦᠭᠦᠯᠡᠬᠦ | ᠨᠢᠭᠡᠴᠡ ︵ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠨᠢᠭᠡᠴᠡ︶ ᠶᠢ ᠲᠣᠭᠲᠠᠭᠠᠵᠤ ᠭᠤᠶᠤᠴᠢᠯᠠᠨ ᠮᠡᠳᠡᠭᠦᠯᠬᠦ | ᠴᠢᠬᠤᠯᠠᠲᠠᠢ᠃ᠵᠣᠭᠤᠰ ᠢᠶᠠᠷ ᠲᠤᠰᠠᠯᠠᠬᠤ ᠪᠠᠷᠢᠮᠵᠢᠶ᠎ᠠ᠄ ᠬᠢᠨᠠᠨ ᠰᠢᠯᠭᠠᠷᠠᠭᠤᠯᠤᠭᠰᠠᠨ ᠤ ᠳᠠᠷᠠᠭ᠎ᠠ ᠳᠡᠮᠵᠢᠨ | ᠪᠠᠶᠢᠭᠤᠯᠤᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠢᠭᠡᠪᠦᠷᠢ ᠳᠤ ᠬᠠᠮᠤᠭ ᠥᠨᠳᠥᠷ ᠲᠡᠭᠡᠨ 200 | ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃︵ᠭᠤᠷᠪᠠ︶ ᠠᠵᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠲᠣᠰ | ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠤᠨ ᠵᠣᠷᠢᠯᠭ᠎ᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠨᠠᠷᠠᠲᠤ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠬᠥᠬᠡᠬᠤᠲᠠ ᠳᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠣᠷᠣᠨ ᠤ ᠭᠠᠳᠠᠨᠠᠬᠢ | ᠳᠡᠭᠡᠳᠦ ᠲᠠᠰ ᠤᠨ ᠴᠢᠳᠠᠪᠤᠷᠢᠲᠠᠨ ᠢ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ ᠲᠠᠢ ᠵᠣᠯᠭᠠᠭᠤᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ | ᠠᠬᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠨ᠎ᠡ᠂ ᠡᠨᠡ ᠲᠥᠷᠥᠯ ᠤᠨ ᠲᠥᠷᠥᠯ ᠵᠦᠢᠯ ᠨᠢ ᠭᠤᠣᠯᠳᠠᠭᠤ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ | ᠵᠠᠷᠤᠳᠠᠯ ᠤᠨ ᠲᠤᠰᠠᠯᠠᠮᠵᠢ ᠣᠯᠭᠤᠬᠤ ᠶᠢᠨ ᠬᠠᠮᠲᠤ᠂ ᠰᠤᠳᠤᠯᠤᠨ ᠨᠡᠭᠡᠭᠡᠬᠦ ᠠᠵᠢᠯ ᠤᠨᠮᠡᠳᠡᠭᠦᠯᠬᠦ ᠨᠥᠬᠦᠴᠡᠯ᠄ | ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠲᠠᠢ ᠬᠠᠮᠲᠤᠷᠠᠨ ᠪᠠᠶᠢᠭᠤᠯᠤᠭᠰᠠᠨ ᠡᠯ᠎ᠡ ᠲᠥᠷᠥᠯ ᠤᠨ | ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠰᠤᠳᠤᠯᠭᠠᠨ ᠤ ᠬᠦᠷᠢᠶᠡᠯᠡᠩ | ᠨᠢ ᠬᠥᠬᠡᠬᠤᠲᠠ ᠳᠤ ᠪᠠᠶᠢᠭ᠎ᠠ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠭᠠᠶᠢᠯᠢ ᠲᠤᠰᠢᠶᠠᠬᠤ᠂ | ᠲᠤᠭ᠎ᠠ ᠪᠦᠷᠢᠳᠬᠡᠯ ᠤᠨ ᠭᠠᠵᠠᠷ ᠨᠢ ᠴᠥᠮ ᠬᠥᠬᠡᠬᠤᠲᠠ ᠳᠤ ᠪᠣᠶ︔ᠰᠤᠳᠤᠯᠭᠠᠨ ᠤ ᠬᠦᠷᠢᠶᠡᠯᠡᠩ ᠠᠴᠠ | ᠬᠥᠬᠡᠬᠤᠲᠠ ᠳᠤ ᠲᠣᠮᠢᠯᠠᠨ ᠰᠠᠭᠤᠯᠭᠠᠭᠰᠠᠨ ᠰᠤᠳᠤᠯᠤᠨ ᠨᠡᠭᠡᠭᠡᠬᠦ ᠠᠵᠢᠯᠲᠠᠨ ᠨᠢ ᠵᠠᠷᠴᠢᠮ ᠳᠡᠭᠡᠷ᠎ᠡ ᠪᠠᠨ ᠲᠡᠭᠦᠨ ᠤ | ᠪᠥᠬᠦ ᠬᠥᠮᠥᠨ ᠤ ᠲᠣᠭᠠᠨ ᠤ 1/4 ᠠᠴᠠ ᠳᠤᠲᠠᠭᠤ ᠪᠠᠶᠢᠵᠤ ᠪᠣᠯᠬᠤ ᠦᠭᠡᠢ ᠪᠥᠭᠡᠳ 80% ᠠᠴᠠ ᠳᠡᠭᠡᠭᠰᠢᠬᠢ | ᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠤᠶᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ | ᠴᠣᠯᠠ ᠲᠠᠢ︔ᠰᠤᠳᠤᠯᠭᠠᠨ ᠤ ᠬᠦᠷᠢᠶᠡᠯᠡᠩ ᠤᠨ ᠬᠠᠮᠲᠤᠷᠠᠯᠴᠠᠭᠠᠨ ᠤ ᠬᠤᠭᠤᠴᠠᠭᠠᠨ ᠳᠤ ᠠᠳᠠᠭ ᠲᠠᠭᠠᠨ 15 | ᠵᠦᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠠᠵᠤ ᠦᠢᠯᠡᠰᠵᠢᠭᠦᠯᠦᠯᠲᠡ ᠶᠢ ᠪᠡᠶᠡᠯᠡᠭᠦᠯᠵᠦ᠂ 10 ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠪᠠ᠃ᠲᠤᠰᠠᠯᠠᠬᠤ ᠪᠠᠷᠢᠮᠵᠢᠶ᠎ᠠ᠄ ᠮᠠᠨ ᠤ | ᠬᠤᠲᠠ ᠲᠠᠢ ᠬᠠᠮᠲᠤᠷᠠᠨ ᠪᠠᠶᠢᠭᠤᠯᠤᠭᠰᠠᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ | ᠬᠦᠷᠢᠶᠡᠯᠡᠩ ᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠭᠰᠠᠨ ᠤ ᠳᠠᠷᠠᠭ᠎ᠠ᠂ | ᠬᠠᠮᠲᠤᠷᠠᠯᠴᠠᠬᠤ ᠬᠤᠭᠤᠴᠠᠭᠠᠨ ᠳᠤ ᠰᠤᠳᠤᠯᠤᠨ ᠨᠡᠭᠡᠭᠡᠬᠦ ᠠᠵᠢᠯ ᠤᠨ ᠲᠠᠯᠠᠪᠤᠷ ᠭᠠᠵᠠᠷ ᠢ ᠰᠦᠢᠳᠬᠡᠯ ᠬᠤᠷᠢᠶᠠᠬᠤ | ᠦᠭᠡᠢ ᠪᠠᠷ ᠬᠠᠩᠭᠠᠵᠤ᠂ ᠵᠢᠯ ᠪᠦᠷᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠡᠳᠬᠦᠨ ᠳᠡᠮᠵᠢᠬᠦ ᠵᠠᠷᠤᠳᠠᠯ ᠣᠯᠭᠤᠨ᠎ᠠ᠃︵ᠳᠥᠷᠪᠡ︶ ︽ | ᠴᠢᠳᠠᠪᠤᠷᠢᠲᠠᠨ ᠤ ᠨᠢᠰᠬᠦ ᠭᠠᠵᠠᠷ︾ ᠤᠨ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ | ᠵᠦᠢᠯ ᠤᠨ ᠵᠣᠷᠢᠯᠭ᠎ᠠ ᠨᠢ ᠣᠷᠣᠨ ᠤ ᠭᠠᠳᠠᠨᠠᠬᠢ ᠴᠢᠳᠠᠪᠤᠷᠢᠲᠠᠨ ᠤ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ | ᠡᠯ᠎ᠡ ᠵᠦᠢᠯ ᠤᠨ ᠬᠡᠯᠪᠡᠷᠢ ᠶᠢᠨ ︽ᠴᠢᠳᠠᠪᠤᠷᠢᠲᠠᠨ ᠤ ᠨᠢᠰᠬᠦ ᠭᠠᠵᠠᠷ︾ ᠪᠠᠶᠢᠭᠤᠯᠬᠤ ᠶᠢ ᠵᠣᠷᠢᠭᠵᠢᠭᠤᠯᠤᠨ | ᠳᠡᠮᠵᠢᠬᠦ ᠶᠢᠨ ᠲᠥᠯᠥᠭᠡ ᠶᠤᠮ᠃ ᠮᠠᠨ ᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ | ᠥᠷᠭᠡᠳᠬᠡᠬᠦ ᠶᠢᠨ ᠬᠠᠮᠲᠤ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠨᠡᠪᠴᠢᠭᠦᠯᠦᠭᠰᠡᠨ ᠪᠤᠶᠤ | ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠ ᠲᠥᠷᠥᠯ ᠵᠦᠢᠯ ᠳᠤ ᠬᠠᠨᠳᠤᠭᠤᠯᠤᠨ᠂ ᠡᠨᠡ ᠲᠥᠷᠥᠯ ᠤᠨ ᠲᠥᠷᠥᠯ | ᠵᠦᠢᠯ ᠳᠤ ᠭᠤᠣᠯᠳᠠᠭᠤ ︽ᠴᠢᠳᠠᠪᠤᠷᠢᠲᠠᠨ ᠤ ᠨᠢᠰᠬᠦ ᠭᠠᠵᠠᠷ︾ ᠤᠨ ᠨᠡᠪᠴᠢᠭᠦᠯᠦᠭᠰᠡᠨ ᠪᠤᠶᠤ ᠰᠤᠳᠤᠯᠤᠨ | ᠨᠡᠭᠡᠭᠡᠭᠰᠡᠨ ᠦᠷ᠎ᠡ ᠪᠦᠲᠦᠭᠡᠯ ᠪᠠ ᠲᠥᠷᠥᠯ ᠵᠦᠢᠯ ᠤᠨ ᠬᠥᠬᠡᠬᠤᠲᠠ ᠳᠤ ᠤᠯᠠᠷᠢᠭᠤᠯᠤᠭᠰᠠᠨ ᠠᠮᠵᠢᠯᠲᠠ | ᠪᠦᠲᠦᠮᠵᠢ ᠶᠢ ᠦᠨᠳᠦᠰᠦᠯᠡᠨ ᠪᠡᠯᠡ ᠮᠥᠩᠭᠦ ᠶᠢᠨ ᠱᠠᠩᠨᠠᠯ ᠳᠡᠮᠵᠢᠯᠭᠡ ᠣᠯᠭᠤᠨ᠎ᠠ᠃ᠮᠡᠳᠡᠭᠦᠯᠬᠦ ᠨᠥᠬᠦᠴᠡᠯ᠄ | ᠣᠷᠣᠨ ᠤ ᠭᠠᠳᠠᠨᠠᠬᠢ ᠴᠢᠳᠠᠪᠤᠷᠢᠲᠠᠨ ᠤ ᠮᠡᠷᠭᠡᠵᠢᠯ ᠨᠢᠭᠲᠠᠷᠠᠭᠰᠠᠨ ᠭᠠᠵᠠᠷ ᠣᠷᠣᠨ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠪᠡᠶ᠎ᠡ ᠪᠠᠨ ᠳᠠᠭᠠᠭᠠᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠬᠡᠯᠪᠡᠷᠢ ᠶᠢᠨ ︽ᠴᠢᠳᠠᠪᠤᠷᠢᠲᠠᠨ ᠤ ᠨᠢᠰᠬᠦ | ᠭᠠᠵᠠᠷ︾ ᠪᠦᠬᠦᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠣᠷᠣᠨ ᠤ ᠳᠣᠲᠣᠷ᠎ᠠ | ᠭᠠᠳᠠᠨᠠᠬᠢ ᠠᠵᠤ ᠠᠬᠤᠶᠢᠯᠠᠯ ᠢ ᠪᠠᠶᠢᠭᠤᠯᠤᠨ᠎ᠠ︔︽ᠴᠢᠳᠠᠪᠤᠷᠢᠲᠠᠨ ᠤ ᠨᠢᠰᠬᠦ ᠭᠠᠵᠠᠷ︾ ᠢ ᠪᠠᠶᠢᠭᠤᠯᠤᠭᠠᠳ ᠪᠦᠬᠦᠯᠢ | 1 ᠵᠢᠯ ᠪᠣᠯᠵᠤ᠂ ᠲᠣᠭᠲᠠᠮᠠᠯ ᠠᠯᠪᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯᠠᠪᠤᠷ ᠲᠠᠢ᠂ ᠲᠣᠭᠲᠠᠪᠤᠷᠢᠲᠠᠢ | ᠵᠠᠷᠤᠳᠠᠯ ᠤᠨ ᠢᠷᠡᠯᠲᠡ ᠪᠠ ᠪᠦᠯᠬᠦᠮ ᠨᠡᠶᠢᠲᠡ ᠲᠠᠢ᠂ ᠮᠠᠨ ᠤ ᠬᠤᠲᠠ ᠶᠢᠨ ᠠᠵᠤ ᠦᠢᠯᠡᠰ ᠲᠠᠢ ᠬᠤᠯᠪᠣᠭ᠎ᠠ ᠲᠠᠢ | ᠨᠡᠪᠴᠢᠭᠦᠯᠬᠦ ᠲᠥᠷᠥᠯ ᠵᠦᠢᠯ ᠪᠠ ᠦᠷ᠎ᠡ ᠪᠦᠲᠦᠭᠡᠯ ᠲᠠᠢ ᠪᠠᠶᠢᠵᠤ᠂ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ | ᠦᠷ᠎ᠡ ᠪᠦᠲᠦᠭᠡᠯ ᠪᠠ ᠲᠥᠷᠥᠯ ᠵᠦᠢᠯ ᠢ ᠬᠥᠬᠡᠬᠤᠲᠠ ᠳᠤ ᠤᠯᠠᠷᠢᠭᠤᠯᠵᠤ ᠪᠠᠶᠢᠨ᠎ᠠ᠃ᠵᠣᠭᠤᠰ ᠢᠶᠠᠷ ᠲᠤᠰᠠᠯᠠᠬᠤ | ᠪᠠᠷᠢᠮᠵᠢᠶ᠎ᠠ᠄ ︽ᠴᠢᠳᠠᠪᠤᠷᠢᠲᠠᠨ ᠤ ᠨᠢᠰᠦᠭᠡ ᠭᠠᠵᠠᠷ︾ ᠢ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ | ᠪᠦᠲᠦᠭᠡᠯ ᠪᠠ ᠲᠥᠷᠥᠯ ᠵᠦᠢᠯ ᠢ ᠬᠥᠬᠡᠬᠤᠲᠠ ᠳᠤ ᠤᠯᠠᠷᠢᠭᠤᠯᠤᠭᠰᠠᠨ ᠠᠮᠵᠢᠯᠲᠠ ᠪᠦᠲᠦᠮᠵᠢ ᠶᠢ ᠦᠨᠳᠦᠰᠦᠯᠡᠨ᠂ ︽ | ᠴᠢᠳᠠᠪᠤᠷᠢᠲᠠᠨ ᠤ ᠨᠢᠰᠦᠭᠡ ᠭᠠᠵᠠᠷ︾ ᠢ ᠪᠠᠶᠢᠭᠤᠯᠤᠭᠰᠠᠨ ᠨᠢᠭᠡᠴᠡ ᠳᠤ 50 ︱ 100 ᠲᠦᠮᠡᠨ ᠲᠥᠭᠦᠷᠢᠭ ᠤᠨ | ᠱᠠᠩᠨᠠᠯ ᠣᠯᠭᠤᠨ᠎ᠠ᠃︵ᠲᠠᠪᠤ︶ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠤ ᠲᠣᠰ ᠲᠥᠷᠥᠯ ᠤᠨ ᠴᠢᠳᠠᠪᠤᠷᠢᠲᠠᠨ ᠢ | ᠰᠢᠯᠭᠠᠷᠠᠭᠤᠯᠬᠤ ᠲᠥᠷᠥᠯ ᠵᠦᠢᠯ ᠤᠨ ᠵᠣᠷᠢᠯᠭ᠎ᠠ ᠨᠢ ᠳᠠᠭᠠᠭᠤᠯᠤᠭᠴᠢ ᠭᠠᠯᠠᠭᠤ ᠶᠢᠨ ᠦᠢᠯᠡᠳᠦᠯ ᠲᠠᠢ᠂ ᠮᠠᠨ ᠤ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠪᠢ ᠨᠡᠮᠡᠷᠢ ᠦᠵᠡᠭᠦᠯᠦᠭᠰᠡᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠬᠤ ᠶᠢᠨ | ᠲᠥᠯᠥᠭᠡ ᠶᠤᠮ᠃ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠵᠤ᠂ ᠲᠣᠰ ᠲᠥᠷᠥᠯ ᠤᠨ ᠲᠥᠷᠥᠯ ᠵᠦᠢᠯ ᠢ ᠭᠤᠣᠯᠳᠠᠭᠤ ᠴᠢᠳᠠᠪᠤᠷᠢᠲᠠᠨ ︵ᠪᠦᠯᠬᠦᠮ | ᠨᠡᠶᠢᠲᠡ︶ ᠤ ᠦᠢᠯᠡᠳᠪᠦᠷᠢᠯᠡᠭᠰᠡᠨ ᠮᠡᠷᠭᠡᠵᠢᠯ ᠤᠨ ᠦᠷ᠎ᠡ ᠪᠦᠲᠦᠭᠡᠯ ᠤᠨ ᠬᠢᠷᠢ ᠬᠡᠮᠵᠢᠶ᠎ᠡ ᠪᠠ ᠠᠵᠢᠯ ᠤᠨ | ᠠᠮᠵᠢᠯᠲᠠ ᠶᠢ ᠦᠨᠳᠦᠰᠦᠯᠡᠨ ᠱᠠᠩᠨᠠᠨ᠎ᠠ᠃ᠮᠡᠳᠡᠭᠦᠯᠬᠦ ᠨᠥᠬᠦᠴᠡᠯ᠄ ᠴᠢᠳᠠᠪᠤᠷᠢᠲᠠᠨ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ᠪᠠᠭᠲᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ | ᠣᠶᠢᠷ᠎ᠠ ᠶᠢᠨ ᠭᠤᠷᠪᠠᠨ ᠵᠢᠯ ᠳᠤ ᠵᠣᠬᠢᠬᠤ ᠬᠡᠮᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠣᠯᠪᠠᠯ ᠵᠣᠬᠢᠨ᠎ᠠ᠂ ᠲᠡᠭᠦᠨ ᠤ ᠦᠷ᠎ᠡ ᠪᠦᠲᠦᠭᠡᠯ ᠨᠢ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠳᠤ | ᠢᠳᠡᠪᠬᠢᠲᠡᠢ ᠠᠬᠢᠭᠤᠯᠬᠤ ᠦᠢᠯᠡᠳᠦᠯ ᠲᠠᠢ︔ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠣᠲᠣᠷᠠᠬᠢ ᠪᠠᠶᠢᠭᠠᠯᠢ ᠬᠥᠮᠥᠨ ᠬᠤᠪᠢ | ᠣᠷᠣᠭᠤᠯᠤᠭᠴᠢ ᠪᠠᠶᠢᠬᠤ ᠬᠡᠷᠡᠭᠲᠡᠢ᠂ ᠲᠡᠳᠡᠨ ᠤ ᠠᠳᠠᠯ ᠦᠢᠯᠡᠰ ᠴᠣᠭᠴᠠᠯᠠᠬᠤ ᠨᠢ ᠵᠣᠬᠢᠬᠤ ᠦᠷ᠎ᠡ ᠪᠦᠲᠦᠮᠵᠢ ᠲᠠᠢ | ᠪᠠᠶᠢᠵᠤ᠂ ᠴᠢᠳᠠᠪᠤᠷᠢᠲᠠᠨ ᠤ ᠬᠠᠷᠢᠶ᠎ᠠ ᠠᠵᠤ ᠠᠬᠤᠶᠢᠯᠠᠯ ᠨᠢ ᠡᠷᠬᠡᠪᠰᠢ ᠨᠢᠭᠡ ᠵᠢᠯ ᠠᠴᠠ ᠳᠡᠭᠡᠭᠰᠢ ᠪᠠᠶᠢᠭᠤᠯᠤᠭᠳᠠᠨ᠂ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠳᠠᠩᠰᠠᠯᠠᠭᠤᠯᠬᠤ᠂ ᠭᠠᠶᠢᠯᠢ | ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ ᠪᠠᠶᠢᠵᠤ᠂ ᠵᠢᠯ ᠳᠤᠮᠳᠠᠴᠢ ᠶᠢᠨ ᠪᠣᠳᠠᠲᠠᠢ | ᠲᠤᠰᠢᠶᠠᠭᠰᠠᠨ ᠭᠠᠶᠢᠯᠢ ᠲᠠᠲᠠᠪᠤᠷᠢ ᠨᠢ 50 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠠᠵᠤ ᠠᠬᠤᠢ | ᠨᠡᠶᠢᠭᠡᠮ ᠤᠨ ᠦᠷ᠎ᠡ ᠠᠰᠢᠭ ᠢᠶᠠᠷ ᠰᠠᠶᠢᠨ ᠪᠠᠶᠢᠬᠤ ᠬᠡᠷᠡᠭᠲᠡᠢ᠃ᠵᠣᠭᠤᠰ ᠢᠶᠠᠷ ᠲᠤᠰᠠᠯᠠᠬᠤ ᠪᠠᠷᠢᠮᠵᠢᠶ᠎ᠠ᠄ | ᠰᠣᠩᠭᠤᠭᠳᠠᠭᠰᠠᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ᠬᠤᠪᠢ ᠬᠥᠮᠥᠨ ᠳᠤ ᠬᠥᠮᠥᠨ ᠪᠦᠷᠢ ᠳᠤ 10 ᠲᠦᠮᠡᠨ ᠲᠥᠭᠦᠷᠢᠭ ᠤᠨ ᠱᠠᠩᠨᠠᠯ | ᠣᠯᠭᠤᠵᠤ᠂ ᠰᠣᠩᠭᠤᠭᠳᠠᠭᠰᠠᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠪᠦᠯᠬᠦᠮ ᠨᠢᠭᠡᠪᠦᠷᠢ ᠳᠤ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ᠶᠡᠷᠦᠩᠬᠡᠢ | ᠳᠤᠨᠢ ᠠᠪᠴᠤ ᠬᠡᠯᠡᠪᠡᠯ᠂ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ | ᠳᠦᠷᠢᠮ︾ ᠨᠢ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠ ᠰᠢᠨ᠎ᠡ ᠶᠢ ᠡᠭᠦᠳᠬᠦ | ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠣᠭᠤᠷᠢᠨ ᠳᠤ᠂ ᠲᠥᠷᠥᠯ ᠪᠦᠷᠢ ᠶᠢᠨ | ᠴᠢᠳᠠᠪᠤᠷᠢᠲᠠᠨ ᠤ ᠲᠥᠷᠥᠯ ᠵᠦᠢᠯ ᠳᠤ ᠪᠣᠳᠠᠲᠠᠢ ᠳᠡᠮᠵᠢᠬᠦ ᠴᠢᠭᠯᠡᠯ᠂ ᠭᠤᠶᠤᠴᠢᠯᠠᠬᠤ ᠨᠥᠬᠦᠴᠡᠯ ᠪᠠ ᠲᠤᠰᠠᠯᠠᠬᠤ | ᠪᠠᠷᠢᠮᠵᠢᠶ᠎ᠠ ᠶᠢ ᠲᠣᠳᠣᠷᠬᠠᠢ ᠲᠣᠭᠲᠠᠭᠠᠵᠠᠢ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠴᠢᠳᠠᠪᠤᠷᠢᠲᠠᠨ ᠪᠠ | ᠬᠥᠮᠥᠨ ᠬᠡᠷᠡᠭᠯᠡᠬᠦ ᠨᠢᠭᠡᠴᠡ ᠴᠥᠮ ᠡᠲᠡᠭᠡᠷ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠭᠥᠷᠳᠡᠬᠦ ᠶᠢ | ᠬᠦᠰᠡᠵᠦ ᠪᠠᠶᠢᠨ᠎ᠠ᠂ ᠣᠲᠣ ᠰᠠᠯᠠᠭᠠᠨ ᠳᠠᠷᠤᠭ᠎ᠠ ᠵᠠᠩ ᠹᠠᠩ ᠳᠡᠭᠡᠷ᠎ᠡ ᠳᠤᠷᠠᠳᠤᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ | ᠪᠣᠳᠠᠲᠠᠢ ᠭᠦᠢᠴᠡᠳᠬᠡᠬᠦ ᠶᠠᠪᠤᠴᠠ ᠶᠢ ᠦᠷᠭᠦᠯᠵᠢᠯᠡᠨ ᠲᠠᠨᠢᠯᠴᠠᠭᠤᠯᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ | ᠵᠦᠢᠯ ᠤᠨ ᠪᠣᠳᠠᠲᠠᠢ ᠭᠦᠢᠴᠡᠳᠬᠡᠬᠦ ᠶᠠᠪᠤᠴᠠ ᠨᠢ ᠶᠠᠭᠤ ᠪᠣᠶ︖ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ᠄ | ᠳᠡᠭᠡᠷ᠎ᠡ ᠳᠤᠷᠠᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠲᠠᠪᠤᠨ | ᠲᠦᠷᠦᠯ ᠤᠨ ᠴᠢᠳᠠᠪᠤᠷᠢᠲᠠᠨ ᠤ ᠲᠦᠷᠦᠯ ᠵᠦᠢᠯ ᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠵᠡᠢ᠃ ᠣᠳᠣᠬᠠᠨ ᠳᠤ ᠪᠢᠳᠡ ᠨᠢᠭᠡᠨᠲᠡ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠡᠯ᠎ᠡ ᠲᠥᠷᠥᠯ ᠤᠨ | ᠴᠢᠳᠠᠪᠤᠷᠢᠲᠠᠨ ᠤ ᠵᠦᠢᠯᠡᠰ ᠢ ᠭᠤᠶᠤᠴᠢᠯᠠᠨ ᠮᠡᠳᠡᠭᠦᠯᠬᠦ ᠮᠡᠳᠡᠭᠳᠡᠯ ᠢ ᠨᠡᠶᠢᠲᠡᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠡᠯ᠎ᠡ ᠲᠥᠷᠥᠯ ᠤᠨ ᠴᠢᠳᠠᠪᠤᠷᠢᠲᠠᠨ ᠤ ᠵᠦᠢᠯᠡᠰ ᠢ ᠭᠤᠶᠤᠴᠢᠯᠠᠨ | ᠮᠡᠳᠡᠭᠦᠯᠵᠦ ᠳᠡᠮᠵᠢᠬᠦ ᠬᠦᠷᠢᠶ᠎ᠡ᠂ ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ | ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠪᠠ ᠲᠠᠰ ᠳᠠᠷᠠᠭᠠᠯᠠᠯ ᠵᠢᠴᠢ ᠭᠤᠶᠤᠴᠢᠯᠠᠨ ᠮᠡᠳᠡᠭᠦᠯᠬᠦ | ᠳᠠᠭᠤᠰᠬᠤ ᠴᠠᠭ ᠪᠠ ᠭᠤᠶᠤᠴᠢᠯᠠᠨ ᠮᠡᠳᠡᠭᠦᠯᠬᠦ ᠠᠵᠢᠯ ᠤᠨ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠢ | ᠲᠣᠭᠲᠠᠭᠠᠵᠠᠢ᠃ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠴᠢᠳᠠᠪᠤᠷᠢᠲᠠᠨ ᠪᠠ ᠬᠥᠮᠥᠨ ᠬᠡᠷᠡᠭᠯᠡᠬᠦ ᠨᠢᠭᠡᠴᠡ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠠᠴᠠ ᠠᠰᠠᠭᠤᠨ ᠯᠠᠪᠯᠠᠵᠤ | ᠣᠶᠢᠯᠠᠭᠠᠵᠤ ᠪᠣᠯᠣᠨ᠎ᠠ᠃ ᠲᠣᠰ ᠤᠳᠠᠭ᠎ᠠ ᠶᠢᠨ ᠴᠢᠳᠠᠪᠤᠷᠢᠲᠠᠨ ᠤ ᠲᠥᠷᠥᠯ ᠵᠦᠢᠯ ᠢ ᠮᠡᠳᠡᠭᠦᠯᠬᠦ ᠳᠤ ᠴᠥᠮ | ᠰᠦᠯᠵᠢᠶᠡᠨ ᠳᠡᠭᠡᠷ᠎ᠡ ᠮᠡᠳᠡᠭᠦᠯᠬᠦ ᠬᠡᠯᠪᠡᠷᠢ ᠶᠢ ᠠᠪᠴᠤ᠂ ᠬᠡᠷᠡᠭᠯᠡᠭᠴᠢ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ︵http://kjj.huhhot.gov.cn︶ ᠳᠤ ᠣᠷᠣᠵᠤ᠂ | ᠰᠦᠯᠵᠢᠶᠡᠨ ᠤ ᠡᠬᠢᠨ ᠤ ᠨᠢᠭᠤᠷ ᠲᠤ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ 10 ᠵᠤᠷᠪᠤᠰ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠡᠭᠦᠳᠡ︾ | ᠪᠠᠷ ᠳᠠᠩᠰᠠᠯᠠᠭᠤᠯᠤᠨ ᠲᠡᠮᠳᠡᠭᠯᠡᠵᠦ᠂ ᠭᠤᠶᠤᠴᠢᠯᠠᠨ ᠮᠡᠳᠡᠭᠦᠯᠬᠦ ᠬᠡᠷᠡᠭᠲᠡᠢ᠃ᠮᠡᠳᠡᠭᠦᠯᠬᠦ ᠪᠣᠳᠠᠲᠠᠢ ᠶᠠᠪᠤᠴᠠ ᠨᠢ᠄ | ᠮᠡᠳᠡᠭᠦᠯᠬᠦ ᠨᠢᠭᠡᠴᠡ ᠮᠡᠳᠡᠭᠦᠯᠬᠦ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ ᠬᠠᠷᠢᠶ᠎ᠠ | ᠭᠠᠵᠠᠷ ᠪᠤᠶᠤ ᠰᠢᠰᠲ᠋ᠧᠮᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠠᠨᠢᠯᠴᠠᠭᠤᠯᠬᠤ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠮᠡᠳᠡᠭᠦᠯᠬᠦ | ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠥᠷᠥᠯ | ᠵᠦᠢᠯ ᠲᠣᠭᠲᠠᠭᠠᠬᠤ ᠶᠢ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠵᠣᠬᠢᠶᠠᠨ ᠪᠠᠶᠢᠭᠤᠯᠤᠨ ᠪᠡᠶᠡᠯᠡᠭᠦᠯᠬᠦ ᠶᠢᠨ | ᠬᠠᠮᠲᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶᠡᠨ ᠥᠷᠲᠡᠭᠡ ᠳᠤ | ᠲᠥᠷᠥᠯ ᠵᠦᠢᠯ ᠲᠣᠭᠲᠠᠭᠠᠭᠰᠠᠨ ᠦᠷ᠎ᠡ ᠳ᠋ᠦᠩ ᠢᠶᠠᠨ ᠨᠡᠶᠢᠲᠡᠯᠡᠬᠦ ᠶᠢᠨ ᠬᠠᠮᠲᠤ ᠡᠭᠦᠷᠭᠡ ᠶᠢᠨ ᠪᠢᠴᠢᠭ ᠲᠤ ᠭᠠᠷ ᠤᠨ | ᠥᠰᠥᠭ ᠵᠢᠷᠤᠬᠤ᠂ ᠪᠡᠯᠡ ᠮᠥᠩᠭᠦ ᠰᠢᠯᠵᠢᠭᠦᠯᠦᠨ ᠥᠭᠬᠦ ᠭᠠᠷᠳᠠᠮ ᠢ ᠭᠦᠢᠴᠡᠳᠬᠡᠨ᠎ᠡ᠃ᠮᠡᠳᠡᠭᠦᠯᠬᠦ ᠶᠠᠪᠤᠴᠠ ᠳᠤ᠂ | ᠶᠠᠮᠠᠷᠪᠠ ᠠᠰᠠᠭᠤᠳᠠᠯ ᠲᠤᠯᠭᠠᠷᠠᠪᠠᠯ ᠬᠠᠮᠢᠶ᠎ᠠ ᠪᠦᠬᠦᠢ ᠮᠡᠳᠡᠭᠳᠡᠯ ᠳᠠᠬᠢ ᠲᠤᠬᠠᠶᠢᠯᠠᠭᠰᠠᠨ ᠠᠵᠢᠯ ᠤᠨ ᠠᠰᠠᠭᠤᠨ | ᠯᠠᠪᠯᠠᠬᠤ ᠤᠲᠠᠰᠤ ᠶᠢ ᠤᠲᠠᠰᠤᠳᠠᠵᠤ᠂ ᠪᠣᠳᠠᠲᠠᠢ ᠠᠰᠠᠭᠤᠨ ᠯᠠᠪᠯᠠᠵᠤ ᠪᠣᠯᠣᠨ᠎ᠠ᠃ | ᠬᠥᠲᠥᠯᠥᠭᠴᠢ᠄ | ᠣᠶᠢᠷ᠎ᠠ ᠶᠢᠨ ᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠶᠠᠮᠠᠷ | ᠶᠠᠮᠠᠷ ᠦᠷ᠎ᠡ ᠪᠦᠲᠦᠮᠵᠢ ᠣᠯᠣᠭᠰᠠᠨ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ᠄ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨᠵᠢᠱᠢᠶᠡᠯᠡᠪᠡᠯ᠂ | 2021 ᠣᠨ ᠳᠤ᠂ ᠮᠠᠨ ᠤ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠲᠤᠬᠠᠢ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠵᠠᠰᠠᠪᠤᠷᠢ ᠣᠷᠣᠭᠤᠯᠤᠨ | ᠨᠡᠶᠢᠲᠡᠯᠡᠵᠦ᠂ ᠬᠡᠷᠡᠭᠵᠢᠭᠦᠯᠬᠦ ᠰᠠᠨᠠᠯ ᠳᠤ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠮᠠᠰᠢᠭᠤᠯᠤᠨ ᠱᠠᠩᠨᠠᠬᠤ ᠶᠢ | ᠴᠢᠩᠭᠠᠳᠬᠠᠵᠤ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠪᠡ᠃2022 | ᠣᠨ ᠳᠤ᠂ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ︵ᠲᠤᠷᠰᠢᠨ | ᠬᠡᠷᠡᠭᠵᠢᠭᠦᠯᠬᠦ︶︾ ᠢ ᠦᠨᠳᠦᠰᠦᠯᠡᠪᠡᠯ᠂ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ | ᠪᠣᠳᠣᠯᠭ᠎ᠠ ᠶᠢᠨ 10 ᠵᠤᠷᠪᠤᠰ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠢᠵᠢ | ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠣᠰ ᠢᠵᠢ | ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ᠳᠤ ᠲᠦᠰᠢᠭᠯᠡᠨ᠂ 2022 ᠣᠨ ᠳᠤ ᠮᠠᠨ ᠤ ᠬᠤᠲᠠ ᠨᠢᠭᠡᠨᠲᠡ 1 | ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ 2 ᠰᠢᠨ᠎ᠡ ᠶᠢ ᠡᠭᠦᠳᠬᠦ | ᠬᠤᠯᠪᠣᠭᠠᠲᠤ ᠴᠣᠭᠴᠠ᠂ 7 ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ | ᠵᠦᠢᠯ ᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠪᠠ ᠪᠦᠯᠬᠦᠮ ᠨᠡᠶᠢᠲᠡ ᠶᠢ ᠲᠣᠰ ᠲᠣᠰ 10 ᠱᠠᠩᠨᠠᠪᠠ᠃ᠡᠭᠦᠨ ᠠᠴᠠ ᠭᠠᠳᠠᠨ᠎ᠠ᠂ 2022 | ᠣᠨ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠬᠥᠬᠡᠬᠤᠲᠠ︾ ᠪᠠᠷ ᠮᠠᠩᠯᠠᠶᠢᠯᠠᠭᠤᠯᠬᠤ | ︽ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠪᠠ | ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠵᠢᠴᠢ ︽ | ᠵᠢᠷᠭᠤᠭᠠᠨ ᠶᠡᠭᠡ ᠠᠵᠤ ᠦᠢᠯᠡᠰ︾ ᠤᠨ ᠭᠤᠣᠯᠳᠠᠯᠭ᠎ᠠ ᠲᠠᠢ ᠠᠵᠤ ᠦᠢᠯᠡᠰ ᠢ ᠲᠥᠪᠯᠡᠷᠡᠭᠦᠯᠦᠭᠰᠡᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠤᠯᠤᠰ ᠤᠨ ᠰᠤᠳᠤᠯᠤᠨ | ᠨᠡᠭᠡᠭᠡᠬᠦ ᠪᠣᠳᠠᠲᠤ ᠬᠦᠴᠦᠨ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠠᠵᠤ ᠠᠬᠤᠶᠢᠯᠠᠯ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠳᠤ ᠬᠠᠨᠳᠤᠭᠤᠯᠤᠨ ᠢᠯᠡ ᠪᠠᠷ ᠵᠠᠷᠯᠠᠨ ᠨᠡᠶᠢᠲᠡᠯᠡᠵᠦ᠂ | ᠰᠢᠨ᠎ᠡ ᠶᠢ ᠡᠭᠦᠳᠬᠦ ᠳᠠᠪᠠᠭᠤᠯᠢᠭ ᠴᠢᠳᠠᠪᠤᠷᠢᠲᠠᠨ ᠤ ᠡᠬᠢ ᠪᠠᠶᠠᠯᠢᠭ ᠢ ᠲᠡᠳᠡᠨ ᠠᠪᠴᠢᠷᠠᠵᠤ ᠮᠠᠨ ᠤ ᠬᠤᠲᠠ ᠳᠤ | ᠴᠤᠭᠯᠠᠷᠠᠭᠤᠯᠤᠨ᠎ᠠ᠃2023 ᠣᠨ ᠳᠤ ᠲᠦᠷᠦᠭᠦᠦ ᠪᠦᠯᠦᠭ ᠤᠨ ᠨᠡᠷᠡᠰ ᠤᠨ ᠵᠢᠭᠰᠠᠭᠠᠯᠲᠠ ᠳᠤ ᠮᠠᠩᠯᠠᠶᠢᠯᠠᠭᠤᠯᠬᠤ | ᠵᠦᠢᠯᠡᠰ ᠢ ᠡᠬᠢᠯᠡᠭᠦᠯᠵᠦ᠂ 8 ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠰᠦ᠋ ᠶᠢᠨ ᠦᠢᠯᠡᠰ᠂ ᠡᠪᠡᠰᠦᠨ | ᠦᠷ᠎ᠡ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠶᠢ ᠬᠠᠮᠤᠷᠴᠤ᠂ ᠨᠢᠭᠡ | ᠪᠦᠯᠦᠭ ᠠᠵᠢᠯ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠤᠨ | ᠬᠢᠨ ᠤ ᠨᠡᠷᠡᠰ ᠤᠨ ᠵᠢᠭᠰᠠᠭᠠᠯᠲᠠ ᠳᠤ ᠲᠡᠷᠢᠭᠦᠯᠡᠨ ᠪᠣᠭᠤᠮᠲᠠ ᠰᠢᠪᠲᠤᠯᠵᠤ᠂ ᠮᠠᠨ ᠤ ᠬᠤᠳᠠ ᠶᠢᠨ ᠠᠵᠤ ᠦᠢᠯᠡᠰ ᠤᠨ | ᠬᠥᠭᠵᠢᠯᠲᠡ ᠳᠤ ᠴᠢᠳᠠᠪᠤᠷᠢ ᠣᠯᠭᠤᠵᠠᠢ᠃ᠳᠡᠭᠡᠳᠦ ᠳᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ | ᠳᠡᠭᠡᠳᠦ ᠳᠡᠰ ᠤᠨ ᠴᠢᠳᠠᠪᠤᠷᠢᠲᠠᠨ ᠢ ᠲᠡᠳᠡᠨ ᠴᠤᠭᠯᠠᠭᠤᠯᠬᠤ ᠲᠠᠯ᠎ᠠ ᠪᠠᠷ᠂ ᠵᠢᠷᠭᠤᠭᠠᠨ ᠲᠣᠮᠣ ᠠᠵᠤ ᠦᠢᠯᠡᠰ ᠤᠨ | ᠰᠦᠷᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠲᠣᠭᠤᠷᠢᠨ ᠳᠤ᠂ ᠰᠦ᠋ ᠰᠠᠭᠠᠯᠢ ᠶᠢᠨ ᠦᠢᠯᠡᠰ᠂ ᠡᠪᠡᠰᠦᠨ | ᠦᠷ᠎ᠡ ᠶᠢᠨ ᠦᠢᠯᠡᠰ᠂ ᠠᠮᠢᠲᠠᠨ ᠤ ᠸᠠᠺᠼᠢᠨ ᠤ ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠨ ᠤ ᠪᠠᠶᠢᠷᠢᠰᠢᠭᠤᠯᠤᠯᠲᠠ ᠶᠢ ᠬᠦᠴᠦᠯᠡᠨ ᠰᠦᠪᠡᠭᠴᠢᠯᠡᠵᠦ᠂ ᠥᠨᠳᠥᠷ ᠲᠠᠰ ᠤᠨ | ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠨ᠂ ᠲᠡᠷᠢᠭᠦᠨ ᠤ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ | ᠡᠭᠦᠳᠬᠦ ᠪᠦᠯᠬᠦᠮ ᠨᠡᠶᠢᠲᠡ ᠶᠢ ᠴᠤᠭᠯᠠᠷᠠᠭᠤᠯᠵᠤ᠂ ᠤᠯᠤᠰ ᠤᠨ ᠰᠦ᠋ ᠰᠠᠭᠠᠯᠢ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠭᠤᠷᠪᠠᠨ ᠶᠡᠭᠡ ᠰᠢᠨ᠎ᠡ ᠶᠢ ᠡᠭᠦᠳᠬᠦ ᠡᠬᠢ | ᠰᠤᠷᠪᠤᠯᠵᠢ ᠶᠢᠨ ᠲᠠᠪᠴᠠᠩ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨᠠᠣᠳᠣᠬᠠᠨ ᠳᠤ᠂ ᠤᠯᠤᠰ ᠤᠨ | ᠰᠦ᠋ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠨᠢᠭᠡᠨᠲᠡ 101 ᠪᠦᠷᠢᠯᠳᠦᠭᠦᠨ ᠨᠢᠭᠡᠴᠡ | ᠴᠤᠭᠯᠠᠷᠠᠵᠤ᠂ 10 ᠠᠺᠠᠳᠧᠮᠢᠴᠢ ᠪᠠ 100 ᠭᠠᠷᠤᠢ ᠳᠡᠭᠡᠳᠦ ᠲᠠᠰ ᠤᠨ ᠠᠵᠢᠯ ᠲᠥᠷᠥᠯ ᠤᠨ ᠲᠤᠰᠬᠠᠢ | ᠮᠡᠷᠭᠡᠵᠢᠯᠲᠡᠨ᠂ 20 ᠭᠠᠷᠤᠢ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ 1000 ᠭᠠᠷᠤᠢ ᠭᠤᠣᠯᠯᠠᠬᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠪᠠ 5000 ᠭᠠᠷᠤᠢ ᠬᠥᠮᠥᠨ ᠲᠠᠢ ᠪᠥᠬᠦ ᠠᠵᠤ ᠦᠢᠯᠡᠰ ᠤᠨ ᠬᠡᠯᠬᠢᠶᠡᠨ ᠤ | ᠰᠢᠨ᠎ᠡ ᠶᠢ ᠡᠭᠦᠳᠬᠦ ᠡᠩᠨᠡᠭᠡ ᠶᠢ ᠴᠤᠭᠯᠠᠷᠠᠭᠤᠯᠵᠤ᠂ ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ᠂ ᠴᠠᠭᠠᠨ | ᠢᠳᠡᠭᠡᠨ ᠤ ᠭᠠᠷ ᠤᠷᠠᠯᠠᠯ ᠤᠨ ᠮᠡᠷᠭᠡᠵᠢᠯ ᠤᠨ ᠲᠥᠬᠦᠭᠡᠷᠦᠮᠵᠢ᠂ ᠴᠠᠭᠠᠨ ᠢᠳᠡᠭᠡᠨ ᠤ ᠶᠠᠰᠤ ᠴᠢᠨᠠᠷ ᠪᠠ ᠠᠮᠤᠷ | ᠲᠦᠪᠰᠢᠨ ᠵᠡᠷᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠰᠤᠳᠤᠯᠤᠨ | ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠪᠡ᠃ᠤᠯᠤᠰ ᠤᠨ ᠡᠪᠡᠰᠦᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠨᠢᠭᠡᠨᠲᠡ 34 ᠬᠠᠮᠲᠤ ᠪᠠᠷ ᠪᠠᠶᠢᠭᠤᠯᠬᠤ ᠨᠢᠭᠡᠴᠡ ᠬᠤᠷᠠᠨ | ᠴᠤᠭᠯᠠᠷᠠᠵᠤ᠂ 4 ᠠᠺᠠᠳᠧᠮᠢᠴᠢ 10 ᠭᠠᠷᠤᠢ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠴᠤᠭᠯᠠᠷᠠᠭᠤᠯᠤᠨ᠂ | ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠠᠷᠢᠯᠢᠭ ᠣᠨᠣᠴᠠᠲᠠᠢ ᠪᠠᠷ ᠬᠢᠨᠠᠨ ᠲᠣᠭᠲᠠᠭᠠᠬᠤ ᠪᠠ ᠰᠢᠨ᠎ᠡ ᠶᠢ | ᠡᠭᠦᠳᠦᠨ ᠠᠰᠢᠭᠯᠠᠬᠤ᠂ ᠡᠪᠡᠰᠦᠨ ᠤ ᠤᠳᠤᠮᠯᠠᠯ ᠤᠨ ᠡᠭᠦᠯᠳᠡᠷ ᠪᠣᠶᠢᠵᠢᠭᠤᠯᠬᠤ ᠪᠠ ᠰᠠᠶᠢᠨ ᠡᠭᠦᠯᠳᠡᠷ ᠤᠨ | ᠦᠢᠯᠡᠳᠪᠦᠷᠢᠯᠡᠯ᠂ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠪᠠ ᠡᠳ᠋ᠰᠢᠭᠦᠯᠦᠨ ᠠᠰᠢᠭᠯᠠᠬᠤ᠂ | ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠪᠠ ᠴᠢᠳᠠᠮᠵᠢ ᠶᠢᠨ ᠳᠡᠭᠡᠭᠰᠢᠯᠡᠯᠲᠡ ᠶᠢᠨ ᠰᠤᠳᠤᠯᠭᠠᠨ ᠪᠠ | ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠭᠤᠣᠯᠳᠠᠯᠭ᠎ᠠ ᠲᠠᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠨᠢᠭᠡᠨᠲᠡ | ᠬᠠᠮᠲᠤ ᠪᠠᠷ ᠪᠠᠶᠢᠭᠤᠯᠤᠭᠰᠠᠨ 15 ᠨᠢᠭᠡᠴᠡ ᠬᠤᠷᠠᠨ ᠴᠤᠭᠯᠠᠷᠠᠵᠤ᠂ 1 ᠠᠺᠠᠳᠧᠮᠢᠴᠢ 10 ᠭᠠᠷᠤᠢ ᠠᠵᠢᠯ | ᠲᠥᠷᠥᠯ ᠤᠨ ᠲᠤᠰᠬᠠᠢ ᠮᠡᠷᠭᠡᠵᠢᠯᠲᠡᠨ ᠢ ᠴᠤᠭᠯᠠᠷᠠᠭᠤᠯᠤᠨ᠂ ᠠᠮᠢᠲᠠᠨ ᠤ ᠬᠢᠵᠢᠭ ᠡᠪᠡᠳᠴᠢᠨ ᠤ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠨ ᠵᠠᠳᠠᠯᠤᠯᠲᠠ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠰᠢᠨ᠎ᠡ | ᠬᠡᠯᠪᠡᠷᠢ ᠶᠢᠨ ᠸᠠᠺᠼᠢᠨ ᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ | ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠷᠦ᠋ᠼᠧᠯ ᠡᠪᠡᠳᠴᠢᠨ ᠢ ᠰᠡᠷᠭᠡᠶᠢᠯᠡᠨ | ᠡᠵᠡᠮᠳᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠭᠤᠣᠯᠳᠠᠯᠭ᠎ᠠ ᠲᠠᠢ ᠥᠷᠨᠢᠭᠦᠯᠪᠡ᠃ᠠᠵᠤ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠵᠤ ᠰᠢᠨ᠎ᠡ ᠶᠢ ᠡᠭᠦᠳᠬᠦ | ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ | ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠵᠣᠬᠢᠶᠠᠨ | ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠬᠤ ᠳᠤ︽ᠰᠠᠮᠪᠠᠷ᠎ᠠ ᠪᠠᠷ ᠮᠠᠩᠯᠠᠶᠢᠯᠠᠭᠤᠯᠬᠤ︾ᠳᠦᠷᠢᠮ ᠪᠣᠯᠣᠨ ᠦᠷ᠎ᠡ ᠪᠦᠲᠦᠭᠡᠯ ᠤᠨ ᠵᠠᠮ ᠤᠨ | ᠲᠣᠭᠯᠠᠯᠲᠠ ᠶᠢᠨ ᠲᠦᠷᠦᠯ ᠵᠦᠢᠯ ᠳᠤ︽ᠲᠣᠭᠯᠠᠯᠲᠠ ᠪᠠᠷ ᠦᠨᠡᠯᠡᠯᠲᠡ ᠶᠢ ᠣᠷᠣᠯᠠᠭᠤᠯᠬᠤ︾ᠵᠣᠬᠢᠶᠠᠨ | ᠪᠠᠶᠢᠭᠤᠯᠤᠯᠲᠠ ᠶᠢᠨ ᠲᠦᠷᠦᠯ ᠵᠦᠢᠯ ᠲᠣᠭᠲᠠᠭᠠᠬᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ᠡᠯ᠎ᠡ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠢᠳᠡᠪᠬᠢᠲᠡᠢ ᠪᠠᠷ ᠲᠡᠮᠡᠴᠡᠨ ᠣᠯᠵᠤ᠂ ᠠᠵᠤ | ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ | ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠭᠠᠷᠳᠠᠴᠠ ᠪᠣᠯᠭᠠᠵᠤ᠂ ᠠᠵᠤ | ᠦᠢᠯᠡᠰ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠠᠴᠠ ᠨᠠᠰᠢ᠂ ᠣᠷᠣᠨ ᠤ ᠳᠣᠲᠣᠷ᠎ᠠ ᠭᠠᠳᠠᠨᠠᠬᠢ 100 ᠭᠠᠷᠤᠢ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ 200 ᠭᠠᠷᠤᠢ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠭᠦᠷᠭᠡ ᠳᠤ ᠲᠦᠰᠢᠭᠯᠡᠨ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ | ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢᠨ ᠬᠠᠮᠲᠤ ᠪᠠᠰᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠬᠦᠷᠢᠶᠡᠨ ᠳᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠵᠡᠢ᠃ᠨᠡᠭᠡᠭᠡᠯᠲᠡ ᠲᠠᠢ ᠬᠠᠮᠲᠤᠷᠠᠯᠴᠠᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ | ᠪᠠᠶᠢᠭᠤᠯᠬᠤ ᠲᠠᠯ᠎ᠠ ᠪᠠᠷ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠨ᠎ᠡ ᠶᠢ ᠡᠭᠦᠳᠬᠦ ᠭᠤᠣᠯ | ᠴᠣᠭᠴᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠥᠬᠦ ᠬᠤᠲᠠ ᠶᠢᠨ ᠡᠯ᠎ᠡ ᠲᠥᠷᠥᠯ ᠤᠨ ᠰᠢᠨ᠎ᠡ ᠶᠢ | ᠡᠭᠦᠳᠬᠦ ᠭᠤᠣᠯ ᠴᠣᠭᠴᠠ ᠬᠢᠭᠡᠳ ︽4+8+N︾ ᠬᠠᠮᠲᠤᠷᠠᠯᠴᠠᠭᠠᠨ ᠤ ᠭᠤᠣᠯ ᠴᠣᠭᠴᠠ ᠶᠢᠨ ᠬᠠᠮᠲᠤᠷᠠᠯᠴᠠᠭ᠎ᠠ | ᠥᠷᠨᠢᠭᠦᠯᠬᠦ ᠶᠢ ᠠᠬᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ᠂ ᠨᠠᠷᠠᠲᠤ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠤᠯᠠᠮ ᠨᠢᠭᠡ ᠠᠯᠬᠤᠮ ᠲᠠᠲᠠᠵᠤ ᠣᠷᠣᠨ ᠤ ᠲᠥᠪ ᠲᠤ | ᠴᠤᠭᠯᠠᠷᠠᠭᠤᠯᠤᠨ ᠬᠥᠭᠵᠢᠭᠦᠯᠵᠦ᠂ ᠪᠥᠬᠦ ᠬᠤᠲᠠ ᠶᠢᠨ ᠴᠢᠳᠠᠪᠤᠷᠢᠲᠠᠨ ᠢ ᠣᠷᠣᠭᠤᠯᠤᠨ ᠣᠶᠤᠨ ᠢ ᠬᠤᠷᠠᠮᠳᠤᠭᠤᠯᠤᠨ | ᠨᠡᠭᠡᠭᠡᠯᠲᠡ ᠲᠠᠢ ᠪᠣᠯᠭᠠᠬᠤ ᠪᠠᠶᠢᠷᠢᠰᠢᠯ ᠢ ᠪᠣᠶ ᠪᠣᠯᠭᠠᠪᠠ᠃ᠠᠺᠠᠳᠧᠮᠢᠴᠢ ᠲᠤᠰᠬᠠᠢ ᠮᠡᠷᠭᠡᠵᠢᠯᠲᠡᠨ ᠵᠡᠷᠭᠡ ᠳᠡᠭᠡᠳᠦ | ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠭᠤᠣᠯᠳᠠᠯᠭ᠎ᠠ ᠲᠠᠢ ᠳᠡᠮᠵᠢᠵᠦ᠂ ᠶᠡᠭᠡ ᠳᠡᠭᠡᠳᠦ | ᠰᠤᠷᠭᠠᠭᠤᠯᠢ ᠶᠢᠨ ᠨᠠᠷᠠᠲᠤ ᠰᠤᠷᠭᠠᠭᠤᠯᠢ ᠯᠤᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠬᠠᠮᠲᠤᠪᠠᠷ ᠪᠠᠶᠢᠭᠤᠯᠵᠤ᠂ ᠴᠢᠳᠠᠪᠤᠷᠢᠲᠠᠨ ᠤ ᠨᠢᠰᠬᠦ ᠭᠠᠵᠠᠷ ᠢ ᠪᠠᠶᠢᠭᠤᠯᠤᠨ᠂ ᠴᠢᠳᠠᠪᠤᠷᠢᠲᠠᠨ ᠡᠯᠰᠡᠵᠦ ᠣᠶᠤᠨ ᠢ | ᠲᠠᠲᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠣᠯᠭᠠᠭᠤᠯᠤᠨ ᠬᠠᠮᠲᠤᠷᠠᠯᠴᠠᠬᠤ ᠶᠢ ᠢᠳᠡᠪᠬᠢᠲᠡᠢ ᠥᠷᠨᠢᠭᠦᠯᠦᠨ | ᠂ ᠡᠯ᠎ᠡ ᠬᠦᠷᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠨᠡᠶᠢᠲᠡ ᠶᠢ ᠶᠡᠬᠡᠪᠡᠷ ᠬᠥᠮᠥᠵᠢᠭᠦᠯᠦᠨ᠎ᠡ᠃ | ᠣᠳᠣᠬᠠᠨ ᠳᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ︽ᠱᠠᠩᠬᠠᠢ ᠶᠢᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ︾ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠲᠠᠢ ᠬᠠᠮᠲᠤ ᠪᠠᠷ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠰᠤᠳᠤᠯᠭᠠᠨ ᠤ ᠬᠦᠷᠢᠶᠡᠯᠡᠩ ᠪᠠ ᠥᠪᠥᠷ ᠮᠣᠩᠭᠤᠯ ᠤᠨ ᠳᠤᠮᠳᠠ ᠲᠠᠷᠢᠶᠠᠴᠢᠨ ᠤ ᠣᠲᠣ ᠦᠶ᠎ᠡ ᠶᠢᠨ ᠦᠷ᠎ᠡ ᠡᠳ᠋ ᠤᠨ | ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠶᠡᠭᠡ ᠰᠤᠷᠭᠠᠭᠤᠯᠢ ︵ᠪᠡᠭᠡᠵᠢᠩ︶ ᠲᠠᠢ ᠬᠠᠮᠲᠤ ᠪᠠᠷ ᠨᠡᠭᠦᠷᠡᠰᠦᠲᠥ᠋ᠷᠥᠭᠴᠢ ᠵᠥᠩ ᠾᠧ ᠰᠢᠨ᠎ᠡ ᠮᠠᠲ᠋ᠧᠷᠢᠶᠠᠯ ᠤᠨ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠲᠠᠢ ᠬᠠᠮᠲᠤ ᠪᠠᠷ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤ ᠪᠠᠷ ᠥᠪᠥᠷ | ᠮᠣᠩᠭᠤᠯ ᠤᠨ ᠣᠶᠤᠨᠴᠢ ᠦᠢᠯᠡᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠎ᠠ᠃ ᠮᠠᠨ ᠤ ᠬᠤᠲᠠ ᠳᠤ ᠨᠢᠭᠡ | ᠪᠦᠯᠦᠭ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ | ᠪᠦᠯᠬᠦᠮ ᠢ ᠲᠠᠲᠠᠨᠡᠭᠦᠨ ᠤ ᠬᠠᠮᠲᠤ᠂ ᠮᠠᠨ ᠤ ᠬᠤᠲᠠ ᠶᠢᠨ ᠬᠢᠨ ᠡᠯ᠎ᠡ ᠲᠥᠷᠥᠯ ᠤᠨ ᠨᠢᠭᠡᠴᠡ ᠶᠢᠨ ᠠᠺᠠᠳᠧᠮᠢᠴᠢ | ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠵᠣᠷᠢᠭᠵᠢᠭᠤᠯᠤᠨ ᠳᠡᠮᠵᠢᠵᠦ᠂ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠺᠠᠳᠧᠮᠢᠴᠢ ᠬᠤ ᠸᠧᠨ ᠷᠦᠢ ᠶᠢ ᠣᠷᠣᠭᠤᠯᠤᠨ ᠠᠪᠴᠢᠷᠠᠵᠤ ᠬᠠᠭᠠᠰ ᠳᠠᠮᠵᠢᠭᠤᠯᠤᠭᠴᠢ | ᠮᠠᠲ᠋ᠧᠷᠢᠶᠠᠯ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠵᠠᠩ ᠶᠦᠩ ᠠᠺᠠᠳᠧᠮᠢᠴᠢ ᠶᠢ ᠣᠷᠣᠭᠤᠯᠤᠨ ᠠᠪᠴᠢᠷᠠᠵᠤ ᠭᠡᠷ ᠤᠨ | ᠲᠡᠵᠢᠭᠡᠪᠦᠷᠢ ᠶᠢᠨ ᠡᠭᠦᠯᠳᠡᠷ ᠤᠨ ᠡᠬᠢ ᠪᠠᠶᠠᠯᠢᠭ ᠪᠣᠯᠣᠨ ᠬᠦᠪᠦᠷᠡᠯ ᠤᠨ ᠠᠮᠢᠳᠤ ᠪᠣᠳᠠᠰ ᠤᠨ ᠢᠨᠵᠧᠨᠧᠷᠢᠩ ᠤᠨ | ᠮᠡᠷᠭᠡᠵᠢᠯ ᠤᠨ ᠬᠠᠮᠲᠤᠷᠠᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠵᠤ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠤᠤ ᠫᠣᠩ ᠳ᠋ᠠ ᠠᠺᠠᠳᠧᠮᠢᠴᠢ ᠶᠢ ᠣᠷᠣᠭᠤᠯᠤᠨ | ᠠᠪᠴᠢᠷᠠᠵᠤ ᠭᠠᠵᠠᠷ ᠵᠦᠢ ᠶᠢᠨ ᠮᠡᠳᠡᠭᠡ ᠵᠠᠩᠭᠢ ᠵᠢᠴᠢ ᠭᠠᠵᠠᠷ ᠤᠨ ᠬᠡᠮᠵᠢᠯᠲᠡ ᠶᠢᠨ ᠠᠯᠤᠰ ᠰᠡᠷᠡᠯ ᠤᠨ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠪᠠ ᠁ ᠪᠠᠶᠢᠭᠤᠯᠤᠭᠰᠠᠨ ᠠᠺᠠᠳᠧᠮᠢᠴᠢ ᠲᠤᠰᠬᠠᠢ | ᠮᠡᠷᠭᠡᠵᠢᠯᠲᠡᠨ ᠤ ᠠᠵᠢᠯ ᠤᠨ ᠦᠷᠳᠡᠭᠡ ᠨᠢ ᠦᠷᠳᠡᠭᠡ ᠪᠠᠶᠢᠭᠤᠯᠤᠭᠰᠠᠨ ᠨᠢᠭᠡᠴᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠢ ᠬᠥᠮᠥᠵᠢᠭᠦᠯᠬᠦ ᠶᠢ ᠬᠦᠴᠦᠲᠡᠢ ᠠᠬᠢᠭᠤᠯᠵᠠᠢ᠃ᠴᠢᠳᠠᠪᠤᠷᠢᠲᠠᠨ ᠤ | ᠠᠴᠢᠶᠠᠯᠠᠪᠤᠷᠢ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ᠂ ᠮᠠᠨ ᠤ ᠬᠤᠲᠠ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠴᠢᠶᠠᠯᠠᠪᠤᠷᠢ ᠶᠢᠨ ᠭᠤᠣᠯ ᠴᠣᠭᠴᠠ ᠶᠢᠨ | ᠪᠠᠶᠢᠷᠢ ᠰᠠᠭᠤᠷᠢ ᠶᠢ ᠲᠤᠪᠤᠶᠢᠯᠭᠠᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ︽ᠬᠤᠶᠠᠷ ᠳᠠᠬᠢᠨ ᠢᠶᠠᠷ | ᠨᠡᠮᠡᠭᠳᠡᠭᠦᠯᠬᠦ︾︽ᠬᠤᠶᠠᠷ ᠢ ᠳᠡᠭᠡᠭᠰᠢᠯᠡᠭᠦᠯᠬᠦ︾ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠠᠬᠤᠶᠢᠯᠠᠯ ᠤᠨ ᠪᠦᠯᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠦᠨ | ᠬᠥᠭᠵᠢᠭᠦᠯᠬᠦ ᠳᠤ ᠠᠴᠢᠶᠠᠯᠠᠪᠤᠷᠢ ᠶᠢᠨ ᠲᠠᠪᠴᠠᠩ ᠬᠠᠩᠭᠠᠪᠠ᠃ᠣᠳᠣᠬᠠᠨ ᠳᠤ᠂ ᠮᠠᠨ ᠤ ᠬᠤᠲᠠ ᠨᠢᠭᠡᠨᠲᠡ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 5 | ᠪᠣᠶᠢᠵᠢᠭᠤᠯᠵᠤ᠂ 2022 ᠣᠨ ᠤ ᠡᠴᠦᠰ ᠪᠣᠯᠲᠠᠯ᠎ᠠ᠂ ᠮᠠᠨ ᠤ ᠬᠤᠲᠠ ᠳᠤ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠨᠡᠶᠢᠲᠡ 465᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ ᠨᠡᠶᠢᠲᠡ 413 ᠪᠣᠶᠢᠵᠢᠭᠤᠯᠵᠤ᠂ ᠲᠤᠭ᠎ᠠ ᠬᠡᠮᠵᠢᠶ᠎ᠡ ᠨᠢ ᠴᠥᠮ ᠪᠥᠬᠦ ᠣᠷᠣᠨ ᠤ | ᠲᠡᠷᠢᠭᠦᠨ ᠳᠤ ᠣᠷᠣᠪᠠ᠃ᠡᠭᠦᠨ ᠤ ᠬᠠᠮᠲᠤ ᠬᠥᠲᠥᠴᠢ ᠨᠢᠷᠤᠭᠤᠪᠴᠢ ᠬᠡᠯᠪᠡᠷᠢ ᠶᠢᠨ ᠠᠵᠤ ᠠᠬᠤᠶᠢᠯᠠᠯ ᠤᠨ | ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠭᠤᠣᠯᠳᠠᠯᠭ᠎ᠠ ᠲᠠᠢ | ᠬᠥᠲᠥᠯᠥᠨ ᠵᠢᠯᠤᠭᠤᠳᠴᠤ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠤ | ᠡᠵᠡᠨ︾ ᠠᠵᠤ ᠠᠬᠤᠶᠢᠯᠠᠯ ᠤᠨ ᠳᠡᠭᠡᠳᠦ ᠲᠠᠰ ᠤᠨ ᠰᠢᠨ᠎ᠡ ᠶᠢ ᠡᠭᠦᠳᠬᠦ ᠬᠦᠴᠦᠨ ᠵᠦᠢᠯ ᠢ ᠡᠮᠬᠢᠯᠡᠨ | ᠨᠡᠶᠢᠯᠡᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠶᠢ ᠳᠠᠶᠢᠴᠢᠯᠠᠨ᠂ ᠨᠢᠭᠡ ᠪᠦᠯᠦᠭ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯᠣᠲᠣ | ᠪᠣᠯᠲᠠᠯ᠎ᠠ᠂ ᠨᠢᠭᠡᠨᠲᠡ 19 ᠬᠤᠯᠪᠣᠭᠠᠲᠤ ᠴᠣᠭᠴᠠ ᠶᠢ ᠳᠠᠩᠰᠠᠯᠠᠭᠤᠯᠤᠨ ᠰᠢᠨ᠎ᠡ ᠶᠢ ᠡᠭᠦᠳᠦᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠮᠠᠨ ᠤ ᠬᠤᠲᠠ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠬᠦᠷᠢᠶᠡᠯᠡᠩ | ᠭᠠᠵᠠᠷ ᠤᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠶᠢᠨ ᠲᠥᠯᠥᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠳᠦᠷᠢᠮ ᠤᠨ ᠰᠢᠨ᠎ᠡ ᠶᠢ ᠡᠭᠦᠳᠴᠦ᠂ ᠬᠥᠬᠡᠬᠤᠲᠠ ᠳᠤ | ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ ᠶᠢᠨ ᠦᠢᠯᠡᠳᠪᠦᠷᠢᠯᠡᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠤᠷᠢᠳ ᠬᠤᠵᠢᠳ | ᠳᠣᠲᠣᠭᠠᠳᠤ ᠲᠠᠷᠢᠶᠠᠯᠠᠩ ᠤᠨ ᠶᠡᠭᠡ ᠰᠤᠷᠭᠠᠭᠤᠯᠢ᠂ ᠳᠣᠲᠣᠭᠠᠳᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠤᠯᠢ ᠶᠢᠨ ᠡᠷᠬᠡᠲᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠨᠢᠭᠡᠴᠡ ᠶᠢᠨ ᠦᠢᠯᠡᠴᠢᠯᠡᠭᠡᠨ ᠤ ᠵᠥᠪᠯᠡᠯᠴᠡᠭᠡᠷ | ᠲᠣᠭᠲᠠᠵᠤ᠂ 155 ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ 18 ᠰᠠᠯᠠᠭ᠎ᠠ ᠲᠠᠷᠢᠶᠠᠯᠠᠩ ᠪᠠ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠢ ᠠᠵᠤ | ᠠᠬᠤᠶᠢᠯᠠᠯ᠂ ᠬᠥᠳᠡᠭᠡ ᠲᠣᠰᠬᠤᠨ ᠳᠤ ᠣᠴᠢᠭᠤᠯᠵᠤ᠂ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠶᠢᠨ | ᠦᠢᠯᠡᠴᠢᠯᠡᠭᠡ ᠥᠷᠨᠢᠭᠦᠯᠵᠦ᠂ ᠥᠭᠦᠯᠡᠯ ᠢᠶᠠᠨ ᠡᠬᠡ ᠤᠯᠤᠰ ᠤᠨ ᠢᠶᠠᠨ ᠨᠤᠲᠤᠭ ᠳᠡᠪᠢᠰᠬᠡᠷ ᠳᠡᠭᠡᠷ᠎ᠡ ᠪᠢᠴᠢᠵᠦ᠂ | ᠨᠡᠶᠢᠲᠡ 1000 ᠭᠠᠷᠤᠢ ᠣᠷᠣᠨ ᠨᠤᠲᠤᠭ ᠤᠨ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠵᠦ᠂ 16000 ᠭᠠᠷᠤᠢ ᠬᠥᠮᠥᠨ ᠤ ᠠᠵᠢᠯ ᠣᠯᠭᠤᠯᠲᠠ ᠶᠢ ᠲᠠᠶᠢᠴᠢᠯᠠᠵᠠᠢ᠃ᠡᠭᠦᠨ ᠤ | ᠬᠠᠮᠲᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢᠶᠠᠷ ᠣᠷᠣᠨ | ᠨᠤᠲᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠭᠦᠯᠬᠦ ᠪᠠᠷ 2021 ᠣᠨ ᠳᠤ | ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠳᠡᠯᠭᠡᠭᠦᠷ ᠤᠨ ᠲᠥᠪ ︵ᠬᠥᠬᠡᠬᠤᠲᠠ︶ ᠢ ᠡᠬᠢᠯᠡᠨ ᠡᠵᠡᠩᠨᠡᠵᠦ᠂ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠪᠠᠭᠰᠢ ᠶᠢᠨ ᠶᠡᠭᠡ ᠰᠤᠷᠭᠠᠭᠤᠯᠢ | ᠵᠡᠷᠭᠡ 15 ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ︽ᠠᠵᠤ ᠦᠢᠯᠡᠰ ᠤᠨ ᠣᠨᠣᠰᠢᠯᠠᠯᠲᠠ ᠶᠢᠨ ᠪᠠᠶᠢᠴᠠᠭᠠᠨ ᠰᠤᠳᠤᠯᠤᠯᠲᠠ︾ ᠪᠠ ︽ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠬᠥᠬᠡᠬᠤᠲᠠ ᠶᠢᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠵᠦ᠂ | ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠳᠤ ᠭᠦᠨᠵᠡᠭᠡᠶᠢᠷᠡᠨ ᠮᠡᠷᠭᠡᠵᠢᠯ ᠤᠨ ᠬᠡᠷᠡᠭᠴᠡᠭᠡ ᠶᠢ ᠠᠭᠤᠳᠠᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃2022 | ᠣᠨ ᠳᠤ ᠬᠥᠳᠡᠯᠭᠡᠬᠦ ᠬᠦᠴᠦᠨ ᠤ ᠲᠥᠪ ᠤᠨ ᠬᠢᠨ ᠬᠤᠯᠪᠣᠭᠳᠠᠯ ᠪᠦᠬᠦᠢ 13 ᠠᠵᠤ ᠠᠬᠤᠶᠢᠯᠠᠯ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠲᠤᠰᠬᠠᠢ ᠮᠡᠷᠭᠡᠵᠢᠯ ᠤᠨ | ᠵᠢᠯᠣᠭᠤᠳᠤᠭᠴᠢ ᠪᠠᠭᠰᠢ ᠶᠢ ᠣᠷᠣᠭᠤᠯᠤᠨ ᠠᠪᠴᠢᠷᠠᠵᠤ ᠮᠠᠨ ᠤ ᠬᠤᠳᠠ ᠶᠢᠨ 32 ᠠᠵᠤ ᠠᠬᠤᠶᠢᠯᠠᠯ ᠳᠤ | ᠲᠥᠪᠯᠡᠷᠡᠭᠦᠯᠦᠨ ᠪᠣᠯᠪᠠᠰᠤᠷᠠᠯ ᠬᠦᠷᠲᠡᠭᠡᠬᠦ ᠶᠢᠨ ᠬᠠᠮᠲᠤ ᠵᠠᠮ ᠤᠨ ᠲᠣᠭᠯᠠᠯᠲᠠ ᠶᠢᠨ ᠤᠷᠤᠯᠳᠤᠭᠠᠨ ᠤ ᠬᠡᠯᠪᠡᠷᠢ ᠪᠠᠷ | ᠲᠦᠷᠦᠭᠦᠦ ᠪᠦᠯᠦᠭ ᠰᠢᠨ᠎ᠡ ᠶᠢ ᠡᠭᠦᠳᠬᠦ ᠦᠢᠯᠡᠰ ᠪᠣᠰᠬᠠᠬᠤ ᠴᠢᠳᠠᠪᠤᠷᠢᠲᠠᠨ ᠪᠠ ᠪᠦᠯᠬᠦᠮ ᠢ ᠰᠣᠩᠭᠤᠨ ᠭᠠᠷᠭᠠᠵᠤ᠂ | ᠬᠥᠳᠡᠯᠭᠡᠬᠦ ᠬᠦᠴᠦᠨ ᠤ ᠲᠥᠪ ᠤᠨ ᠲᠦᠷᠦᠯ ᠲᠡᠮᠳᠡᠭ ᠤᠨ ᠠᠵᠢᠯᠯᠠᠭ᠎ᠠ ᠳᠤ ᠲᠦᠰᠢᠭᠯᠡᠵᠦ᠂ ᠮᠠᠨ ᠤ ᠬᠤᠳᠠ ᠳᠤ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ ᠲᠥᠪᠯᠡᠷᠡᠭᠦᠯᠪᠡ᠃ᠡᠯ᠎ᠡ | ᠲᠥᠷᠥᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ ᠪᠠ ᠳᠡᠮᠵᠢᠯᠭᠡ ᠳᠣᠣᠷ᠎ᠠ᠂ ᠮᠠᠨ ᠤ | ᠬᠤᠲᠠ ᠶᠢᠨ ᠰᠦᠨ ᠦᠢᠯᠡᠰ᠂ ᠡᠪᠡᠰᠦᠨ ᠤ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ | ᠪᠣᠳᠠᠰ ᠤᠨ ᠡᠮ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠤ ᠣᠷᠳᠣ ᠬᠤᠭᠤᠴᠠᠭ᠎ᠠ ᠪᠠᠷ | ᠲᠣᠭᠲᠠᠭᠤᠨ ᠢᠶᠠᠷ ᠬᠠᠮᠲᠤᠷᠠᠯᠴᠠᠭᠰᠠᠨ ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ 30 ᠰᠢᠬᠠᠮ ᠪᠠᠶᠢᠨ᠎ᠠ︔ᠪᠥᠬᠦ | ᠬᠤᠲᠠ ᠳᠤ ᠣᠷᠣᠨ ᠨᠤᠲᠤᠭ ᠤᠨ ᠳᠡᠭᠡᠳᠦ ᠲᠠᠰ ᠤᠨ ᠴᠢᠳᠠᠪᠤᠷᠢᠲᠠᠨ ︵ᠲᠠᠯ᠎ᠠ ᠨᠤᠲᠤᠭ ᠤᠨ ᠭᠠᠷᠮᠠᠭᠠᠢ | ᠴᠢᠳᠠᠪᠤᠷᠢᠲᠠᠨ︶ ᠳᠤ ᠨᠡᠶᠢᠲᠡ 139 ᠬᠥᠮᠥᠨ ᠰᠣᠩᠭᠤᠭᠳᠠᠵᠤ᠂ 60 ᠪᠦᠯᠬᠦᠮ ᠨᠡᠶᠢᠲᠡ ᠳᠤ ᠰᠣᠩᠭᠤᠭᠳᠠᠪᠠ︔ | ᠭᠤᠣᠯᠳᠠᠯᠭ᠎ᠠ ᠲᠠᠢ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠲᠥᠷᠥᠯ ᠵᠦᠢᠯ ᠳᠤ ᠨᠡᠶᠢᠲᠡ 500 ᠭᠠᠷᠤᠢ | ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠪᠠ︔ | ᠪᠥᠬᠦ ᠬᠤᠲᠠ ᠳᠤ ᠵᠢᠯ ᠪᠦᠷᠢ ᠳᠤᠮᠳᠠᠴᠢ ᠪᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ 300 ᠭᠠᠷᠤᠢ ᠬᠥᠮᠥᠨ᠂ ᠲᠤᠰᠬᠠᠢ ᠮᠡᠷᠭᠡᠵᠢᠯᠲᠡᠨ 100 ᠭᠠᠷᠤᠢ ᠬᠥᠮᠥᠨ ᠢ ᠰᠣᠩᠭᠤᠨ | ᠲᠣᠮᠢᠯᠠᠨ᠎ᠠ᠃ | ᠬᠥᠲᠥᠯᠥᠭᠴᠢ᠄ | 2023 ᠣᠨ ᠤ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠨᠢ ᠶᠠᠮᠠᠷ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ᠄ | 2023 ᠣᠨ ᠳᠤ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠳᠤ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠮᠥᠨ ᠴᠢᠨᠠᠷ ᠪᠣᠯ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ | ᠶᠠᠪᠤᠳᠠᠯ ᠪᠣᠯᠬᠤ ᠶᠢ ᠪᠠᠷᠢᠮᠲᠠᠯᠠᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠬᠦᠴᠦᠷᠬᠡᠭ ᠣᠷᠣᠨ ᠤ ᠲᠥᠪ︾ ᠪᠣᠯᠬᠤ ᠠᠵᠠ ᠲᠣᠬᠢᠶᠠᠯ ᠢ | ᠵᠠᠪᠳᠤᠨ ᠠᠳᠬᠤᠵᠤ᠂ ᠲᠢᠩᠬᠢᠮ ᠬᠤᠲᠠ ᠬᠤᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ ᠶᠢ | ᠴᠢᠩᠭᠠᠳᠬᠠᠨ᠂ ᠲᠠᠪᠴᠠᠩ᠂ ᠲᠥᠷᠥᠯ ᠵᠦᠢᠯ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ | ᠲᠠᠰ ᠤᠨ ᠳᠡᠭᠡᠭᠰᠢᠯᠡᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠥᠯᠥᠭᠡᠯᠡᠬᠦ | ᠬᠦᠴᠦᠨ ᠪᠦᠬᠦᠢ ᠣᠷᠣᠨ ᠪᠦᠰᠡ ᠶᠢᠨ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠣᠶ | ᠪᠣᠯᠭᠠᠪᠠ᠃︽ᠲᠠᠪᠤᠨ ᠶᠡᠭᠡ ᠡᠭᠦᠷᠭᠡ︾᠂ ︽ᠵᠢᠷᠭᠤᠭᠠᠨ ᠶᠡᠭᠡ ᠠᠵᠤ ᠦᠢᠯᠡᠰ︾ ᠤᠨ ᠴᠢᠬᠤᠯᠠ ᠶᠡᠭᠡ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ | ᠴᠢᠳᠠᠪᠤᠷᠢᠲᠠᠨ ᠢ ᠴᠤᠭᠯᠠᠷᠠᠭᠤᠯᠬᠤ᠂ ᠠᠵᠤ ᠦᠢᠯᠡᠰ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠨ | ᠴᠢᠳᠠᠪᠤᠷᠢᠲᠠᠨ ᠢ ᠬᠥᠮᠥᠵᠢᠭᠦᠯᠬᠦ ᠶᠢ ᠵᠣᠬᠢᠶᠠᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠢ ᠪᠣᠶᠢᠵᠢᠭᠤᠯᠤᠨ ᠴᠢᠳᠠᠪᠤᠷᠢᠲᠠᠨ ᠢ ᠰᠠᠶᠢᠲᠤᠷ ᠬᠡᠷᠡᠭᠯᠡᠬᠦ᠂ ᠰᠢᠨ᠎ᠡ ᠶᠢ ᠡᠭᠦᠳᠬᠦ ᠠᠳᠠᠯ ᠦᠢᠯᠡᠰ | ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠴᠢᠳᠠᠪᠤᠷᠢᠲᠠᠨ ᠢ ᠦᠯᠡᠳᠡᠭᠡᠬᠦ︾ ᠳᠥᠷᠪᠡᠨ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠴᠢᠳᠠᠪᠤᠷᠢᠲᠠᠨ ᠢ ᠴᠤᠭᠯᠠᠷᠠᠭᠤᠯᠬᠤ ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠠᠷᠭ᠎ᠠ ᠵᠠᠮ | ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠴᠢᠳᠠᠪᠤᠷᠢᠲᠠᠨ ᠢ ᠡᠯᠰᠡᠨ ᠤᠶᠤᠨ ᠴᠢᠳᠠᠪᠤᠷᠢ ᠶᠢ ᠲᠠᠲᠠᠵᠤ᠂ ᠲᠡᠷᠢᠭᠦᠨ ᠤ ᠰᠢᠨ᠎ᠡ ᠶᠢ ᠡᠭᠦᠳᠬᠦ ᠠᠳᠠᠯ ᠦᠢᠯᠡᠰ | ᠴᠣᠭᠴᠠᠯᠠᠬᠤ ᠠᠮᠢ ᠠᠬᠤᠢ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠤᠯᠤᠰ ᠤᠨ | ᠪᠠᠶᠢᠯᠳᠤᠬᠤ ᠪᠣᠳᠣᠯᠭ᠎ᠠ ᠪᠠ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠳᠤ | ᠴᠢᠳᠠᠪᠤᠷᠢᠲᠠᠨ ᠤ ᠲᠦᠰᠢᠭ ᠲᠤᠯᠭᠠᠭᠤᠷᠢ ᠬᠠᠩᠭᠠᠨ᠎ᠠ᠃ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ | ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠣᠷᠣᠨ ᠤ | ᠲᠥᠪ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠢ | ᠴᠤᠭᠯᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠠᠵᠤ ᠦᠢᠯᠡᠰ ᠢ ᠬᠦᠴᠦᠷᠬᠡᠭᠵᠢᠭᠦᠯᠬᠦ ᠪᠠᠷ ᠭᠠᠷᠳᠠᠴᠠ ᠪᠣᠯᠭᠠᠵᠤ᠂ | ᠲᠡᠷᠢᠭᠦᠨ ᠤ ᠲᠠᠪᠴᠠᠩ ᠢ ᠪᠠᠶᠢᠭᠤᠯᠬᠤ ᠳᠤ ︽ᠴᠢᠳᠠᠪᠤᠷᠢᠲᠠᠨ ᠢ ᠴᠤᠭᠯᠠᠷᠠᠭᠤᠯᠬᠤ︾ ᠲᠠᠯ᠎ᠠ ᠪᠠᠷ᠂ ᠴᠢᠬᠤᠯᠠ ᠶᠡᠭᠡ | ᠡᠭᠦᠷᠭᠡ ᠶᠢᠨ ︽ᠴᠢᠳᠠᠪᠤᠷᠢᠲᠠᠨ ᠬᠥᠮᠥᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ︾ ᠪᠠᠷ | ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ ︽ᠴᠢᠳᠠᠪᠤᠷᠢᠲᠠᠨ ᠢ ᠰᠠᠶᠢᠲᠤᠷ ᠬᠡᠷᠡᠭᠯᠡᠬᠦ︾ ᠴᠢᠳᠠᠪᠤᠷᠢᠲᠠᠨ ᠤ | ᠠᠮᠢ ᠠᠬᠤᠢ ᠶᠢ ᠰᠢᠯᠢᠳᠡᠭᠵᠢᠭᠦᠯᠬᠦ︽ᠴᠢᠳᠠᠪᠤᠷᠢᠲᠠᠨ ᠢ ᠦᠯᠡᠳᠡᠭᠡᠬᠦ︾ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠨ᠎ᠡ ᠶᠢ | ᠡᠭᠦᠳᠬᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ | ᠴᠢᠳᠠᠪᠤᠷᠢᠲᠠᠨ ᠤ ᠳᠠᠪᠠᠭᠤᠯᠢᠭ ᠢ ᠰᠢᠨ᠎ᠡ ᠶᠢ ᠡᠭᠦᠳᠬᠦ ᠳᠠᠪᠠᠭᠤᠯᠢᠭ᠂ ᠥᠷᠢᠰᠦᠯᠳᠦᠭᠡᠨ ᠤ ᠳᠠᠪᠠᠭᠤᠯᠢᠭ ᠪᠣᠯᠣᠨ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ ᠤ ᠲᠥᠪ ᠢ ᠪᠦᠬᠦ ᠤᠯᠤᠰ ᠤᠨ ᠨᠥᠯᠥᠭᠡᠯᠡᠬᠦ | ᠬᠦᠴᠦᠨ ᠲᠠᠢ ᠴᠢᠳᠠᠪᠤᠷᠢᠲᠠᠨ ᠤ ᠲᠥᠪ ᠪᠣᠯᠣᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠠᠶᠢᠭᠤᠯᠬᠤ ᠶᠢ | ᠲᠦᠷᠭᠡᠳᠬᠡᠵᠦ᠂︽ᠬᠤᠶᠠᠷ ᠶᠡᠭᠡ ᠶᠠᠪᠤᠳᠠᠯ︾ᠪᠣᠯᠣᠨ ᠬᠦᠴᠦᠷᠬᠡᠭ ᠣᠷᠣᠨ ᠤ ᠲᠥᠪ ᠢ ᠪᠡᠶᠡᠯᠡᠭᠦᠯᠬᠦ ᠳᠤ ᠪᠠᠲᠤ ᠴᠢᠩᠭ᠎ᠠ | ᠴᠢᠳᠠᠪᠤᠷᠢᠲᠠᠨ ᠤ ᠪᠠᠲᠤᠯᠠᠭ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ ᠯᠢᠦ ᠪᠥᠸᠧ᠂ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠵᠠᠩ ᠹᠠᠩ ᠰᠠᠯᠠᠭᠠᠨ ᠳᠠᠷᠤᠭ᠎ᠠ ᠳᠤ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ | ᠪᠠᠶᠢᠨ᠎ᠠ᠃ | | | | |