2023 ᠣᠨ ᠳᠤ᠂ ᠪᠠᠢ ᠮᠢᠶᠣᠣ ᠽᠢ ᠪᠠᠯᠭᠠᠰᠤ ᠨᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠠᠯᠠᠮᠵᠢᠯᠠᠯ ᠵᠢᠯᠣᠭᠤᠳᠤᠯᠭ᠎ᠠ ᠳᠣᠣᠷ᠎ᠠ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠂ ᠡᠳᠦᠭᠡ ᠪᠠᠢ ᠮᠢᠶᠣᠣ ᠽᠢ ᠪᠠᠯᠭᠠᠰᠤ ᠶᠢᠨ 2023 ᠣᠨ ᠤ ᠳᠡᠭᠡᠷ᠎ᠡ | ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ ᠶᠢ ᠳᠣᠣᠷᠠᠬᠢ | ᠮᠡᠲᠦ ᠬᠠᠷᠢᠭᠤ ᠮᠡᠳᠡᠭᠦᠯᠦᠶ᠎ᠡ᠄ | | | ᠨᠢᠭᠡ᠂ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ | | | ︵ᠨᠢᠭᠡ︶ ᠨᠠᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ᠰᠤᠷᠲᠠᠯ ᠢ | ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠲᠠᠰᠤᠷᠠᠯᠲᠠ | ᠦᠭᠡᠢ ᠪᠠᠲᠤᠳᠬᠠᠪᠠ᠃ | 1᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ᠎ᠠ᠃ᠤᠳᠤ ᠪᠣᠯᠲᠠᠯ᠎ᠠ ᠪᠠᠯᠭᠠᠰᠤᠨ ᠤ ᠨᠠᠮ ᠤᠨ | ᠬᠤᠷᠢᠶ᠎ᠠ ᠶᠢᠨ ᠬᠤᠷᠠᠯ ᠢ 22 ᠤᠳᠠᠭ᠎ᠠ ᠬᠤᠷᠠᠯᠳᠤᠭᠤᠯᠵᠤ᠂ ᠨᠠᠮ ᠤᠨ ᠠᠵᠢᠯ ᠢ 40 ᠵᠤᠷᠪᠤᠰ ᠢᠯᠡ ᠪᠣᠯᠭᠠᠵᠤ᠂ | ᠨᠠᠮ ᠤᠨ ᠰᠦᠢᠳᠬᠡᠯ ᠢ 60690 ᠲᠥᠭᠦᠷᠢᠭ ᠬᠤᠷᠢᠶᠠᠵᠤ᠂ 2022 ᠣᠨ ᠤ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ | ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠶᠡᠭᠡ ᠬᠤᠷᠠᠯ ᠢ ᠬᠤᠷᠠᠯᠳᠤᠭᠤᠯᠵᠠᠢ᠃ᠴᠠᠭᠠᠨ ᠰᠠᠷ᠎ᠠ ᠶᠢᠨ | ᠬᠤᠭᠤᠴᠠᠭᠠᠨ ᠳᠤ 106 ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠵᠤ᠂ 6 ᠬᠤᠰᠢᠭᠤᠨ ᠤ | ᠲᠡᠰ ᠤᠨ ᠲᠣᠬᠤᠨᠢᠭᠤᠯᠬᠤ ᠨᠡᠷᠡᠰ ᠢ ᠡᠮᠬᠢᠳᠬᠡᠨ ᠳᠡᠭᠡᠭᠰᠢ ᠮᠡᠳᠡᠭᠦᠯᠵᠦ᠂ 48 ᠶᠠᠳᠠᠭᠤ ᠬᠦᠴᠢᠷᠳᠡᠯᠲᠡᠢ ᠨᠠᠮ ᠤᠨ | ᠭᠡᠰᠢᠭᠦᠨ ᠢ ᠪᠦᠷᠢᠳᠬᠡᠵᠦ᠂ ︽ᠢᠷᠠᠭᠤ ᠠᠯᠳᠠᠷᠲᠠᠢ ᠪᠠᠷ ᠨᠠᠮ ᠳᠤ ᠣᠷᠣᠭᠰᠠᠨ 50 ᠵᠢᠯ ᠤᠨ ᠤᠢ︾ ᠶᠢᠨ 10 | ᠨᠠᠮ ᠤᠨ ᠭᠡᠰᠢᠭᠦᠨ ᠢ ᠪᠦᠷᠢᠳᠬᠡᠵᠡᠢ᠃9 ᠬᠥᠮᠥᠨ ᠢ ᠡᠯᠰᠡᠵᠦ᠂ ᠪᠦᠬᠦᠨ ᠢᠶᠠᠷ ᠢᠶᠠᠨ ᠤᠯᠤᠰ ᠲᠥᠷᠥ ᠶᠢᠨ | ᠬᠢᠨᠠᠯᠲᠠ ᠶᠢᠨ ᠱᠠᠲᠤᠨ ᠳᠤ ᠣᠷᠣᠵᠤ᠂ 30 ᠪᠡᠯᠡᠳᠬᠡᠯ ᠨᠠᠮ ᠤᠨ ᠭᠡᠰᠢᠭᠦᠨ ᠢ ᠵᠢᠩᠬᠢᠨᠢᠴᠢᠯᠡᠵᠦ᠂ ᠪᠥᠬᠦ ᠣᠷᠣᠨ ᠤ | ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ 13 ᠬᠥᠮᠥᠨ ᠰᠢᠯᠵᠢᠭᠦᠯᠦᠨ᠂ 8 | ᠬᠥᠮᠥᠨ ᠢ ᠰᠢᠯᠵᠢᠭᠦᠯᠦᠨ ᠭᠠᠷᠭᠠᠪᠠ᠃ | 2. ᠣᠨᠣᠯ ᠢᠶᠠᠷ ᠵᠡᠪᠰᠡᠭᠯᠡᠬᠦ ᠶᠢ ᠴᠢᠩᠭᠠᠷᠠᠭᠤᠯᠤᠨ᠎ᠠ᠃ᠣᠳᠣᠬᠠᠨ ᠪᠣᠯᠲᠠᠯ᠎ᠠ᠂︽ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ︾ ᠪᠠᠷ ᠭᠤᠣᠯ ᠰᠡᠳᠦᠪ ᠪᠣᠯᠭᠠᠭᠰᠠᠨ ᠪᠣᠯᠪᠠᠰᠤᠷᠠᠯ ᠢ 5 ᠬᠤᠭᠤᠴᠠᠭ᠎ᠠ | ᠥᠷᠨᠢᠭᠦᠯᠵᠦ᠂ 491 ᠬᠥᠮᠥᠨ ᠤᠳᠠᠭ᠎ᠠ ᠶᠢᠨ ᠪᠣᠯᠪᠠᠰᠤᠷᠠᠯ ᠳᠤ ᠣᠷᠣᠯᠴᠠᠵᠤ᠂ ︽ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠪᠠᠷ ᠭᠤᠣᠯ ᠰᠡᠳᠦᠪ | ᠪᠣᠯᠭᠠᠭᠰᠠᠨ ᠪᠣᠯᠪᠠᠰᠤᠷᠠᠯ ᠢ ᠨᠡᠶᠢᠳᠡ 2 ᠬᠤᠭᠤᠴᠠᠭ᠎ᠠ ᠥᠷᠨᠢᠭᠦᠯᠵᠦ᠂ 61 ᠬᠥᠮᠥᠨ ᠤᠳᠠᠭ᠎ᠠ ᠶᠢᠨ ᠪᠣᠯᠪᠠᠰᠤᠷᠠᠯ ᠳᠤ | ᠣᠷᠣᠯᠴᠠᠪᠠ᠃ | 3% ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ᠮᠠᠨ ᠤ ᠪᠠᠯᠭᠠᠰᠤ | 49 ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠵᠤ ᠥᠪᠡᠷ ᠤᠨ | ᠪᠠᠶᠢᠴᠠᠭᠠᠯᠲᠠ ᠶᠢ ᠨᠢᠭᠡ ᠤᠳᠠᠭ᠎ᠠ ᠥᠷᠨᠢᠭᠦᠯᠵᠦ᠂ ᠡᠯ᠎ᠡ ᠲᠣᠰᠬᠤᠨ ᠤ ᠵᠥᠭᠡᠯᠡᠨ ᠲᠣᠨᠤᠭ᠂ ᠬᠠᠲᠠᠭᠤ ᠲᠣᠨᠤᠭ | ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠬᠤ ᠪᠠᠷ ᠳᠡᠮᠵᠢᠨ᠂ 25 ᠡᠪᠳᠡᠭᠳᠡᠭᠰᠡᠨ ᠵᠢᠭᠰᠠᠭᠠᠯ ᠤᠨ ᠭᠠᠵᠠᠷ ᠢ ᠳᠡᠭᠡᠭᠰᠢ | ᠮᠡᠳᠡᠭᠦᠯᠵᠦ᠂ 10 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠰᠡᠯᠪᠢᠨ ᠵᠠᠰᠠᠬᠤ ᠪᠠᠷ ᠭᠤᠶᠤᠴᠢᠯᠠᠪᠠ᠃ | ᠳᠤᠷᠤᠢ ᠪᠠᠭᠤᠷᠠᠢ ᠰᠤᠯᠠ ᠵᠠᠳᠠᠭᠠᠢ ᠲᠣᠰᠬᠤᠨ ᠤ 2 ᠨᠠᠮ ᠤᠨ ᠵᠣᠬᠢᠶᠠᠨ ᠪᠠᠶᠢᠭᠤᠯᠤᠯᠲᠠ ᠶᠢ ᠳᠡᠭᠡᠭᠰᠢ ᠮᠡᠳᠡᠭᠦᠯᠵᠦ᠂ | ᠣᠳᠣᠬᠠᠨ ᠳᠤ ᠨᠢᠭᠡ ᠶᠢ ᠴᠡᠭᠴᠡᠯᠡᠨ ᠥᠭᠡᠷᠡᠴᠢᠯᠡᠪᠡ᠃ | ︵ᠬᠤᠶᠠᠷ︶ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠢ ᠠᠳᠬᠤᠵᠤ᠂ ᠣᠷᠣᠯᠭ᠎ᠠ ᠶᠢᠨ ᠨᠡᠮᠡᠭᠳᠡᠯ ᠢ | ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠦᠷᠭᠦᠯᠵᠢᠯᠡᠨ | ᠴᠢᠩᠭᠠᠷᠠᠭᠤᠯᠪᠠ᠃ | 1.ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠨ᠎ᠠ᠃ᠬᠠᠪᠤᠷ ᠤᠨ | ᠲᠠᠷᠢᠶᠠᠯᠠᠭ᠎ᠠ ᠶᠢᠨ ᠡᠬᠢᠨ ᠤ ᠬᠤᠭᠤᠴᠠᠭᠠᠨ ᠳᠤ᠂ ᠮᠠᠨ ᠤ ᠪᠠᠯᠭᠠᠰᠤ ᠶᠢᠨ ᠬᠢᠨ ᠡᠰᠢ ᠰᠦᠷᠡᠯ ᠢ ᠲᠠᠷᠢᠶᠠᠨ ᠠᠴᠠ | ᠰᠠᠯᠭᠠᠬᠤ ᠠᠵᠢᠯ ᠢ ᠪᠠᠴᠢᠮ ᠶᠠᠭᠠᠷᠠᠯᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠮᠠᠰᠢᠨ | ᠪᠠᠭᠠᠵᠢ ᠶᠢ ᠵᠠᠭᠤ ᠭᠠᠷᠤᠢ ᠬᠥᠳᠡᠯᠭᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠪᠡᠶᠡᠯᠡᠭᠦᠯᠦᠭᠰᠡᠨ ᠨᠤᠷᠮ᠎ᠠ 97% | ᠲᠤ ᠬᠦᠷᠴᠦ᠂ ᠲᠤᠰ ᠬᠤᠭᠤᠴᠠᠭᠠᠨ ᠳᠤ ᠮᠠᠨ ᠤ ᠪᠠᠯᠭᠠᠰᠤ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ | ᠬᠢᠮᠢ ᠶᠢᠨ ᠪᠣᠷᠳᠣᠭᠤᠷ ᠤᠨ ᠵᠠᠬ᠎ᠠ ᠳᠡᠯᠭᠡᠭᠦᠷ ᠲᠤ ᠬᠢᠨᠠᠯᠲᠠ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠢ ᠳᠤᠨᠢ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠠᠢ᠃ᠪᠦᠷᠢᠳᠬᠡᠯ ᠢᠶᠠᠷ ᠳᠠᠷᠤᠰᠢ ᠶᠢᠨ ᠲᠠᠷᠢᠮᠠᠯ ᠨᠢ 14 ᠲᠣᠰᠬᠤᠨ ᠳᠤ | ᠨᠡᠶᠢᠳᠡ 21551 ᠮᠦ ᠪᠠᠶᠢᠵᠤ᠂ ᠡᠯ᠎ᠡ ᠲᠦᠷᠦᠯ ᠤᠨ ᠵᠠᠳᠠᠭᠠᠢ ᠭᠠᠵᠠᠷ ᠪᠠ ᠬᠦᠯᠡᠮᠵᠢ ᠶᠢᠨ ᠢᠳᠡᠰᠢᠨ ᠨᠣᠭᠤᠭ᠎ᠠ ᠶᠢᠨ | ᠲᠠᠷᠢᠮᠠᠯ ᠨᠢ ᠪᠠᠷᠤᠭ 2300 ᠮᠦ ᠪᠠᠶᠢᠵᠤ᠂ ᠤᠨᠠᠯᠲᠠ ᠨᠢ 348 ᠲᠦᠮᠡᠨ ᠺᠢᠯᠣᠭ᠍ᠷᠠᠮ ᠳᠤ ᠬᠦᠷᠴᠦ᠂ ᠬᠢᠨᠠᠨ | ᠲᠣᠭᠲᠠᠭᠠᠭᠰᠠᠨ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠨᠢ ᠪᠠᠷᠤᠭ 25 ᠲᠦᠮᠡᠨ ᠮᠦ ᠪᠤᠢ᠃ᠪᠠᠯᠭᠠᠰᠤᠨ ᠤ | ᠲᠠᠷᠢᠶᠠᠯᠠᠩ ᠤᠨ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠤᠨ ᠲᠦᠮᠡᠳ ᠵᠡᠭᠦᠨ ᠬᠤᠰᠢᠭᠤᠨ ᠤ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ | ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠭᠤᠯᠵᠤ᠂ ᠲᠡᠷᠢᠭᠦᠨ ᠤ ᠳᠠᠷᠢᠵᠤ ᠲᠡᠵᠢᠭᠡᠨ | ᠦᠷᠡᠵᠢᠭᠦᠯᠬᠦ ᠮᠡᠷᠭᠡᠵᠢᠯ ᠢ ᠰᠤᠷᠤᠯᠴᠠᠭᠤᠯᠤᠨ᠂ ᠮᠠᠨ ᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠤᠯᠠᠮ | ᠨᠢᠭᠡ ᠠᠯᠬᠤᠮ ᠬᠦᠴᠦᠨ ᠨᠡᠮᠡᠷᠢᠯᠡᠨ᠎ᠡ︔ᠪᠠᠯᠭᠠᠰᠤᠨ ᠤ ᠬᠢᠨᠠᠨ ᠬᠠᠮᠢᠶᠠᠷᠬᠤ᠂ ᠲᠣᠰᠬᠤᠨ ᠤ ᠬᠠᠮᠵᠢᠯᠴᠠᠨ ᠬᠠᠮᠢᠶᠠᠷᠬᠤ | ᠬᠤᠶᠠᠷ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ | ᠬᠡᠪᠴᠢᠶᠡᠨ ᠳᠠᠬᠢ ᠤᠯᠠᠨ ᠲᠦᠷᠦᠯ ᠤᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠬᠤᠷᠰᠢᠶ᠎ᠠ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠲᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠫᠷᠤᠭ᠍ᠷᠡᠮ ᠤᠨ ᠰᠡᠭᠦᠯᠴᠢ ᠶᠢᠨ | ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠡᠯ᠎ᠡ ᠭᠤᠭᠴᠤᠭ᠎ᠠ ᠶᠢ ᠨᠠᠶᠢᠳᠠᠪᠤᠷᠢᠵᠢᠭᠤᠯᠤᠨ᠎ᠠ᠂ ᠡᠭᠦᠨ ᠳᠤ ᠬᠠᠮᠢᠶᠠᠷᠴᠤ | ᠬᠠᠮᠠᠭᠠᠯᠠᠬᠤ ᠭᠤᠣᠯ ᠴᠣᠭᠴᠠ ᠪᠠ ᠢᠨᠵᠧᠨᠧᠷᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠬᠤ᠂ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠬᠦ ᠵᠡᠷᠭᠡ ᠪᠠᠭᠲᠠᠨ᠎ᠠ᠃ | 2. ᠮᠠᠯ ᠠᠵᠤ ᠠᠬᠤᠢ ᠶᠢ ᠪᠣᠬᠢᠷᠲᠤᠯ ᠦᠭᠡᠢ ᠬᠥᠭᠵᠢᠭᠦᠯᠦᠨ᠎ᠡ᠃ᠮᠠᠨ ᠤ ᠪᠠᠯᠭᠠᠰᠤ ᠬᠠᠷᠠᠯᠲᠠ ᠶᠢᠨ ᠡᠭᠦᠷᠭᠡ ᠶᠢ | ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠨ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠬᠠᠮᠢᠶ᠎ᠠ | ᠪᠦᠬᠦᠢ ᠠᠵᠢᠯ ᠢ ᠰᠠᠶᠢᠲᠤᠷ ᠠᠳᠬᠤᠪᠠ᠃3 ᠰᠠᠷ᠎ᠠ ᠠᠴᠠ ᠡᠬᠢᠯᠡᠨ ᠮᠠᠨ ᠤ ᠪᠠᠯᠭᠠᠰᠤᠨ ᠤ 36 ᠬᠢᠵᠢᠭ ᠢ | ᠰᠡᠷᠭᠡᠶᠢᠯᠡᠭᠴᠢ ᠪᠦᠬᠦ ᠪᠠᠯᠭᠠᠰᠤᠨ ᠤ ᠭᠠᠭ᠋ᠠᠢ᠂ ᠦᠬᠡᠷ᠂ ᠬᠤᠨᠢ᠂ ᠲᠠᠬᠢᠶ᠎ᠠ ᠶᠢ ᠨᠢᠭᠡ ᠰᠠᠷ᠎ᠠ ᠶᠢᠨ ᠬᠤᠭᠤᠴᠠᠭ᠎ᠠ ᠲᠠᠢ | ᠪᠠᠷ ᠬᠡᠯᠲᠦᠷᠢᠭᠦᠯᠬᠦ ᠠᠵᠢᠯ ᠢ ᠥᠷᠨᠢᠭᠦᠯᠵᠦ᠂ 6 ᠰᠠᠷ᠎ᠠ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠲᠠᠢ ᠬᠠᠮᠵᠢᠯᠴᠠᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠭᠰᠡᠨ | ᠪᠠᠶᠢᠳᠠᠯ ᠢ ᠪᠠᠶᠢᠴᠠᠭᠠᠬᠤ ᠠᠵᠢᠯ ᠢ ᠥᠷᠨᠢᠭᠦᠯᠵᠦ᠂ ᠡᠳᠦᠷ ᠪᠦᠷᠢ ᠠᠹᠷᠢᠺᠠ ᠲᠢᠪ ᠤᠨ ᠭᠠᠭ᠋ᠠᠢ ᠶᠢᠨ ᠬᠢᠵᠢᠭ ᠢ | ᠵᠢᠭᠰᠠᠭᠠᠨ ᠪᠠᠶᠢᠴᠠᠭᠠᠵᠤ ᠳᠡᠭᠡᠭᠰᠢ ᠮᠡᠳᠡᠭᠦᠯᠵᠦ᠂ ᠳᠡᠭᠡᠳᠦ ᠱᠠᠲᠤᠨ ᠤ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠦᠨ᠎ᠡ᠃ | 3% ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ᠡᠨᠡ ᠵᠢᠯ ᠠᠴᠠ ᠨᠠᠰᠢ᠂ | ᠮᠠᠨ ᠤ ᠪᠠᠯᠭᠠᠰᠤ ᠪᠡᠯᠡ ᠣᠷᠣᠭᠤᠯᠤᠯᠲᠠ ᠶᠢ ᠠᠳᠬᠤᠬᠤ᠂ ᠫᠷᠤᠭ᠍ᠷᠡᠮ ᠢ ᠠᠳᠬᠤᠬᠤ᠂ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠨᠤᠲᠤᠭ ᠤᠨ ᠡᠷᠳᠡᠮᠲᠡᠨ ᠴᠢᠳᠠᠪᠤᠷᠢᠲᠠᠨ ᠢ ᠪᠦᠷᠢᠳᠬᠡᠬᠦ ᠡᠷᠴᠢᠮ ᠢᠶᠠᠨ ᠴᠢᠩᠭᠠᠷᠠᠭᠤᠯᠬᠤ ᠶᠢᠨ | ᠬᠠᠮᠲᠤ ᠳ᠋ᠦᠩ ᠬᠤᠸᠠ ᠶᠢᠩ ᠲᠣᠰᠬᠤᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠢᠵᠦ᠂ ᠣᠳᠣᠬᠠᠨ ᠳᠤ | ᠭᠡᠷ᠎ᠡ ᠲᠣᠭᠲᠠᠭᠰᠠᠨ ᠠᠵᠤ ᠠᠬᠤᠶᠢᠯᠠᠯ ᠳᠤ ᠥᠪᠥᠷ ᠮᠣᠩᠭᠤᠯ ᠤᠨ ᠸᠠᠨ ᠴᠧᠩ ᠠᠳᠠᠯ ᠠᠬᠤᠢ ᠶᠢᠨ ᠦᠢᠯᠡᠴᠢᠯᠡᠭᠡᠨ ᠤ | ᠬᠢᠵᠠᠭᠠᠷᠲᠤ ᠺᠣᠮᠫᠠᠨᠢ᠂ ᠲᠦᠮᠡᠳ ᠵᠡᠭᠦᠨ ᠬᠤᠰᠢᠭᠤᠨ ᠤ ᠬᠤᠳᠠ ᠶᠢᠨ ᠲᠠᠷᠬᠠᠭᠠᠭᠰᠠᠨ ᠡᠳ᠋ ᠪᠣᠳᠠᠰ ᠢ ᠳᠠᠬᠢᠨ | ᠠᠰᠢᠭᠯᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠣᠷᠣᠨ ᠤ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠪᠤᠢ᠃ᠵᠠᠶᠠᠭᠠᠲᠤ ᠲᠣᠰᠬᠤᠨ ᠤ︽ᠵᠠᠯᠠᠭᠤᠴᠤᠳ ᠢ | ᠳᠣᠲᠣᠨᠣᠴᠢᠯᠠᠬᠤ ᠵᠤᠭ᠎ᠠ ᠴᠡᠩᠭᠡᠯ ᠤᠨ ᠬᠦᠷᠢᠶᠡᠯᠡᠩ︾ ᠤᠨ ᠫᠷᠤᠭ᠍ᠷᠡᠮ ᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠤᠨ ᠵᠧᠩ ᠳ᠋ᠡ ᠪᠦᠯᠦᠭᠯᠡᠯ ᠢ ᠣᠷᠣᠭᠤᠯᠤᠨ ᠠᠪᠴᠢᠷᠠᠬᠤ ᠪᠠᠷ ᠳᠠᠮᠵᠢᠨ ᠫᠷᠤᠭ᠍ᠷᠡᠮ ᠤᠨ ᠪᠦᠬᠦᠯᠢ | ᠴᠣᠭᠴᠠ ᠶᠢᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠬᠢᠵᠡᠢ᠃ ᠳ᠋ᠠ ᠾᠧᠢ ᠾᠧ ᠭᠤᠣᠯ ᠤᠨ | ᠲᠡᠭᠦᠷᠭᠡ ᠶᠢᠨ ᠴᠡᠴᠡᠷᠯᠢᠭ ᠤᠨ ᠭᠠᠵᠠᠷ ᠤᠨ ᠭᠠᠳᠠᠷᠭᠤ ᠶᠢᠨ ᠴᠡᠴᠡᠭ ᠤᠨ ᠳᠠᠯᠠᠢ ᠶᠢᠨ ᠫᠷᠤᠭ᠍ᠷᠡᠮ ᠨᠢ ᠨᠢᠭᠡᠨᠲᠡ ᠡᠮᠦᠨ᠎ᠡ | ᠪᠡᠯ ᠳᠤ ᠰᠢᠷᠣᠢ ᠬᠥᠷᠪᠡᠭᠦᠯᠬᠦ᠂ ᠳᠠᠷᠢᠬᠤ ᠪᠠ ᠬᠢᠯᠭᠠᠰᠤᠨ ᠬᠤᠭᠤᠯᠠᠢ ᠶᠢ ᠳᠡᠪᠢᠰᠬᠦ ᠶᠢᠨ ᠬᠠᠮᠲᠤ ᠠᠩᠬ᠎ᠠ ᠤᠳᠠᠭ᠎ᠠ | ᠤᠰᠤᠯᠠᠬᠤ ᠠᠵᠢᠯ ᠢᠶᠠᠨ ᠳᠠᠭᠤᠰᠬᠠᠵᠤ᠂ ᠨᠢᠭᠡᠨᠲᠡ 160 ᠺᠢᠯᠤᠸᠤᠯᠲ ᠠᠮᠫᠧᠷ ᠤᠨ ᠬᠦᠴᠦᠳᠡᠯ ᠥᠭᠡᠷᠡᠴᠢᠯᠡᠭᠴᠢ ᠶᠢ | ᠤᠰᠤᠯᠠᠬᠤ ᠳᠤ ᠬᠡᠷᠡᠭᠯᠡᠬᠦ ᠪᠠᠷ ᠭᠤᠶᠤᠴᠢᠯᠠᠵᠠᠢ;ᠣᠷᠳᠣ ᠬᠤᠭᠤᠴᠠᠭ᠎ᠠ ᠪᠠᠷ ᠢᠯᠴᠢ ᠬᠠᠩᠭᠠᠬᠤ ᠫᠷᠤᠭ᠍ᠷᠡᠮ᠂ ᠣᠷᠳᠣ | ᠬᠤᠭᠤᠴᠠᠭ᠎ᠠ ᠪᠠᠷ ᠳᠠᠮᠵᠢᠭᠤᠯᠤᠨ ᠳᠠᠬᠢᠯᠲᠠ ᠤᠰᠤᠨ ᠤ ᠫᠷᠤᠭ᠍ᠷᠡᠮ᠂ ᠰᠢᠨ᠎ᠡ ᠨᠢᠰᠬᠡᠯ ᠤᠨ ᠪᠠᠭᠤᠳᠠᠯ ᠤᠨ | ᠲᠠᠯᠠᠪᠤᠷ ᠤᠨ ᠭᠠᠳᠠᠨᠠᠬᠢ ᠲᠣᠰᠣ ᠳᠠᠮᠵᠢᠭᠤᠯᠬᠤ ᠬᠤᠭᠤᠯᠠᠢ ᠶᠢᠨ ᠫᠷᠤᠭ᠍ᠷᠡᠮ ᠤᠨ ᠭᠠᠵᠠᠷ ᠲᠠᠲᠠᠪᠤᠷᠢᠯᠠᠬᠤ ᠪᠠ ᠲᠦᠷ | ᠴᠠᠭ ᠬᠡᠷᠡᠭᠯᠡᠬᠦ ᠭᠠᠵᠠᠷ ᠤᠨ ᠵᠣᠭᠤᠰ ᠣᠯᠭᠤᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠫᠷᠤᠭ᠍ᠷᠡᠮ ᠤᠨ ᠰᠢᠯᠢᠳᠡᠭ ᠢ ᠨᠢ 3 ᠰᠣᠩᠭᠤᠨ ᠲᠣᠭᠲᠠᠭᠠᠵᠤ᠂ ᠲᠤᠰ ᠲᠣᠰᠬᠤᠨ ᠤ | ᠤᠰᠤ ᠤᠮᠳᠠ ᠶᠢᠨ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠫᠷᠤᠭ᠍ᠷᠡᠮ᠂ ᠰᠢᠨ᠎ᠡ ᠶᠢᠩᠽᠢ ᠲᠣᠰᠬᠤᠨ ᠤ | ᠤᠰᠤ ᠤᠮᠳᠠ ᠶᠢᠨ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠫᠷᠤᠭ᠍ᠷᠡᠮ᠂ ᠵᠠᠩ ᠭᠠᠢ ᠶᠢᠩ ᠤᠨ ᠤᠰᠤ | ᠤᠮᠳᠠ ᠶᠢᠨ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠫᠷᠤᠭ᠍ᠷᠡᠮ ᠳᠤ ᠲᠣᠰᠪᠣᠷᠢ ᠳᠡᠭᠡᠳᠦ ᠱᠠᠲᠤᠨ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠡᠯᠡ ᠮᠥᠩᠭᠦ 1534.03 ᠲᠦᠮᠡᠨ | ᠲᠥᠭᠦᠷᠢᠭ ᠢ ᠵᠣᠯᠭᠠᠭᠤᠯᠬᠤ ᠪᠠᠷ ᠭᠤᠶᠤᠴᠢᠯᠠᠪᠠ᠃ | ︵ᠭᠤᠷᠪᠠ︶ ᠠᠮᠢ ᠠᠬᠤᠢ ᠶᠢ ᠬᠦᠴᠦᠯᠡᠨ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠪᠦᠲᠦᠮᠵᠢᠲᠡᠶ ᠠᠬᠢᠭᠤᠯᠤᠨ᠎ᠠ᠃ | 1. ᠣᠶ ᠰᠢᠭᠤᠢ ᠡᠪᠡᠰᠦ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢ ᠨᠠᠷᠢᠯᠢᠭ ᠣᠨᠣᠴᠠᠲᠠᠢ ᠪᠥᠭᠡᠳ | ᠠᠷᠭ᠎ᠠ ᠲᠠᠢ ᠪᠠᠶᠢᠯᠭᠠᠨ᠎ᠠ᠃2023 ᠣᠨ ᠤ ᠳᠡᠭᠡᠷ᠎ᠡ ᠬᠠᠭᠠᠰ ᠵᠢᠯ ᠳᠤ᠂ ᠬᠤᠰᠢᠭᠤᠨ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠲᠠᠢ ᠬᠠᠮᠵᠢᠯᠴᠠᠨ ᠣᠶ ᠰᠢᠭᠤᠢ᠂ ᠨᠤᠲᠤᠭ ᠪᠡᠯᠴᠢᠭᠡᠷ ᠤᠨ ᠵᠢᠷᠤᠭ ᠢ ᠴᠡᠭᠴᠡᠯᠡᠨ | ᠰᠠᠶᠢᠵᠢᠷᠠᠭᠤᠯᠵᠤ᠂ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ ᠭᠡᠷᠡᠴᠢ ᠠᠪᠬᠤ ᠶᠢᠨ ᠬᠠᠮᠲᠤ ᠭᠡᠷᠡᠴᠢ | ᠴᠤᠭᠯᠠᠭᠤᠯᠵᠤ ᠳ᠋ᠤᠭᠠᠷ ᠢ ᠨᠢ ᠬᠠᠰᠤᠨ᠎ᠠ ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠳᠦᠷᠢᠮ ᠵᠢᠴᠢ ᠭᠤᠣᠯ ᠤᠨ ᠵᠠᠮ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠶᠢ | ᠥᠷᠭᠡᠨ ᠢᠶᠠᠷ ᠤᠬᠠᠭᠤᠯᠬᠤ ᠶᠢᠨ ᠬᠠᠮᠲᠤ᠂ ᠡᠯ᠎ᠡ ᠲᠣᠰᠬᠤᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠳᠠᠷᠢᠬᠤ ᠶᠢ | ᠴᠠᠭᠠᠵᠠᠯᠠᠬᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ ᠃ ᠤᠢ ᠰᠢᠭᠤᠢ ᠶᠢᠨ ᠬᠠᠤᠯᠢ | ᠬᠡᠷᠡᠭᠵᠢᠭᠦᠯᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠬᠠᠤᠯᠢ ᠶᠢ ᠵᠥᠷᠢᠴᠡᠨ ᠳᠤᠷ᠎ᠠ ᠪᠠᠷ ᠢᠶᠠᠨ ᠣᠭᠲᠣᠯᠵᠤ | ᠳᠤᠷ᠎ᠠ ᠪᠠᠷ ᠢᠶᠠᠨ ᠣᠭᠲᠣᠯᠣᠭᠰᠠᠨ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠡᠯ᠎ᠡ ᠱᠠᠲᠤᠨ ᠤ ᠣᠶ | ᠰᠢᠭᠤᠢ ᠶᠢᠨ ᠳᠠᠷᠤᠭ᠎ᠠ ᠨᠠᠷ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠡᠳᠦᠷ | ᠪᠦᠷᠢ ᠣᠶ ᠰᠢᠭᠤᠢ ᠶᠢ ᠲᠣᠭᠤᠷᠢᠨ ᠪᠠᠶᠢᠴᠠᠭᠠᠵᠤ ᠺᠠᠷᠲ ᠠᠪᠬᠤ ᠠᠵᠢᠯ ᠢ ᠶᠠᠪᠤᠭᠳᠠᠭᠤᠯᠤᠨ᠎ᠠ᠃ 4 ᠰᠠᠷ᠎ᠠ ᠶᠢᠨ 19 | ᠤ ᠡᠳᠦᠷ ᠴᠧ ᠵᠢᠶᠠ ᠶᠢᠩ ᠲᠣᠰᠬᠤᠨ ᠳᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠦᠬᠦ ᠪᠠᠯᠭᠠᠰᠤᠨ ᠤ ᠺᠠᠳ᠋ᠷ᠂ ᠲᠣᠰᠬᠤᠨ ᠤ ᠵᠥᠪᠯᠡᠯ ᠵᠢᠴᠢ ᠰᠠᠶᠢᠨ ᠳᠤᠷ᠎ᠠ ᠶᠢᠨ | ᠦᠢᠯᠡᠴᠢᠯᠡᠭᠴᠢᠳ ᠣᠷᠣᠯᠴᠠᠵᠤ᠂ ᠨᠡᠶᠢᠳᠡ 14500 ᠭᠠᠷᠤᠢ ᠰᠠᠭᠤᠷᠢ ᠮᠣᠳᠣ ᠳᠠᠷᠢᠵᠠᠢ᠃ ᠤᠢ ᠰᠢᠭᠤᠢ ᠶᠢᠨ | ᠭᠠᠯ ᠢ ᠰᠡᠷᠭᠡᠶᠢᠯᠡᠬᠦ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ᠭᠠᠯ ᠢ ᠰᠡᠷᠭᠡᠶᠢᠯᠡᠬᠦ ᠮᠡᠳᠡᠯᠭᠡ ᠶᠢ ᠶᠡᠬᠡᠪᠡᠷ | ᠤᠬᠠᠭᠤᠯᠵᠤ᠂ ᠤᠯᠠᠨ ᠲᠦᠮᠡᠨ ᠤ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ 6 ᠨᠡᠷᠡᠰ ᠣᠶ | ᠰᠢᠭᠤᠢ ᠬᠠᠮᠠᠭᠠᠯᠠᠭᠴᠢ ᠶᠢ ᠤᠷᠢᠨ ᠬᠡᠷᠡᠭᠯᠡᠵᠦ ᠮᠠᠨ ᠤ ᠪᠠᠯᠭᠠᠰᠤᠨ ᠤ ᠣᠶ ᠰᠢᠭᠤᠢ ᠡᠪᠡᠰᠦ ᠪᠡᠯᠴᠢᠭᠡᠷ ᠢ ᠬᠠᠮᠢᠶᠠᠷᠤᠨ | ᠬᠠᠮᠠᠭᠠᠯᠠᠵᠤ᠂ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠦᠨᠡᠨᠬᠦ ᠳᠡᠭᠡᠭᠰᠢᠯᠡᠭᠦᠯᠦᠨ᠂ ᠰᠠᠭᠤᠷᠢ ᠬᠦᠴᠦᠨ ᠢᠶᠠᠨ ᠤᠯᠠᠮ | ᠨᠢᠭᠡ ᠠᠯᠬᠤᠮ ᠪᠠᠲᠤᠳᠬᠠᠨ᠎ᠠ᠃ | 2. ᠭᠤᠣᠯ ᠤᠨ ᠵᠠᠮ ᠤᠨ ᠣᠷᠴᠢᠨ ᠲᠣᠭᠤᠷᠢᠨ ᠢ ᠵᠠᠰᠠᠬᠤ ᠨᠢ ᠬᠦᠴᠦᠨ ᠲᠠᠢ᠃ᠮᠠᠨ ᠤ ᠪᠠᠯᠭᠠᠰᠤ ᠭᠤᠣᠯ | ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠯᠭᠠᠰᠤ᠂ ᠲᠣᠰᠬᠤᠨ ᠬᠤᠶᠠᠷ ᠱᠠᠲᠤᠨ ᠤ | ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠭᠤᠣᠯ ᠴᠠᠭᠳᠠᠬᠤ ᠶᠢ ᠪᠠᠶᠢᠩᠭᠤᠵᠢᠭᠤᠯᠵᠤ᠂ ᠭᠤᠣᠯ ᠴᠠᠭᠳᠠᠭᠴᠢ 20 ᠬᠥᠮᠥᠨ ᠢ ᠱᠠᠯᠠᠪᠳᠠᠭᠤᠯᠤᠨ ᠭᠤᠣᠯ ᠤᠨ | ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠡᠳᠦᠷ ᠪᠦᠷᠢ ᠴᠡᠪᠡᠷᠯᠡᠭᠦᠯᠵᠦ᠂ ᠭᠤᠣᠯ ᠮᠥᠷᠡᠨ ᠤ ᠵᠠᠮ ᠢ | ᠴᠡᠪᠡᠷ ᠴᠡᠮᠴᠡᠭᠡᠷ ᠪᠠᠶᠢᠯᠭᠠᠬᠤ᠂ ᠬᠤᠭ ᠨᠣᠪᠰᠢ ᠦᠭᠡᠢ ᠬᠠᠳᠠᠭᠠᠯᠠᠬᠤ ᠶᠢ ᠪᠠᠲᠤᠯᠠᠬᠤ ᠶᠢᠨ ᠬᠠᠮᠲᠤ ᠭᠤᠣᠯ ᠮᠥᠷᠡᠨ ᠤ | ᠬᠥᠪᠡᠭᠡᠨ ᠳᠤ ᠵᠢᠭᠠᠰᠤ ᠭᠥᠬᠢᠳᠡᠬᠦ᠂ ᠬᠡᠭᠡᠷ᠎ᠡ ᠬᠤᠭᠤᠯᠠᠯᠠᠬᠤ᠂ ᠤᠰᠤᠨ ᠳᠤ ᠤᠮᠪᠠᠭ᠋ᠤ᠂ ᠬᠡᠭᠡᠷ᠎ᠡ ᠭᠠᠳᠠᠨ᠎ᠠ ᠠᠮᠢ ᠲᠠᠯᠪᠢᠬᠤ | ᠵᠡᠷᠭᠡ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠵᠠᠶᠢᠯᠠᠭᠤᠯᠪᠠ︔ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ | ᠰᠠᠶᠢᠲᠤᠷ ᠬᠢᠵᠦ᠂ ᠱᠠ ᠨᠠᠨ ᠤᠰᠤᠨ ᠴᠥᠭᠦᠷᠥᠮ ᠵᠢᠴᠢ ᠫᠠᠢ ᠯᠧᠦ ᠪᠠᠨ ᠤᠰᠤᠨ ᠴᠥᠭᠦᠷᠥᠮ ᠤᠨ ᠬᠠᠮᠢᠶᠠᠷᠤᠯᠲᠠ ᠶᠢ | ᠴᠢᠩᠭᠠᠳᠬᠠᠵᠤ᠂ ᠪᠡᠯᠡᠳᠬᠡᠯ ᠲᠥᠰᠥᠯ ᠢ ᠴᠢᠩᠭ᠎ᠠ ᠲᠣᠭᠲᠠᠭᠠᠵᠤ᠂ ᠬᠠᠰᠢᠯᠭ᠎ᠠ ᠳᠠᠯᠠᠩ ᠤᠨ ᠠᠶᠤᠯ ᠢ ᠠᠷᠢᠯᠭᠠᠨ | ᠪᠠᠬᠢᠯᠡᠨ᠎ᠡ᠃ᠢᠦ᠋ᠢᠴᠢᠤᠸᠠᠨ ᠲᠣᠭᠤᠷᠢᠭ ᠤᠨ ᠰᠢᠶᠣᠣ ᠡᡁᠸ ᠾᠧ ᠪᠠᠯᠭᠠᠰᠤ ᠲᠠᠢ ᠵᠣᠯᠭᠠᠭᠤᠯᠤᠨ ᠶᠡᠭᠡ ᠡᡁᠸ | ᠭᠤᠣᠯ ᠤᠨ ᠡᠮᠦᠨ᠎ᠡ ᠡᠷᠭᠢ ᠳᠠᠬᠢ ᠲᠡᠰ ᠳᠡᠪᠰᠢᠭᠦᠯᠵᠦ ᠥᠭᠡᠷᠡᠴᠢᠯᠡᠬᠦ ᠢᠨᠵᠧᠨᠧᠷᠢᠩ ᠢ ᠬᠠᠮᠲᠤᠪᠠᠷ ᠥᠷᠨᠢᠭᠦᠯᠵᠦ᠂ | ᠠᠶᠢᠯ ᠲᠣᠰᠬᠤᠨ ᠳᠤ ᠬᠦᠷᠴᠦ ᠡᠷᠦᠭᠡ ᠳᠤ ᠬᠦᠷᠴᠦ ᠭᠠᠵᠠᠷ ᠰᠢᠷᠣᠢ ᠲᠠᠲᠠᠪᠤᠷᠢᠯᠠᠬᠤ ᠵᠥᠪᠯᠡᠯᠴᠡᠭᠡᠷ ᠲᠣᠭᠲᠠᠵᠤ᠂ | ᠣᠳᠣᠬᠠᠨ ᠳᠤ ᠦᠨᠳᠦᠰᠦᠨ ᠳᠡᠭᠡᠨ ᠭᠠᠷ ᠤᠨ ᠦᠰᠦᠭ ᠵᠢᠷᠤᠵᠤ ᠳᠠᠭᠤᠰᠪᠠ︔ᠶᠡᠭᠡ ᠬᠠᠷ᠎ᠠ ᠭᠤᠣᠯ ᠤᠨ ᠬᠤᠶᠢᠲᠤ | ᠬᠥᠪᠡᠭᠡᠨ ᠤ ︽ᠵᠢᠩ ᠬᠤᠩ ᠨᠤᠨᠳᠠᠭ ᠨᠡᠭᠦᠷᠡᠰᠦᠨ ᠤ ᠦᠨᠡᠰᠦᠨ ᠤ ᠦᠢᠯᠡᠳᠪᠦᠷᠢ︾ ᠶᠢ ᠴᠡᠭᠴᠡᠯᠡᠨ ᠰᠠᠶᠢᠵᠢᠷᠠᠭᠤᠯᠵᠤ | ᠬᠡᠯᠪᠡᠷᠢ ᠶᠢ ᠨᠢ ᠬᠤᠪᠢᠷᠠᠭᠤᠯᠬᠤ ᠶᠢ ᠢᠳᠡᠪᠬᠢᠲᠡᠢ ᠬᠢᠵᠦ᠂ ᠣᠳᠣᠬᠠᠨ ᠳᠤ ᠦᠨᠡᠰᠦ ᠲᠠᠲᠠᠬᠤ ᠰᠠᠪᠠ ᠶᠢ ᠨᠢᠭᠡᠨᠲᠡ | ᠨᠡᠭᠦᠯᠭᠡᠵᠦ᠂ ᠬᠥᠮᠥᠷᠭᠡ ᠶᠢᠨ ᠭᠠᠳᠠᠷ ᠲᠠᠯ᠎ᠠ ᠶᠢᠨ ᠭᠬᠢᠷ ᠪᠤᠷᠲᠠᠭ ᠢ ᠨᠢᠭᠡᠨᠲᠡ ᠴᠡᠪᠡᠷᠯᠡᠵᠦ᠂ ᠪᠠᠷᠠᠭᠤᠨ ᠲᠠᠯ᠎ᠠ ᠶᠢᠨ | ᠬᠥᠳᠡᠯᠦᠩᠭᠦᠢ ᠪᠠᠶᠢᠰᠢᠩ ᠢ ᠨᠢᠭᠡᠨᠲᠡ ᠨᠤᠷᠠᠭᠠᠪᠠ︔ᠶᠡᠭᠡ ᠬᠠᠷ᠎ᠠ ᠭᠤᠣᠯ ᠤᠨ ᠲᠠᠩ ᠬᠡᠰᠡᠭ ᠤᠨ ᠭᠤᠣᠯ ᠤᠨ ᠵᠠᠮ ᠢ | ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠨᠢᠭᠡᠨᠲᠡ ᠪᠣᠷᠣ ᠥᠩᠭᠡᠲᠦ ᠴᠠᠷᠭᠠᠰᠤ ᠶᠢ | ᠳᠠᠷᠢᠬᠤ ᠶᠢᠨ ᠬᠠᠮᠲᠤ ᠤᠰᠤᠨ ᠬᠥᠭᠡᠷᠭᠡ ᠲᠠᠭᠠᠷᠠᠭᠤᠯᠤᠨ ᠤᠰᠤᠯᠠᠵᠤ ᠪᠠᠶᠢᠨ᠎ᠠ᠃ 3% ᠨᠡᠭᠦᠷᠡᠰᠦᠨ ᠤ ᠰᠤᠯᠠ | ᠰᠢᠲᠠᠬᠤ ᠶᠢ ᠵᠠᠰᠠᠬᠤ ᠶᠢ ᠲᠦᠯᠬᠢᠨ ᠠᠬᠢᠭᠤᠯᠤᠨ᠎ᠠ᠃2023 ᠣᠨ ᠳᠤ᠂ ᠮᠠᠨ ᠤ ᠪᠠᠯᠭᠠᠰᠤᠨ ᠤ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠫᠷᠤᠭ᠍ᠷᠡᠮ ᠨᠢ | ᠨᠡᠶᠢᠲᠡ 26 ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠥᠭᠡᠷᠡᠴᠢᠯᠡᠬᠦ ᠶᠡᠷᠦᠩᠬᠡᠢ | ᠡᠭᠦᠷᠭᠡ ᠶᠢᠨ ᠲᠤᠭ᠎ᠠ ᠨᠢ 6250 ᠡᠷᠦᠬᠡ ᠳᠤ ᠬᠤᠯᠪᠣᠭᠳᠠᠵᠤ᠂ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ | ᠥᠭᠡᠷᠡᠴᠢᠯᠡᠬᠦ︾ ᠫᠷᠤᠭ᠍ᠷᠡᠮ ᠤᠨ ᠢᠨᠵᠧᠨᠧᠷᠢᠩ ᠨᠢ 22 ᠲᠣᠰᠬᠤᠨ ᠳᠤ ᠬᠤᠯᠪᠣᠭᠳᠠᠵᠤ᠂ ᠣᠳᠣᠬᠠᠨ ᠳᠤ ᠶᠠᠭ | ᠳᠤᠮᠳᠠ ᠳᠠᠷᠤᠯᠲᠠᠲᠤ ᠬᠤᠭᠤᠯᠠᠢ ᠶᠢᠨ ᠲᠣᠣᠷ ᠢ ᠪᠠᠶᠢᠷᠢᠯᠠᠭᠤᠯᠵᠤ᠂ ᠳᠤᠮᠳᠠ ᠳᠠᠷᠤᠯᠲᠠᠲᠤ ᠬᠤᠭᠤᠯᠠᠢ ᠶᠢᠨ | ᠬᠤᠭᠤᠯᠠᠢ ᠶᠢ 26 ᠺᠢᠯᠣᠮᠧᠲᠷ ᠰᠢᠬᠠᠮ ᠪᠡᠶᠡᠯᠡᠭᠦᠯᠵᠦ᠂ 7 ᠲᠣᠰᠬᠤᠨ ᠤ 15.3 ᠺᠢᠯᠣᠮᠧᠲᠷ ᠢ ᠨᠢᠭᠡᠨᠲᠡ | ᠪᠡᠶᠡᠯᠡᠭᠦᠯᠵᠦ᠂ 59% ᠶᠢᠨ ᠬᠠᠷᠢᠴᠠᠯ ᠢ ᠪᠡᠶᠡᠯᠡᠭᠦᠯᠪᠡ ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠫᠷᠤᠭ᠍ᠷᠡᠮ ᠤᠨ ᠢᠨᠵᠧᠨᠧᠷᠢᠩ ᠨᠢ 4 ᠲᠣᠰᠬᠤᠨ ᠳᠤ ᠬᠤᠯᠪᠣᠭᠳᠠᠵᠤ᠂ ᠨᠢᠭᠡᠨᠲᠡ ᠪᠠᠷᠢᠯᠭ᠎ᠠ ᠶᠢᠨ ᠲᠠᠯ᠎ᠠ ᠲᠠᠢ | ᠵᠣᠯᠭᠠᠭᠤᠯᠬᠤ ᠶᠢ ᠪᠡᠶᠡᠯᠡᠭᠦᠯᠵᠦ᠂ ᠣᠲᠣ ᠶᠠᠭ ᠠᠵᠢᠯᠴᠢᠨ ᠵᠢᠴᠢ ᠲᠣᠨᠤᠭ ᠲᠥᠬᠦᠭᠡᠷᠦᠮᠵᠢ ᠶᠢ ᠲᠠᠯᠠᠪᠠᠶ ᠳᠤ | ᠣᠷᠣᠭᠤᠯᠬᠤ ᠪᠠᠷ ᠪᠡᠯᠡᠳᠬᠡᠵᠦ ᠪᠠᠶᠢᠨ᠎ᠠ᠂ ᠡᠯ᠎ᠡ ᠲᠣᠰᠬᠤᠨ ᠤ ᠪᠠᠷᠢᠯᠭ᠎ᠠ ᠶᠢᠨ ᠠᠵᠢᠯ ᠬᠢᠬᠦ ᠠᠴᠠ ᠡᠮᠦᠨ᠎ᠡ ᠡᠷᠦᠬᠡ ᠳᠤ | ᠣᠷᠣᠬᠤ ᠳᠠᠩᠰᠠᠯᠠᠯᠲᠠ ᠶᠢᠨ ᠬᠦᠰᠦᠨᠦᠭᠲᠦ᠂ ᠵᠠᠳᠠᠭᠠᠢ ᠨᠡᠭᠦᠷᠡᠰᠦ ᠶᠢ ᠬᠡᠷᠡᠭᠯᠡᠬᠦ ᠶᠢ ᠴᠠᠭᠠᠵᠠᠯᠠᠬᠤ ᠠᠮᠠᠯᠠᠯᠲᠠ ᠶᠢᠨ | ᠪᠢᠴᠢᠭ ᠢ ᠨᠢᠭᠡᠨᠲᠡ ᠪᠦᠬᠦᠨ ᠢ ᠪᠡᠶᠡᠯᠡᠭᠦᠯᠵᠦ᠂ ᠳᠤᠯᠠᠭᠠᠮᠵᠢ ᠶᠢᠨ ᠢᠯᠲᠠᠰᠤ ᠶᠢ 2000 ᠭᠠᠷᠤᠢ ᠡᠷᠦᠬᠡ ᠶᠢ | ᠵᠠᠬᠢᠶᠠᠯᠠᠨ ᠬᠤᠳᠠᠯᠳᠤᠵᠤ ᠳᠠᠭᠤᠰᠬᠠᠪᠠ᠃ | 4. ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠰᠠᠶᠢᠲᠤᠷ ᠬᠢᠨ᠎ᠡ᠃ᠮᠠᠨ ᠤ ᠪᠠᠯᠭᠠᠰᠤᠨ ᠤ ᠬᠢᠨ ᠬᠥᠳᠡᠭᠡ | ᠲᠣᠰᠬᠤᠨ ᠤ ᠬᠤᠣᠷ ᠦᠭᠡᠢ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠥᠷᠨᠢᠭᠦᠯᠵᠦ᠂ 2023 ᠣᠨ ᠳᠤ᠂ ᠮᠠᠨ ᠤ ᠪᠠᠯᠭᠠᠰᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ | ᠠᠵᠢᠯ ᠤᠨ ᠡᠭᠦᠷᠭᠡ ᠶᠢ ᠨᠡᠶᠢᠲᠡ 1496 ᠡᠷᠦᠬᠡ ᠬᠢᠵᠦ᠂ ᠡᠭᠦᠨ ᠳᠤ 2022 ᠣᠨ ᠳᠤ 1491 ᠡᠷᠦᠬᠡ ᠶᠢ | ᠦᠷᠭᠦᠯᠵᠢᠯᠡᠨ ᠪᠠᠶᠢᠭᠤᠯᠵᠤ᠂ 2023 ᠣᠨ ᠳᠤ 5 ᠡᠷᠦᠬᠡ ᠶᠢ ᠰᠢᠨ᠎ᠡ ᠪᠠᠷ ᠪᠠᠶᠢᠭᠤᠯᠪᠠ᠂ ᠲᠣᠭᠲᠠᠭᠰᠠᠨ ᠴᠠᠭ ᠤᠨ | ᠳᠣᠲᠣᠷ᠎ᠠ ᠲᠣᠰ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠠᠴᠠ ᠡᠯ᠎ᠡ ᠪᠠᠷᠢᠯᠭ᠎ᠠ ᠶᠢᠨ ᠠᠩᠭᠢ ᠶᠢ ᠳᠠᠭᠠᠭᠤᠯᠤᠨ | ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠤᠷᠢᠳᠴᠢᠯᠠᠨ ᠲᠥᠯᠥᠪᠵᠢᠭᠦᠯᠵᠦ᠂ 6 | ᠰᠠᠷ᠎ᠠ ᠶᠢᠨ ᠰᠡᠭᠦᠯᠴᠢ ᠪᠠᠷ ᠵᠣᠷᠯᠣᠩ ᠢ ᠥᠭᠡᠷᠡᠴᠢᠯᠡᠬᠦ ᠠᠵᠢᠯ ᠢ ᠳᠠᠭᠤᠰᠬᠠᠬᠤ ᠪᠠᠷ ᠵᠢᠱᠢᠵᠦ ᠪᠣᠶ᠃ | 5. ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠨ᠎ᠠ᠃ | 2023 ᠣᠨ ᠤ ᠳᠡᠭᠡᠷ᠎ᠡ ᠬᠠᠭᠠᠰ ᠵᠢᠯ ᠳᠤ ᠮᠠᠨ ᠤ ᠪᠠᠯᠭᠠᠰᠤ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠬᠤᠭ | ᠨᠣᠪᠰᠢ ᠶᠢ ᠴᠡᠪᠡᠷᠯᠡᠨ ᠵᠠᠰᠠᠬᠤ ᠠᠵᠢᠯ ᠢ 8 ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠪᠠᠷᠤᠭ 12000 ᠲᠣᠨ | ᠬᠤᠭ ᠨᠣᠪᠰᠢ ᠶᠢ ᠴᠡᠪᠡᠷᠯᠡᠨ ᠠᠷᠢᠯᠭᠠᠵᠤ᠂ ᠴᠠᠭᠠᠨ ᠥᠩᠭᠡ ᠶᠢᠨ ᠬᠤᠭ ᠨᠣᠪᠰᠢ ᠲᠡᠭᠦᠬᠦ ᠲᠤᠰᠬᠠᠢ ᠠᠵᠢᠯᠯᠠᠭ᠎ᠠ ᠶᠢ | ᠨᠢᠭᠡ ᠤᠳᠠᠭ᠎ᠠ ᠥᠷᠨᠢᠭᠦᠯᠵᠦ᠂ ᠴᠡᠪᠡᠷᠯᠡᠭᠴᠢ ᠶᠢ ᠨᠡᠶᠢᠲᠡ 4300 ᠭᠠᠷᠤᠢ ᠬᠥᠮᠥᠨ ᠤᠳᠠᠭ᠎ᠠ ᠬᠥᠳᠡᠯᠭᠡᠨ ᠬᠡᠷᠡᠭᠯᠡᠵᠦ | ᠂ ᠶᠡᠭᠡ ᠪᠠᠭ᠎ᠠ ᠮᠠᠰᠢᠨ ᠲᠡᠷᠭᠡ ᠶᠢ 2500 ᠭᠠᠷᠤᠢ ᠤᠳᠠᠭ᠎ᠠ ᠬᠥᠳᠡᠯᠭᠡᠨ ᠬᠡᠷᠡᠭᠯᠡᠭᠰᠡᠨ ᠪᠠᠶᠢᠨ᠎ᠠ᠃3 ᠰᠠᠷ᠎ᠠ ᠶᠢᠨ | 10 ᠤ ᠡᠳᠦᠷ᠂ ᠪᠠᠢ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠾᠧᠪᠧᠢ ᠶᠢᠨ ᠬᠥᠮᠥᠨ ᠪᠣᠯᠣᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠲᠠᠢ ᠬᠠᠮᠲᠤᠷᠠᠯᠴᠠᠭ᠎ᠠ ᠪᠠᠨ ᠵᠣᠭᠰᠣᠭᠰᠠᠨ ᠤ ᠳᠠᠷᠠᠭ᠎ᠠ᠂ ︽ | ᠪᠠᠢ ᠮᠢᠶᠣᠣ ᠽᠢ ᠪᠠᠯᠭᠠᠰᠤ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ | ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢᠨ ︽ᠵᠢᠷᠭᠤᠭ᠎ᠠ ᠶᠢ ᠳᠠᠭᠠᠭᠠᠴᠢᠯᠠᠬᠤ ᠬᠠᠷᠢᠭᠤᠴᠠᠯᠭ᠎ᠠ︾ ᠶᠢᠨ ᠲᠣᠭᠲᠠᠴᠠ ᠶᠢ ᠬᠡᠷᠡᠭᠵᠢᠭᠦᠯᠦᠨ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠷ᠎ᠠ ᠪᠠᠷ ᠰᠢᠯᠭᠠᠨ ᠦᠨᠡᠯᠡᠬᠦ ᠲᠣᠭᠲᠠᠴᠠ ᠶᠢ | ᠬᠡᠷᠡᠭᠵᠢᠭᠦᠯᠵᠦ᠂ ᠨᠢᠭᠡ ᠭᠠᠷᠠᠭ ᠲᠤ ᠰᠤᠭᠤᠴᠢᠨ ᠪᠠᠶᠢᠴᠠᠭᠠᠵᠤ᠂ ᠨᠢᠭᠡ ᠰᠠᠷ᠎ᠠ ᠳᠤ ᠨᠢᠭᠡ ᠴᠡᠭ ᠢᠶᠠᠷ ᠦᠨᠡᠯᠡᠵᠦ᠂ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠳᠤ ᠲᠦᠰᠢᠭᠯᠡᠨ᠂ ᠲᠣᠰᠬᠤᠨ ᠤ ᠺᠠᠳ᠋ᠷ ᠳᠠᠭᠠᠭᠤᠯᠤᠨ | ᠭᠦᠶᠦᠬᠦ᠂ ᠨᠠᠮ ᠤᠨ ᠭᠡᠰᠢᠭᠦᠨ ᠬᠠᠪᠰᠤᠷᠤᠨ ᠭᠦᠶᠦᠬᠦ᠂ ᠲᠣᠰᠬᠤᠨ ᠤ ᠠᠷᠠᠳ ᠳᠠᠭᠠᠵᠤ ᠭᠦᠶᠦᠬᠦ ᠰᠠᠶᠢᠨ ᠰᠠᠶᠢᠬᠠᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃103 ᠮᠤᠵᠢ ᠶᠢᠨ ᠵᠠᠮ ᠪᠠ ᠮᠣᠣ ᠱᠧᠩ ᠵᠡᠭᠡᠯᠢ ᠶᠢᠨ ᠬᠤᠳᠠ ᠶᠢᠨ ᠳᠦᠷᠰᠦ ᠪᠠᠶᠢᠳᠠᠯ ᠪᠠ ᠲᠡᠷᠭᠡ | ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠪᠠᠶᠢᠳᠠᠯ ᠢ ᠴᠡᠭᠴᠡᠯᠡᠨ ᠵᠠᠰᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷᠴᠤᠳ ᠤᠨ ᠣᠷᠣᠨ ᠪᠦᠰᠡ ᠶᠢ ᠳᠠᠭᠠᠭᠠᠴᠢᠯᠠᠨ ᠴᠡᠭᠴᠡᠯᠡᠨ | ᠵᠠᠰᠠᠬᠤ ᠳᠦᠷᠢᠮ ᠢ ᠲᠣᠭᠲᠠᠭᠠᠵᠤ᠂ ︽ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ︾᠂ | ︽ᠵᠠᠰᠠᠭ ᠵᠠᠬᠢᠷᠭᠠᠨ ᠤ ᠰᠢᠢᠳᠭᠡᠯ ᠤᠨ ᠲᠤᠬᠠᠢ ᠶᠢᠨ ᠲᠠᠯᠠᠪᠤᠷ ᠤᠨ ᠲᠣᠭᠲᠠᠭᠠᠯ︾᠂ ︽ᠬᠠᠤᠯᠢ ᠶᠢ ᠵᠥᠷᠢᠴᠡᠨ ᠲᠡᠷᠭᠡ | ᠵᠣᠭᠰᠣᠭᠠᠭᠰᠠᠨ ᠢ ᠮᠡᠳᠡᠭᠳᠡᠬᠦ ᠬᠠᠭᠤᠳᠠᠰᠤ︾ ᠵᠡᠷᠭᠡ ᠪᠢᠴᠢᠭ ᠬᠠᠷ᠎ᠠ ᠶᠢ ᠪᠠᠭᠤᠯᠭᠠᠵᠤ᠂ ᠪᠠᠯᠭᠠᠰᠤ ᠲᠣᠭᠤᠷᠢᠭ | ᠬᠤᠳᠠ ᠶᠢᠨ ᠳᠦᠷᠰᠦ ᠪᠠᠶᠢᠳᠠᠯ ᠢ ᠢᠯᠡᠳᠲᠡ ᠬᠤᠪᠢᠷᠠᠭᠤᠯᠪᠠ᠃ | 6. ᠪᠤᠯᠠᠰᠢᠨ ᠭᠠᠵᠠᠷ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠦᠨ᠎ᠡ᠃2023 ᠣᠨ ᠳᠤ | ᠮᠠᠨ ᠤ ᠪᠠᠯᠭᠠᠰᠤᠨ ᠤ ᠪᠤᠯᠠᠰᠢᠨ ᠭᠠᠵᠠᠷ ᠢ ᠴᠡᠭᠴᠡᠯᠡᠨ ᠵᠠᠰᠠᠬᠤ ᠶᠡᠷᠦᠩᠬᠡᠢ ᠡᠭᠦᠷᠭᠡ ᠶᠢᠨ ᠲᠤᠭ᠎ᠠ 1946᠂ ᠡᠭᠦᠨ ᠤ | ᠳᠣᠲᠣᠷ᠎ᠠ ᠰᠢᠷᠣᠢ ᠶᠢᠨ ᠪᠤᠯᠠᠰᠢ 1602᠂ ᠬᠠᠲᠠᠭᠤᠷᠠᠭᠤᠯᠤᠭᠰᠠᠨ ᠪᠤᠯᠠᠰᠢ 344 ᠪᠠᠶᠢᠵᠤ᠂ ᠬᠠᠩᠰᠢ ᠶᠢᠨ | ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 584 ᠪᠤᠯᠠᠰᠢ ᠶᠢᠨ ᠭᠠᠵᠠᠷ ᠢ ᠴᠡᠭᠴᠡᠯᠡᠨ | ᠵᠠᠰᠠᠵᠤ᠂ ᠡᠭᠦᠨ ᠤ ᠳᠣᠲᠣᠷ᠎ᠠ 538᠂ ᠬᠠᠲᠠᠭᠤᠷᠠᠭᠤᠯᠤᠭᠰᠠᠨ ᠪᠤᠯᠠᠰᠢ 46 ᠪᠠᠶᠢᠵᠤ᠂ ᠶᠡᠷᠦᠩᠬᠡᠢ ᠡᠭᠦᠷᠭᠡ ᠶᠢᠨ | 30% ᠶᠢ ᠪᠡᠶᠡᠯᠡᠭᠦᠯᠵᠦ᠂ ᠪᠠᠯᠭᠠᠰᠤᠨ ᠤ ᠤᠳᠤᠷᠢᠳᠤᠯᠭ᠎ᠠ ᠶᠢᠨ ᠬᠡᠰᠡᠭ ᠢ ᠳᠠᠭᠠᠭᠠᠴᠢᠯᠠᠬᠤ᠂ ᠪᠠᠯᠭᠠᠰᠤᠨ ᠤ ᠺᠠᠳ᠋ᠷ | ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ ᠡᠷᠦᠬᠡ ᠶᠢ ᠳᠠᠭᠠᠭᠠᠴᠢᠯᠠᠬᠤ ᠠᠷᠭ᠎ᠠ ᠶᠢ ᠴᠢᠩᠭ᠎ᠠ ᠵᠢᠷᠤᠮᠯᠠᠨ | ᠲᠣᠰ ᠠᠵᠢᠯ ᠤᠨ ᠪᠦᠲᠦᠮᠵᠢᠲᠡᠶ ᠠᠬᠢᠴᠠ ᠶᠢ ᠠᠬᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠡᠨᠡ ᠵᠢᠯ ᠤᠨ | ᠡᠭᠦᠷᠭᠡ ᠶᠢᠨ ᠲᠤᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︵ᠳᠥᠷᠪᠡ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠳ ᠤᠨ ᠰᠡᠳᠬᠢᠯ ᠢ | ᠳᠤᠯᠠᠭᠠᠴᠠᠭᠤᠯᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠲᠦᠯᠬᠢᠨ | ᠠᠬᠢᠭᠤᠯᠤᠨ᠎ᠠ᠃ | 1% ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠᠷ | ᠭᠤᠣᠯᠳᠠᠭᠤ ᠪᠥᠬᠦ ᠪᠠᠯᠭᠠᠰᠤᠨ ᠤ ᠡᠮ ᠡᠮᠨᠡᠯᠭᠡ ᠶᠢᠨ ᠲᠠᠩᠰᠠ ᠲᠠᠶᠢᠯᠬᠤ ᠬᠡᠷᠡᠭᠴᠡᠭᠡ ᠲᠠᠢ ᠬᠥᠮᠥᠰ ᠤᠨ ᠲᠠᠩᠰᠠ | ᠲᠠᠶᠢᠯᠬᠤ ᠠᠵᠢᠯ ᠵᠢᠴᠢ ᠨᠢᠷᠠᠢ ᠬᠡᠦᠬᠡᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠶᠢ | ᠪᠡᠶᠡᠯᠡᠭᠦᠯᠵᠦ᠂ ᠣᠲᠣ ᠪᠣᠯᠲᠠᠯ᠎ᠠ ᠪᠥᠬᠦ ᠪᠠᠯᠭᠠᠰᠤᠨ ᠤ ᠣᠨᠴᠠᠭᠠᠶ ᠬᠥᠮᠥᠰ ᠤᠨ ᠳᠣᠲᠣᠷ᠎ᠠ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ 5725 ᠬᠥᠮᠥᠨ᠂ ᠣᠨᠴᠠ ᠬᠦᠴᠢᠷᠳᠡᠯᠲᠡᠢ 109 ᠬᠥᠮᠥᠨ᠂ ᠥᠨᠥᠴᠢᠨ | ᠬᠡᠦᠬᠡᠳ 9 ᠬᠥᠮᠥᠨ᠂ ᠶᠠᠳᠠᠭᠤ ᠠᠴᠠ ᠠᠩᠭᠢᠵᠢᠷᠠᠭᠰᠠᠨ 729 ᠬᠥᠮᠥᠨ᠂ ᠶᠠᠳᠠᠭᠤ ᠠᠴᠠ ᠠᠩᠭᠢᠵᠢᠷᠠᠭᠰᠠᠨ | ᠲᠥᠷᠥ ᠶᠢᠨ ᠪᠣᠳᠣᠯᠭ᠎ᠠ ᠶᠢᠨ 229 ᠬᠥᠮᠥᠨ᠂ ᠬᠦᠨᠳᠦ ᠵᠡᠮᠳᠡᠭ 669 ᠬᠥᠮᠥᠨ ᠪᠣᠶ᠂ ᠬᠢᠨᠠᠨ ᠰᠢᠯᠭᠠᠬᠤ ᠡᠲᠡᠭᠡᠳ | 1 ᠬᠥᠮᠥᠨ ᠳᠤᠮᠳᠠᠴᠢ ᠪᠠᠷ ᠵᠠᠭᠤᠨ ᠤ ᠵᠠᠭᠤ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠪᠠᠶᠢᠨ᠎ᠠ᠃ᠨᠡᠶᠢᠭᠡᠮ ᠤᠨ ᠳᠠᠭᠠᠳᠬᠠᠯ ᠤᠨ ᠲᠠᠯ᠎ᠠ ᠪᠠᠷ ᠭᠤᠣᠯᠳᠠᠭᠤ ᠨᠠᠰᠤᠨ ᠳᠤ | ᠬᠦᠷᠦᠭᠰᠡᠨ ᠬᠥᠮᠥᠰ ᠤᠨ ᠠᠮᠢᠳᠤ ᠪᠣᠳᠠᠰ ᠤᠨ ᠮᠡᠳᠡᠭᠡ ᠵᠠᠩᠭᠢ ᠶᠢ ᠴᠤᠭᠯᠠᠭᠤᠯᠵᠤ ᠬᠢᠨᠠᠨ ᠲᠣᠭᠲᠠᠭᠠᠬᠤ ᠵᠢᠴᠢ ᠡᠯ᠎ᠡ | ᠲᠣᠰᠬᠤᠨ ᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠪᠡᠶᠡᠯᠡᠭᠦᠯᠵᠦ᠂ 2023 ᠣᠨ ᠳᠤ | ᠮᠠᠨ ᠤ ᠪᠠᠯᠭᠠᠰᠤᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠡᠭᠦᠷᠭᠡ ᠶᠢ 15000 ᠬᠥᠮᠥᠨ ᠪᠡᠶᠡᠯᠡᠭᠦᠯᠵᠦ᠂ ᠨᠡᠶᠢᠲᠡ 4914 ᠬᠥᠮᠥᠨ ᠰᠦᠢᠳᠬᠡᠯ | ᠲᠤᠰᠢᠶᠠᠵᠤ᠂ 33% ᠶᠢ ᠪᠡᠶᠡᠯᠡᠭᠦᠯᠵᠡᠢ᠂ ᠨᠠᠰᠤᠨ ᠳᠤ ᠭᠦᠷᠦᠭᠰᠡᠳ ᠤᠨ ᠮᠡᠳᠡᠭᠡ ᠵᠠᠩᠭᠢ ᠶᠢ 4514 ᠬᠥᠮᠥᠨ | ᠴᠤᠭᠯᠠᠭᠤᠯᠵᠤ᠂ 4997 ᠬᠥᠮᠥᠨ ᠤ ᠮᠡᠳᠡᠭᠡ ᠵᠠᠩᠭᠢ ᠶᠢ ᠴᠤᠭᠯᠠᠭᠤᠯᠵᠤ᠂ 98% ᠶᠢ ᠪᠡᠶᠡᠯᠡᠭᠦᠯᠵᠡᠢ᠂ ᠪᠤᠰᠤᠳ | ᠨᠢ ᠬᠥᠳᠡᠯᠮᠦᠷᠢ ᠶᠢᠨ ᠬᠦᠴᠦᠨ ᠢᠶᠠᠨ ᠠᠯᠳᠠᠭᠰᠠᠨ ᠬᠥᠮᠥᠨ ᠪᠠᠶᠢᠵᠤ᠂ ᠨᠢᠭᠡᠨᠲᠡ ᠮᠡᠳᠡᠭᠡ ᠵᠠᠩᠭᠢ ᠶᠢᠨ | ᠳᠠᠩᠰᠠᠯᠠᠯᠲᠠ ᠶᠢᠨ ᠬᠦᠰᠦᠨᠦᠭᠲᠦ ᠶᠢ ᠪᠦᠬᠦᠨ ᠢ ᠲᠣᠬᠢᠷᠠᠭᠤᠯᠪᠠ᠃ᠣᠷᠣᠨ ᠰᠠᠭᠤᠴᠠ ᠶᠢᠨ ᠠᠮᠤᠷ ᠲᠦᠪᠰᠢᠨ ᠤ | ᠲᠠᠯ᠎ᠠ ᠪᠠᠷ ᠭᠠᠵᠠᠷ ᠰᠢᠷᠣᠢ ᠶᠢᠨ ᠭᠠᠵᠠᠷ ᠲᠠᠢ ᠬᠤᠯᠪᠤᠭᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ | ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢᠶᠠᠷ | ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠵᠦ᠂ ᠬᠠᠤᠯᠢ ᠶᠢ ᠵᠥᠷᠢᠴᠡᠨ ᠭᠠᠵᠠᠷ ᠡᠵᠡᠯᠡᠬᠦ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ | ᠵᠣᠭᠰᠣᠭᠠᠵᠤ᠂ ᠪᠠᠢ ᠮᠢᠶᠣᠣ ᠽᠢ ᠲᠣᠰᠬᠤᠨ ᠵᠡᠷᠭᠡ 11 ᠭᠠᠵᠠᠷ ᠤᠨ ᠪᠠᠷᠢᠯᠭ᠎ᠠ ᠶᠢ ᠵᠥᠷᠢᠴᠡᠨ ᠨᠤᠷᠠᠭᠠᠨ ᠠᠷᠢᠯᠭᠠᠬᠤ | ᠠᠵᠢᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠢ 12 ᠰᠢᠢᠳᠪᠦᠷᠢᠯᠡᠵᠦ ᠳᠠᠭᠤᠰᠬᠠᠨ᠂ | ᠤᠯᠤᠰ ᠤᠨ ᠬᠥᠮᠥᠷᠭᠡ ᠳᠤ 40 ᠲᠦᠮᠡᠨ ᠲᠥᠭᠦᠷᠢᠭ ᠤᠨ ᠲᠣᠷᠭᠠᠵᠤ ᠬᠤᠷᠢᠶᠠᠨ ᠠᠪᠤᠭᠰᠠᠨ ᠵᠣᠭᠤᠰ ᠢ ᠳᠡᠭᠡᠭᠰᠢ | ᠲᠤᠰᠢᠶᠠᠪᠠ᠃ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠪᠠ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠤᠷᠠᠬᠤ ᠠᠶᠤᠯᠲᠠᠢ ᠭᠡᠷ ᠪᠠᠶᠢᠰᠢᠩ ᠢ | ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠨᠡᠶᠢᠲᠡ 12 ᠡᠷᠦᠬᠡ ᠶᠢᠨ ᠨᠤᠷᠠᠬᠤ ᠠᠶᠤᠯᠲᠠᠢ | ᠭᠡᠷ ᠪᠠᠶᠢᠰᠢᠩ ᠢ ᠰᠢᠨᠡᠳᠬᠡᠨ ᠵᠠᠰᠠᠬᠤ ᠪᠠᠷ ᠭᠤᠶᠤᠴᠢᠯᠠᠨ ᠮᠡᠳᠡᠭᠦᠯᠵᠦ᠂ ᠲᠠᠩᠰᠠ ᠡᠪᠬᠡᠮᠡᠯ ᠢ ᠡᠮᠬᠢᠯᠡᠵᠦ ᠲᠠᠩᠰᠠ | ᠡᠪᠬᠡᠮᠡᠯ ᠳᠤ ᠣᠷᠣᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠳᠥᠷᠪᠡᠨ ᠲᠥᠷᠥᠯ ᠤᠨ ᠬᠥᠮᠥᠰ ᠤᠨ ᠨᠤᠷᠠᠬᠤ | ᠠᠶᠤᠯᠲᠠᠢ ᠭᠡᠷ ᠪᠠᠶᠢᠰᠢᠩ ᠤᠨ ᠥᠭᠡᠷᠡᠴᠢᠯᠡᠯᠲᠡ ᠶᠢᠨ ᠲᠠᠩᠰᠠ ᠡᠪᠬᠡᠮᠡᠯ ᠵᠡᠷᠭᠡ ᠶᠢ ᠡᠮᠬᠢᠯᠡᠵᠦ ᠲᠠᠩᠰᠠ ᠡᠪᠬᠡᠮᠡᠯ ᠳᠤ | ᠣᠷᠣᠭᠤᠯᠬᠤ ᠠᠵᠢᠯ ᠢ ᠪᠡᠶᠡᠯᠡᠭᠦᠯᠦᠨ᠎ᠡ᠃ | 2. ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ᠮᠠᠨ ᠤ ᠪᠠᠯᠭᠠᠰᠤ ᠨᠢᠭᠡᠨᠲᠡ | ᠨᠢᠭᠡᠳᠦᠭᠡᠷ ᠤᠯᠠᠷᠢᠯ ᠤᠨ︽ᠠᠷᠪᠠᠨ ᠲᠦᠷᠦᠯ ᠤᠨ ᠭᠤᠣᠯᠳᠠᠯᠭ᠎ᠠ ᠲᠠᠢ ᠬᠥᠮᠥᠰ︾ ᠢ ᠪᠠᠶᠢᠴᠠᠭᠠᠨ ᠵᠢᠭᠰᠠᠭᠠᠬᠤ ᠪᠠ | ᠬᠤᠶᠠᠳᠤᠭᠠᠷ ᠤᠯᠠᠷᠢᠯ ᠳᠤ ᠪᠦᠬᠦ ᠲᠠᠯ᠎ᠠ ᠪᠠᠷ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠦᠭᠰᠡᠨ ᠪᠥᠭᠡᠳ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠠᠵᠢᠯ ᠤᠨ ᠬᠤᠷᠠᠯ ᠢ ᠤᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠡᠯ᠎ᠡ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠰᠠᠯᠠᠭᠴᠢ ᠳᠤ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠬᠦᠷᠲᠡᠭᠡᠵᠡᠢ᠃2023 ᠣᠨ ᠤ ᠬᠤᠶᠠᠳᠤᠭᠠᠷ ᠤᠯᠠᠷᠢᠯ ᠳᠤ ᠪᠥᠬᠦ ᠲᠠᠯ᠎ᠠ ᠪᠠᠷ ᠪᠠᠶᠢᠴᠠᠭᠠᠨ | ᠰᠢᠯᠭᠠᠬᠤ ᠠᠵᠢᠯ ᠨᠢᠭᠡᠨᠲᠡ ᠳᠠᠭᠤᠰᠴᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠶᠢᠨ | ᠬᠥᠮᠥᠨ ᠠᠮᠠ ᠶᠢᠨ ᠬᠥᠳᠡᠯᠦᠩᠭᠦᠢ ᠲᠣᠬᠢᠷᠠᠭᠤᠯᠤᠯᠲᠠ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠡᠯ᠎ᠡ ᠱᠠᠲᠤᠨ ᠤ | ᠰᠤᠳᠤᠯᠤᠨ ᠮᠠᠭᠠᠳᠯᠠᠯᠲᠠ ᠪᠠᠷ ᠳᠡᠮᠵᠢᠨ ᠬᠢᠨᠠᠨ ᠰᠢᠯᠭᠠᠬᠤ ᠡᠲᠡᠭᠡᠳ ᠤᠨ 5 ᠡᠷᠦᠬᠡ ᠳᠤ ᠰᠢᠨ᠎ᠡ ᠪᠠᠷ | ᠣᠷᠣᠭᠤᠯᠬᠤ ᠪᠠᠷ ᠲᠥᠯᠥᠪᠯᠡᠵᠦ ᠪᠣᠶ᠃ᠠᠷᠪᠠᠨ ᠨᠢᠭᠡ ᠪᠦᠯᠦᠭ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠶᠢ | ᠯᠠᠪᠳᠠᠭᠤᠨ ᠢᠶᠠᠷ ᠠᠬᠢᠭᠤᠯᠵᠤ᠂ 2023 ᠣᠨ ᠤ ᠬᠤᠶᠠᠳᠤᠭᠠᠷ ᠤᠯᠠᠷᠢᠯ ᠪᠣᠯᠲᠠᠯ᠎ᠠ᠂ ᠶᠠᠳᠠᠭᠤ ᠠᠴᠠ | ᠠᠩᠭᠢᠵᠢᠷᠠᠭᠤᠯᠬᠤ ᠡᠷᠦᠬᠡ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠣᠶ ᠬᠠᠮᠠᠭᠠᠯᠠᠭᠴᠢ 35 | ᠬᠥᠮᠥᠨ ᠢ ᠤᠷᠢᠨ ᠬᠡᠷᠡᠭᠯᠡᠵᠦ᠂ ᠴᠡᠪᠡᠷᠯᠡᠭᠴᠢ 69 ᠬᠥᠮᠥᠨ ᠢ ᠤᠷᠢᠨ ᠬᠡᠷᠡᠭᠯᠡᠵᠦ᠂ ᠬᠥᠭᠵᠢᠯᠲᠡ ᠶᠢᠨ ᠰᠤᠷᠭᠠᠨ | ᠬᠥᠮᠦᠵᠢᠯ ᠢ ᠭᠥᠷᠳᠡᠵᠦ ᠶᠠᠳᠠᠭᠤ ᠠᠴᠠ ᠠᠩᠭᠢᠵᠢᠷᠠᠭᠤᠯᠤᠭᠰᠠᠨ 25 ᠬᠥᠮᠥᠨ ᠢ ︽ᠢᠦᠢ ᠯᠦ ᠲᠥᠯᠥᠪᠯᠡᠭᠡ︾ ᠪᠠᠷ | ᠰᠤᠷᠭᠠᠭᠤᠯᠢ ᠳᠤ ᠪᠠᠶᠢᠭ᠎ᠠ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠭᠰᠡᠨ 6 | ᠰᠣᠷᠣᠭᠴᠢ ᠶᠢ ᠬᠠᠪᠰᠤᠷᠤᠨ ᠲᠡᠳᠬᠦᠪᠡ᠃2023 ᠣᠨ ᠤ 6 ᠰᠠᠷ᠎ᠠ ᠪᠣᠯᠲᠠᠯ᠎ᠠ᠂ ᠬᠥᠳᠡᠭᠡ ᠲᠣᠰᠬᠤᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠨᠡᠶᠢᠲᠡ 3506 ᠡᠷᠦᠬᠡ᠂ 5615 ᠬᠥᠮᠥᠨ | ᠪᠠᠶᠢᠵᠤ᠂ ᠣᠨᠴᠠ ᠬᠦᠴᠢᠷᠳᠡᠯ ᠲᠠᠢ 60 ᠬᠥᠮᠥᠨ ᠢ ᠠᠰ ᠲᠤᠨᠢ ᠠᠰᠠᠷᠠᠨ ᠲᠡᠵᠢᠭᠡᠵᠦ᠂ ᠣᠨᠴᠠ ᠬᠦᠴᠢᠷᠳᠡᠯ ᠲᠠᠢ | 16 ᠬᠥᠮᠥᠨ ᠢ ᠲᠥᠪᠯᠡᠷᠡᠭᠦᠯᠦᠨ ᠠᠰᠠᠷᠠᠨ ᠲᠡᠵᠢᠭᠡᠵᠦ᠂ ᠣᠲᠣ 1076 ᠥᠨᠳᠥᠷ ᠨᠠᠰᠤᠲᠠᠢ ᠬᠥᠮᠥᠨ ᠪᠠᠶᠢᠵᠤ᠂ | ᠰᠠᠷ᠎ᠠ ᠪᠦᠷᠢ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ᠂ ᠥᠨᠳᠥᠷ ᠨᠠᠰᠤᠲᠠᠢ᠂ ᠣᠨᠴᠠ ᠬᠦᠴᠢᠷᠳᠡᠯ ᠲᠠᠢ | ᠬᠥᠮᠥᠰ ᠲᠤ ᠪᠡᠯᠡ ᠮᠥᠩᠭᠦ ᠲᠠᠷᠬᠠᠭᠠᠵᠤ ᠪᠠᠶᠢᠨ᠎ᠠ᠃ᠪᠠᠯᠭᠠᠰᠤ᠂ ᠲᠣᠰᠬᠤᠨ ᠤ ᠵᠡᠮᠳᠡᠭᠴᠦᠳ ᠤᠨ ᠲᠤᠰᠬᠠᠢ | ᠲᠤᠰᠢᠶᠠᠯᠲᠤ ᠭᠡᠰᠢᠭᠦᠨ 49 ᠬᠥᠮᠥᠨ ᠢ ᠰᠣᠩᠭᠤᠨ ᠤᠷᠢᠵᠤ᠂ 57 ᠡᠷᠦᠬᠡ ᠶᠢᠨ ᠣᠶᠤᠨ ᠤᠬᠠᠭᠠᠨ᠂ ᠣᠶᠤᠨ | ᠤᠬᠠᠭᠠᠨ ᠪᠠ ᠬᠦᠨᠳᠦ ᠵᠡᠮᠳᠡᠭᠴᠦᠳ ᠲᠤ ᠭᠡᠷ ᠲᠤᠨᠢ ᠨᠠᠶᠢᠳᠠᠨ ᠠᠰᠠᠷᠠᠭᠤᠯᠬᠤ ᠨᠥᠬᠦᠪᠦᠷᠢ ᠥᠭᠴᠦ᠂ ᠬᠥᠮᠥᠨ ᠪᠦᠷᠢ | ᠵᠢᠯ ᠳᠤ 500 ᠲᠥᠭᠦᠷᠢᠭ ᠤᠨ ᠨᠥᠬᠦᠪᠦᠷᠢ ᠥᠭᠴᠦ᠂ ︽ᠨᠡᠷᠡᠨ ᠬᠡᠷᠡᠯᠳᠦ ᠭᠡᠷ ᠣᠷᠣᠨ︾ ᠤ ᠲᠥᠪᠯᠡᠷᠡᠭᠦᠯᠦᠨ | ᠨᠠᠶᠢᠳᠠᠨ ᠠᠰᠠᠷᠠᠭᠤᠯᠤᠭᠰᠠᠨ ᠵᠡᠮᠳᠡᠭ 12 ᠬᠥᠮᠥᠨ ᠢ ᠡᠷᠭᠢᠯᠡᠪᠡ᠃ | 3. ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ᠣᠳᠣᠬᠠᠨ ᠪᠣᠯᠲᠠᠯ᠎ᠠ᠂ 40 | ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ︔ᠴᠡᠷᠢᠭ ᠤᠨ ᠠᠯᠪᠠᠨ ᠠᠴᠠ ᠪᠠᠭᠤᠭᠰᠠᠳ ᠲᠤ | 571 ᠬᠠᠷᠠᠭᠠᠯᠵᠠᠯ ᠤᠨ ᠦᠨᠡᠮᠯᠡᠯ ᠣᠯᠭᠤᠵᠤ᠂ 434 ᠬᠥᠮᠥᠨ ᠢ ᠬᠢᠨᠠᠨ ᠬᠠᠷᠭᠤᠭᠤᠯᠵᠤ᠂ 114 ᠬᠥᠮᠥᠨ ᠢ | ᠨᠢᠭᠡᠨᠲᠡ ᠭᠦᠢᠴᠡᠳᠬᠡᠵᠦ ᠳᠠᠭᠤᠰᠬᠠᠭᠠᠳ ᠣᠯᠭᠤᠵᠤ᠂ 25 ᠢᠷᠠᠭᠤ ᠠᠯᠳᠠᠷ ᠤᠨ ᠫᠠᠶᠢᠰᠠ ᠣᠯᠭᠤᠵᠤ᠂ 6 | ᠬᠦᠴᠢᠷᠳᠡᠯ ᠲᠠᠢ ᠴᠡᠷᠢᠭ ᠤᠨ ᠠᠯᠪᠠᠨ ᠠᠴᠠ ᠪᠠᠭᠤᠭᠰᠠᠳ ᠢ ᠬᠠᠪᠰᠤᠷᠤᠨ ᠲᠡᠳᠬᠦᠵᠦ᠂ 149 ᠬᠥᠮᠥᠨ ᠢ | ᠬᠠᠷᠠᠭᠠᠯᠵᠠᠨ ᠲᠡᠳᠬᠦᠵᠦ᠂ ᠵᠢᠯ ᠳᠤ 110 ᠬᠥᠮᠥᠨ ᠢ ᠬᠠᠷᠠᠭᠠᠯᠵᠠᠨ ᠲᠣᠳᠣᠯᠠᠵᠠᠢ᠃ᠬᠤᠲᠠ ᠶᠢᠨ ᠲᠠᠰ ᠤᠨ | ᠨᠡᠶᠢᠲᠡ 218 ᠬᠥᠮᠥᠨ ᠢ ᠱᠠᠩᠨᠠᠨ ᠲᠡᠳᠬᠦᠬᠦ ᠪᠠᠷ ᠭᠤᠶᠤᠴᠢᠯᠠᠵᠤ᠂ ᠤᠯᠤᠰ ᠠᠴᠠ 76 ᠬᠥᠮᠥᠨ ᠢ ᠱᠠᠩᠨᠠᠨ | ᠲᠡᠳᠬᠦᠵᠦ᠂ ᠬᠠᠭᠠᠰ ᠡᠷᠦᠬᠡ ᠶᠢᠨ 5 ᠬᠥᠮᠥᠨ ᠢ ᠱᠠᠩᠨᠠᠨ ᠲᠡᠳᠬᠦᠵᠦ᠂ ᠬᠥᠮᠥᠨ ᠤ ᠭᠠᠭᠴᠠ ᠬᠡᠦᠬᠡᠳ ᠤᠨ | ᠦᠨᠡᠮᠯᠡᠯ ᠠᠪᠤᠭᠰᠠᠨ 5 ᠡᠷᠦᠬᠡ ᠶᠢ ᠬᠢᠨᠠᠨ ᠬᠠᠷᠭᠤᠭᠤᠯᠬᠤ ᠪᠠᠷ ᠭᠤᠶᠤᠴᠢᠯᠠᠵᠤ ᠪᠣᠶ᠃ᠪᠦᠬᠦᠨ ᠳᠤ ᠲᠣᠬᠢᠷᠠᠬᠤ | ᠺᠠᠷᠲ ᠤᠨ ᠦᠢᠯᠡᠴᠢᠯᠡᠭᠡᠨ ᠤ ᠥᠷᠲᠡᠭᠡ ᠠᠴᠠ ᠲᠠᠷᠬᠠᠭᠠᠭᠰᠠᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ | ᠮᠥᠩᠭᠦ ᠶᠢ ᠪᠦᠬᠦᠨ ᠢ ᠲᠠᠷᠬᠠᠭᠠᠵᠤ ᠳᠠᠭᠤᠰᠬᠠᠭᠠᠳ᠂ ᠠᠮᠤ ᠪᠤᠳᠠᠭᠠᠨ ᠤ ᠨᠥᠬᠦᠪᠦᠷᠢ ᠥᠭᠬᠦ ᠡᠷᠦᠬᠡ 104 ᠪᠣᠯᠵᠤ᠂ | ᠠᠮᠤ ᠪᠤᠳᠠᠭᠠᠨ ᠤ ᠨᠥᠬᠦᠪᠦᠷᠢ ᠥᠭᠬᠦ ᠡᠷᠦᠬᠡ 10 ᠪᠣᠯᠵᠤ᠂ ᠪᠦᠬᠦᠨ ᠳᠤ ᠲᠣᠬᠢᠷᠠᠬᠤ ᠺᠠᠷᠲ 416 ᠪᠣᠯᠵᠤ᠂ | ᠣᠷᠣᠨ ᠪᠦᠰᠡ ᠠᠯᠤᠰᠯᠠᠨ 5 ᠡᠷᠦᠬᠡ ᠶᠢ ᠡᠰᠢᠯᠡᠨ ᠬᠡᠷᠡᠭᠯᠡᠵᠦ᠂ ᠲᠥᠯᠥᠵᠦ ᠳᠡᠶᠢᠯᠦᠭᠰᠡᠨ ᠦᠭᠡᠢ ᠶᠢ | ᠬᠠᠷᠭᠤᠭᠤᠯᠤᠭᠰᠠᠨ ᠮᠡᠳᠡᠭᠡ ᠵᠠᠩᠭᠢ ᠶᠢ ᠳᠠᠬᠢᠨ 146 ᠡᠷᠦᠬᠡ ᠳᠤ ᠲᠠᠷᠬᠠᠭᠠᠪᠠ᠃ᠵᠠᠭᠠᠯᠳᠤᠯᠭ᠎ᠠ ᠶᠢ ᠭᠥᠯᠢᠶᠡᠨ | ᠠᠪᠤᠮᠠᠭᠴᠠ ᠭᠦᠢᠴᠡᠳᠬᠡᠬᠦ ᠠᠵᠢᠯ ᠤᠨ ᠬᠠᠭᠤᠳᠠᠰᠤ ᠨᠡᠶᠢᠳᠡ 685 ᠬᠠᠭᠤᠳᠠᠰᠤ ᠶᠢ ᠭᠥᠯᠢᠶᠡᠨ ᠠᠪᠴᠤ᠂ 483 | ᠬᠠᠭᠤᠳᠠᠰᠤ ᠶᠢ ᠬᠡᠪ ᠤᠨ ᠶᠣᠰᠣᠭᠠᠷ ᠰᠢᠢᠳᠪᠦᠷᠢᠯᠡᠨ ᠳᠠᠭᠤᠰᠬᠠᠵᠤ᠂ 106 ᠬᠠᠭᠤᠳᠠᠰᠤ ᠶᠢ ᠪᠤᠴᠠᠭᠠᠵᠤ᠂ ᠰᠡᠳᠬᠢᠯ | ᠬᠠᠩᠬᠤ ᠨᠤᠷᠮ᠎ᠠ 95% ᠰᠢᠬᠠᠮ ᠳᠤ ᠬᠦᠷᠪᠡ᠃ | ︵ᠲᠠᠪᠤ︶ ᠠᠯᠢ ᠴᠢᠳᠠᠬᠤ ᠪᠠᠷ ᠠᠮᠤᠷ ᠲᠦᠪᠰᠢᠨ ᠢ ᠠᠳᠬᠤᠵᠤ᠂ ᠲᠣᠭᠲᠠᠭᠤᠨ ᠢ ᠪᠠᠲᠤᠯᠠᠵᠤ᠂ ᠣᠯᠠᠨ ᠠᠷᠭ᠎ᠠ | ᠬᠡᠮᠵᠢᠶ᠎ᠡ ᠠᠪᠴᠤ ᠪᠥᠬᠦ ᠲᠠᠯ᠎ᠠ ᠠᠴᠠ ᠠᠮᠤᠷ ᠠᠮᠤᠭᠤᠯᠠᠩ ᠰᠢᠶᠠᠩ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | 1% ᠠᠶᠤᠯ ᠦᠭᠡᠢ ᠦᠢᠯᠡᠳᠪᠦᠷᠢᠯᠡᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ᠠᠶᠤᠯᠭᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠶᠢᠨ | ᠲᠣᠭᠤᠷᠢᠨ ᠪᠠᠶᠢᠴᠠᠭᠠᠯᠲᠠ ᠶᠢᠨ ᠶᠡᠭᠡ ᠪᠠᠶᠢᠴᠠᠭᠠᠯᠲᠠ ᠶᠢ 20 ᠭᠠᠷᠤᠢ ᠤᠳᠠᠭ᠎ᠠ ᠥᠷᠨᠢᠭᠦᠯᠵᠦ᠂ ᠪᠠᠶᠠᠷ ᠳᠤᠷᠠᠰᠬᠠᠯ ᠤᠨ | ᠡᠳᠦᠷ ᠪᠤᠶᠤ ᠴᠢᠬᠤᠯᠠ ᠶᠡᠭᠡ ᠪᠠᠶᠠᠷ ᠤᠨ ᠡᠳᠦᠷ ᠲᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠣᠨᠴᠠ ᠵᠠᠷᠢᠮ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ ᠥᠭᠬᠦ ᠶᠢᠨ ᠬᠠᠮᠲᠤ ᠡᠷᠭᠢᠵᠦ ᠦᠵᠡᠬᠦ ᠠᠷᠭ᠎ᠠ ᠮᠠᠶ᠋ᠢᠭ ᠲᠠᠢ ᠤᠶᠠᠯᠳᠤᠭᠤᠯᠤᠨ ᠰᠡᠭᠦᠯᠴᠢ ᠶᠢᠨ | ᠬᠤᠭᠤᠴᠠᠭᠠᠨ ᠤ ᠪᠠᠶᠢᠴᠠᠭᠠᠯᠲᠠ ᠬᠢᠪᠡ᠃49 ᠵᠠᠰᠠᠭ ᠵᠠᠬᠢᠷᠭᠠᠨ ᠤ ᠲᠣᠰᠬᠤᠨ ᠲᠠᠢ 49 ᠬᠤᠪᠢ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠪᠦᠬᠦ ᠪᠠᠯᠭᠠᠰᠤᠨ ᠤ 67 | ᠠᠵᠤ ᠠᠬᠤᠶᠢᠯᠠᠯ᠂ 4 ᠲᠣᠰᠣ ᠨᠡᠮᠡᠬᠦ ᠦᠷᠳᠡᠭᠡ᠂ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ᠂ ᠢᠳᠡᠭᠡᠨ | ᠤᠮᠳᠠᠭᠠᠨ ᠤ ᠲᠠᠯᠠᠪᠤᠷ ᠲᠤ ᠴᠥᠮ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠪᠢᠴᠢᠭ ᠲᠤ ᠭᠠᠷ ᠤᠨ ᠦᠰᠦᠭ ᠵᠢᠷᠤᠭᠰᠠᠨ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ | ᠪᠠᠶᠢᠴᠠᠭᠠᠵᠤ᠂ ᠬᠢᠨᠠᠨ ᠵᠢᠯᠤᠭᠤᠳᠴᠤ᠂ ᠨᠢᠭᠡᠳᠦᠭᠡᠷ᠂ ᠬᠤᠶᠠᠳᠤᠭᠠᠷ ᠤᠯᠠᠷᠢᠯ ᠤᠨ ᠢᠳᠡᠭᠡᠨ ᠤ ᠠᠮᠤᠷ ᠲᠦᠪᠰᠢᠨ ᠤ | ᠬᠢᠨᠠᠨ ᠵᠢᠯᠤᠭᠤᠳᠬᠤ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠵᠦ᠂ ᠠᠮᠠᠯᠠᠯᠲᠠ ᠶᠢᠨ ᠪᠢᠴᠢᠭ ᠢ | 200 ᠭᠠᠷᠤᠢ ᠡᠷᠦᠭᠡ ᠳᠤ ᠳᠠᠮᠵᠢᠭᠤᠯᠵᠤ᠂ ᠳᠠᠭᠠᠳᠬᠠᠯ ᠢ ᠳᠠᠭᠠᠭᠠᠴᠢᠯᠠᠭᠰᠠᠨ ᠺᠠᠳ᠋ᠷ ᠢ 2 ᠤᠳᠠᠭ᠎ᠠ ᠰᠢᠰᠲ᠋ᠧᠮ ᠲᠠᠢ | ᠪᠣᠯᠪᠠᠰᠤᠷᠠᠭᠤᠯᠪᠠ᠃︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢ ᠠᠰᠢᠭᠯᠠᠨ᠂ ᠠᠶᠤᠯ ᠦᠭᠡᠢ | ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠭᠡ ᠶᠢᠨ ᠭᠠᠷ ᠳᠡᠪᠲᠡᠷ ᠢ ᠲᠠᠷᠬᠠᠭᠠᠵᠤ᠂ ᠠᠶᠤᠯ ᠦᠭᠡᠢ | ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠪᠠᠶᠢᠴᠠᠭᠠᠬᠤ ᠶᠠᠪᠤᠴᠠ ᠳᠠᠬᠢ ᠠᠮᠤᠷ ᠲᠦᠪᠰᠢᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠭᠰᠠᠨ ᠮᠡᠳᠡᠭᠡ ᠵᠠᠩᠭᠢ ᠪᠠᠨ ᠭᠠᠷᠠᠭ ᠪᠦᠷᠢ ᠳᠡᠭᠡᠭᠰᠢ ᠮᠡᠳᠡᠭᠦᠯᠬᠦ ᠬᠡᠷᠡᠭᠲᠡᠢ᠃ | 2. ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ᠡᠯ᠎ᠡ ᠭᠠᠴᠠᠭᠠᠨ ᠤ | ᠠᠶᠤᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ᠴᠠᠭ ᠠᠭᠤᠷ ᠤᠨ ᠮᠡᠳᠡᠭᠡ ᠶᠢ ᠴᠠᠭ ᠲᠤᠬᠠᠢ ᠳᠤᠨᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠰᠠᠶᠢᠲᠤᠷ ᠬᠢᠬᠦ ᠶᠢᠨ ᠬᠠᠮᠲᠤ ᠦᠶᠡᠷ ᠢ ᠰᠡᠷᠭᠡᠶᠢᠯᠡᠬᠦ ᠳᠤᠭᠤᠶᠢᠯᠠᠩ ᠪᠠᠶᠢᠭᠤᠯᠵᠤ᠂ ᠡᠯ᠎ᠡ | ᠭᠠᠴᠠᠭ᠎ᠠ ᠶᠢ ᠰᠢᠪᠠᠳᠠᠨ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ | ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠲᠠᠢ ᠢᠳᠡᠪᠬᠢᠲᠡᠢ ᠵᠥᠪᠳᠡᠯᠴᠡᠵᠦ᠂ ᠳᠡᠭᠡᠷ᠎ᠡ ᠬᠠᠭᠠᠰ ᠵᠢᠯ ᠤᠨ | ᠵᠠᠰᠠᠮᠠᠯ ᠵᠠᠮ ᠤᠨ ᠬᠠᠮᠠᠭᠠᠯᠠᠯᠲᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ | ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢ ᠪᠡᠶᠡᠯᠡᠭᠦᠯᠵᠦ᠂ ᠸᠠᠩ ᠴᠢ ᠲᠣᠰᠬᠤᠨ᠂ ᠵᠢᠶᠠ ᠡᠯ | ᠳ᠋ᠠᠨ ᠲᠣᠰᠬᠤᠨ᠂ ᠳ᠋ᠦᠩ ᠪᠠ ᠱᠢ ᠲᠣᠰᠬᠤᠨ᠂ ᠱᠢ ᠪᠦ᠋ ᠭᠠᠨ ᠲᠣᠰᠬᠤᠨ ᠤ ᠵᠠᠮ ᠢ ᠬᠠᠮᠠᠭᠠᠯᠠᠬᠤ ᠪᠠᠷ ᠲᠥᠯᠥᠪᠯᠡᠵᠦ᠂ | ᠨᠢᠭᠡᠨᠲᠡ ᠵᠠᠮ ᠬᠠᠷᠢᠯᠴᠠᠭᠠᠨ ᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠠᠵᠢᠯ ᠡᠬᠢᠯᠡᠭᠦᠯᠬᠦ ᠪᠡᠯᠡᠳᠬᠡᠯ ᠢ | ᠰᠠᠶᠢᠲᠤᠷ ᠬᠢᠪᠡ᠃ | 3. ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠨ᠎ᠠ᠃2023 ᠣᠨ ᠤ ᠳᠡᠭᠡᠷ᠎ᠡ | ᠬᠠᠭᠠᠰ ᠵᠢᠯ ᠳᠤ᠂ ᠪᠠᠯᠭᠠᠰᠤᠨ ᠤ ᠭᠤᠣᠯ ᠤᠳᠤᠷᠢᠳᠤᠯᠭ᠎ᠠ ᠠᠴᠠ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠢ ᠰᠡᠳᠦᠪᠲᠦ | ᠬᠤᠷᠠᠯ ᠢ 13 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠠᠴᠠ ᠭᠤᠣᠯᠳᠠᠯᠭ᠎ᠠ ᠲᠠᠢ ᠵᠠᠬᠢᠳᠠᠯ | ᠰᠣᠷᠪᠤᠯᠵᠢᠯᠠᠭ᠎ᠠ ᠶᠢᠨ ᠵᠥᠷᠢᠴᠡᠯ ᠢ 22 ᠪᠦᠯᠦᠭ ᠤᠳᠠᠭ᠎ᠠ ᠰᠤᠳᠤᠯᠤᠨ ᠰᠢᠢᠳᠪᠦᠷᠢᠯᠡᠵᠦ᠂ ᠬᠤᠷᠠᠯ ᠤᠨ ᠳᠠᠷᠠᠭ᠎ᠠ ᠴᠠᠭ | ᠲᠤᠬᠠᠢ ᠳᠤᠨᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ︽ᠨᠠᠷᠢᠨ ᠳᠠᠩᠰᠠ︾᠂ ᠨᠢᠭᠡ | ᠬᠡᠷᠡᠭ ᠢ ᠨᠢᠭᠡ ᠲᠤᠰᠬᠠᠢ ᠠᠩᠭᠢ ᠪᠣᠯᠭᠠᠵᠤ᠂ ᠨᠠᠮᠳᠠᠭᠤᠯᠤᠨ ᠰᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠭᠴᠢ ᠵᠢᠴᠢ | ᠨᠠᠮᠳᠠᠭᠤᠯᠤᠨ ᠰᠢᠢᠳᠪᠦᠷᠢᠯᠡᠬᠦ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ︽ᠨᠠᠷᠢᠨ ᠳᠠᠩᠰᠠ ᠶᠢᠨ ᠬᠡᠯᠪᠡᠷᠢ︾ ᠪᠠᠷ | ᠨᠠᠮᠳᠠᠭᠤᠯᠤᠨ ᠰᠢᠢᠳᠪᠦᠷᠢᠯᠡᠬᠦ ᠠᠷᠭ᠎ᠠ ᠪᠠᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠠᠬᠢᠭᠤᠯᠬᠤ ᠲᠠᠢ ᠪᠥᠭᠡᠳ | ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠪᠡ᠃ᠪᠠᠯᠭᠠᠰᠤᠨ ᠤ ᠤᠳᠤᠷᠢᠳᠤᠯᠭ᠎ᠠ᠂ ᠺᠠᠳ᠋ᠷᠴᠤᠳ ᠨᠡᠶᠢᠲᠡ 100 | ᠭᠠᠷᠤᠢ ᠤᠳᠠᠭ᠎ᠠ ᠳᠣᠷᠣᠭᠰᠢ ᠪᠠᠭᠤᠵᠤ᠂ ᠣᠯᠠᠨ ᠲᠦᠮᠡᠨ ᠲᠠᠢ 200 ᠭᠠᠷᠤᠢ ᠬᠥᠮᠥᠨ ᠤᠳᠠᠭ᠎ᠠ ᠨᠢᠭᠤᠷᠲᠠᠨ | ᠶᠠᠷᠢᠯᠴᠠᠪᠠ᠃ᠪᠠᠯᠭᠠᠰᠤᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ︽ᠲᠠᠷᠢᠶᠠᠨ | ᠭᠠᠵᠠᠷ︾︽ᠲᠠᠷᠢᠶᠠᠨ ᠭᠠᠵᠠᠷ︾ ᠲᠤ ᠣᠯᠠᠨᠲᠠ ᠭᠦᠨᠵᠡᠭᠡᠶᠢᠷᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠵᠥᠷᠢᠴᠡᠯ ᠲᠠᠢ ᠬᠤᠶᠠᠷ ᠲᠠᠯ᠎ᠠ ᠲᠠᠢ ᠲᠤᠬᠠᠢ ᠶᠢᠨ ᠲᠠᠯᠠᠪᠤᠷ ᠲᠤ ᠵᠥᠷᠢᠴᠡᠯ ᠵᠠᠭᠤᠷᠠᠯᠳᠤᠭᠠᠨ ᠢ ᠡᠶᠡᠳᠡᠭᠦᠯᠵᠦ᠂ ᠨᠢᠭᠡ | ᠪᠦᠯᠦᠭ ᠨᠡᠯᠢᠶᠡᠳ ᠲᠣᠪᠣᠶᠢᠮ᠎ᠠ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠪᠡ᠃ᠵᠠᠬᠢᠳᠠᠯ ᠰᠣᠷᠪᠤᠯᠵᠢᠯᠠᠭ᠎ᠠ ᠶᠢᠨ | ︽ᠳᠠᠷᠤᠭᠳᠠᠮᠠᠯ ᠬᠡᠷᠡᠭ︾ ᠢ ᠠᠷᠢᠯᠭᠠᠬᠤ ᠠᠵᠢᠯ ᠢ ᠬᠦᠴᠦᠯᠡᠨ ᠠᠬᠢᠭᠤᠯᠵᠤ᠂ ᠲᠤᠰᠬᠠᠢ ᠰᠡᠳᠦᠪᠲᠦ ᠬᠤᠷᠠᠯ ᠢ ᠴᠠᠭ | ᠲᠤᠬᠠᠢ ᠳᠤᠨᠢ ᠬᠤᠷᠠᠯᠳᠤᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠲᠦᠷᠦᠯ ᠬᠤᠪᠢᠶᠠᠨ | ᠰᠢᠢᠳᠪᠦᠷᠢᠯᠡᠬᠦ᠂ ︽ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ︾ ᠠᠷᠭ᠎ᠠ ᠶᠢ ᠠᠪᠴᠤ᠂ ᠭᠠᠵᠠᠷ ᠰᠢᠷᠣᠢ ᠶᠢᠨ | ᠡᠷᠬᠡ ᠶᠢ ᠨᠤᠲᠠᠯᠠᠨ ᠲᠣᠭᠲᠠᠭᠠᠬᠤ ᠵᠢᠭᠤᠷᠠᠯᠳᠤᠭᠠᠨ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠭᠠᠵᠠᠷ | ᠰᠢᠷᠣᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠵᠡᠷᠭᠡ ᠠᠰᠠᠭᠤᠳᠠᠯ ᠢ ᠪᠠᠭᠲᠠᠭᠠᠭᠰᠠᠨ ︽ᠴᠢᠬᠤᠯᠠ ᠬᠡᠷᠡᠭ︾ ᠢ | ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃ᠪᠦᠬᠦ ᠤᠯᠤᠰ ᠤᠨ ᠬᠤᠶᠠᠷ ᠬᠤᠷᠠᠯ ᠤᠨ ᠲᠣᠭᠲᠠᠭᠤᠨ ᠢ ᠬᠠᠮᠠᠭᠠᠯᠠᠬᠤ | ᠲᠥᠰᠥᠯ ᠢ ᠲᠣᠭᠲᠠᠭᠠᠵᠤ᠂ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠤᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠲᠤ 24 ᠴᠠᠭ ᠢᠶᠠᠷ ᠵᠢᠵᠢᠭᠦᠷᠯᠡᠬᠦ ᠳᠦᠷᠢᠮ ᠢ ᠪᠠᠷᠢᠮᠲᠠᠯᠠᠵᠤ᠂ ᠪᠠᠯᠭᠠᠰᠤᠨ ᠤ ᠤᠳᠤᠷᠢᠳᠤᠯᠭ᠎ᠠ ᠬᠡᠰᠡᠭ ᠢ | ᠳᠠᠭᠠᠭᠠᠴᠢᠯᠠᠬᠤ᠂ ᠪᠠᠯᠭᠠᠰᠤᠨ ᠤ ᠺᠠᠳ᠋ᠷ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ᠂ ᠰᠦᠯᠵᠢᠶᠡᠨ ᠤ ᠠᠵᠢᠯᠲᠠᠨ | ᠬᠥᠮᠥᠨ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | 4. ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ | ᠪᠠᠢ ᠮᠢᠶᠣᠣ ᠽᠢ ᠪᠠᠯᠭᠠᠰᠤᠨ ᠤ ᠸᠢᠴᠠᠲ ᠤᠨ ᠨᠡᠶᠢᠲᠡ ᠶᠢᠨ ᠳ᠋ᠤᠭᠠᠷ ᠲᠤ ᠲᠤᠰᠬᠠᠢ ᠪᠤᠯᠤᠩ ᠨᠡᠭᠡᠭᠡᠵᠦ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠨᠠᠰᠤᠵᠢᠯ ᠤᠨ | ᠮᠡᠬᠡᠯᠡᠯ ᠢ ᠤᠷᠢᠳᠴᠢᠯᠠᠨ ᠰᠡᠷᠭᠡᠶᠢᠯᠡᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ᠂ | ᠰᠦᠯᠵᠢᠶᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠵᠡᠷᠭᠡ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ | ᠭᠦᠨᠵᠡᠭᠡᠢ ᠥᠷᠨᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠺᠠᠳ᠋ᠷ᠂ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ᠡᠭᠦᠨ ᠤ ᠬᠠᠮᠲᠤ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠣᠨᠴᠠᠭᠠᠢ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠭᠦᠨᠵᠡᠭᠡᠢ ᠠᠬᠢᠭᠤᠯᠵᠤ᠂ ᠪᠠᠴᠢᠮ | ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠬᠠᠷᠢᠶ᠎ᠠ ᠣᠷᠣᠨ ᠤ | ᠳᠣᠲᠣᠷᠠᠬᠢ ᠡᠯ᠎ᠡ ᠲᠣᠰᠬᠤᠨ ᠳᠤ ᠠᠮᠤᠷ ᠢ ᠬᠠᠮᠠᠭᠠᠯᠠᠬᠤ ᠠᠩᠭᠢ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠶᠣᠰᠣᠭᠠᠷ ᠲᠣᠰᠬᠤᠨ ᠢ ᠵᠠᠰᠠᠬᠤ ᠶᠢ ᠴᠢᠩᠭᠠᠳᠬᠠᠵᠤ᠂ ᠡᠯ᠎ᠡ ᠲᠣᠰᠬᠤᠨ ᠢ | ᠪᠦᠷᠬᠦᠭᠰᠡᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠥᠮ ᠢ ᠢᠳᠡᠪᠬᠢᠲᠡᠢ ᠬᠠᠶᠢᠨ | ᠰᠦᠪᠡᠭᠴᠢᠯᠡᠨ᠎ᠡ᠃ | ᠱᠠᠰᠢᠨ ᠰᠤᠷᠲᠠᠬᠤᠨ ᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠡᠯ᠎ᠡ ᠲᠣᠰᠬᠤᠨ ᠤ ᠨᠠᠮ ᠤᠨ | ᠡᠭᠦᠷ ᠤᠨ ᠱᠦᠵᠢ ᠶᠢ ᠱᠠᠰᠢᠨ ᠰᠤᠷᠲᠠᠬᠤᠨ ᠤ ᠬᠤᠯᠪᠣᠭᠠᠴᠢᠨ ᠢᠶᠠᠷ ᠲᠣᠭᠲᠠᠭᠠᠵᠤ᠂ ᠱᠠᠰᠢᠨ ᠰᠤᠷᠲᠠᠬᠤᠨ ᠤ | ᠬᠤᠯᠪᠣᠭᠠᠴᠢᠨ ᠤ ᠪᠣᠯᠪᠠᠰᠤᠷᠠᠯ ᠤᠨ ᠬᠤᠷᠠᠯ᠂ ︽ᠱᠠᠰᠢᠨ ᠰᠤᠷᠲᠠᠬᠤᠨ ᠤ ᠭᠤᠷᠪᠠᠨ ᠡᠩᠨᠡᠭᠡ︾ ᠶᠢᠨ | ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠰᠢᠨ ᠰᠤᠷᠲᠠᠬᠤᠨ ᠤ ᠠᠵᠢᠯ ᠤᠨ ᠲᠤᠰᠬᠠᠢ | ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ 4 ᠤᠳᠠᠭ᠎ᠠ ᠬᠤᠷᠠᠯᠳᠤᠭᠤᠯᠵᠤ᠂ ᠬᠠᠷᠢᠶ᠎ᠠ ᠣᠷᠣᠨ ᠤ ᠳᠣᠲᠣᠷᠠᠬᠢ | ᠱᠠᠰᠢᠨ ᠰᠤᠷᠲᠠᠬᠤᠨ ᠤ ᠠᠵᠢᠯ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ | ᠪᠠᠶᠢᠷᠢᠯᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠡᠯ᠎ᠡ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠢ ᠬᠠᠤᠯᠢ | ᠲᠣᠭᠲᠠᠭᠠᠯ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ ᠶᠢ ᠱᠠᠭᠠᠷᠳᠠᠵᠤ᠂ ᠭᠠᠵᠢᠭᠤ ᠨᠣᠮᠯᠠᠯ ᠢ | ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ ᠱᠠᠰᠢᠨ ᠰᠤᠷᠲᠠᠬᠤᠨ ᠤ ᠲᠠᠯᠠᠪᠤᠷ ᠤᠨ | ᠠᠮᠤᠷ ᠲᠦᠪᠰᠢᠨ ᠤ ᠳᠠᠯᠳᠠ ᠭᠡᠮ ᠢ 5 ᠤᠳᠠᠭ᠎ᠠ ᠵᠢᠭᠰᠠᠭᠠᠨ ᠪᠠᠶᠢᠴᠠᠭᠠᠬᠤ ᠶᠢ ᠥᠷᠨᠢᠭᠦᠯᠦᠭᠰᠡᠨ ᠪᠥᠭᠡᠳ ᠱᠠᠰᠢᠨ | ᠰᠤᠷᠲᠠᠬᠤᠨ ᠤ ᠲᠠᠯᠠᠪᠤᠷ ᠢ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠪᠠ᠃ | ︵ᠵᠢᠷᠭᠤᠭ᠎ᠠ︶ ᠬᠦᠴᠦ ᠪᠠᠨ ᠬᠠᠮᠲᠤᠳᠬᠠᠨ ᠬᠢᠷᠢ ᠲᠦᠪᠰᠢᠨ ᠢ ᠠᠳᠬᠤᠵᠤ᠂ ᠠᠮᠢᠳᠤᠯᠢᠭ ᠬᠦᠴᠦᠨ ᠢ | ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | 1. ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃2023 ᠣᠨ ᠤ ᠳᠡᠭᠡᠷ᠎ᠡ | ᠬᠠᠭᠠᠰ ᠵᠢᠯ ᠳᠤ᠂ ︽ᠪᠠᠢ ᠮᠢᠶᠣᠣ ᠽᠢ ᠪᠠᠯᠭᠠᠰᠤᠨ ᠤ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠪᠥᠬᠦ | ᠪᠠᠯᠭᠠᠰᠤᠨ ᠤ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠢ ᠰᠢᠨ᠎ᠡ ᠪᠠᠷ ᠲᠣᠬᠢᠷᠠᠭᠤᠯᠵᠤ᠂ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠮ ᠤᠨ ᠪᠠᠶᠢᠭᠤᠯᠤᠯᠲᠠ ᠪᠠᠷ ᠰᠦᠯᠵᠢᠶᠡᠨ ᠤ ᠠᠵᠢᠯ ᠢ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠦᠯᠵᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠶᠢᠨ ᠬᠠᠮᠲᠤ ᠰᠦᠯᠵᠢᠶᠡᠨ ᠤ ᠠᠵᠢᠯᠲᠠᠨ ᠢ ᠬᠢᠨᠠᠨ ᠵᠢᠯᠤᠭᠤᠳᠴᠤ | ᠬᠢᠨᠠᠨ ᠰᠢᠯᠭᠠᠬᠤ ᠠᠷᠭ᠎ᠠ ᠶᠢ ᠦᠷᠭᠦᠯᠵᠢᠯᠡᠨ ᠨᠠᠷᠢᠯᠢᠭᠵᠢᠭᠤᠯᠵᠤ᠂ ᠰᠦᠯᠵᠢᠶᠡᠨ ᠤ ᠠᠵᠢᠯᠲᠠᠨ ᠤ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠰᠢᠪᠠᠳᠠᠨ ᠱᠠᠭᠠᠷᠳᠠᠵᠤ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠢ | ᠨᠠᠶᠢᠳᠠᠪᠤᠷᠢᠵᠢᠭᠤᠯᠤᠨ᠎ᠠ᠃ | 2. ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ᠮᠠᠨ ᠤ ᠪᠠᠯᠭᠠᠰᠤ | ᠤᠯᠤᠰ ᠲᠦᠷᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ᠂ ᠤᠶᠤᠨ ᠢᠶᠠᠷ | ᠵᠠᠰᠠᠬᠤ︽ᠲᠠᠪᠤ ᠶᠢ ᠭᠦᠨᠵᠡᠭᠡᠢ ᠠᠭᠤᠰᠤᠯᠴᠠᠭᠤᠯᠬᠤ︾ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠬᠦᠴᠦᠨ ᠨᠡᠮᠡᠷᠢᠯᠡᠪᠡ᠃ᠣᠶᠤᠨᠲᠤ ᠴᠠᠭᠠᠨ ᠰᠦᠮ᠎ᠡ ᠶᠢᠨ ᠬᠤᠯᠪᠤᠭᠠᠯᠠᠨ ᠰᠡᠷᠭᠡᠶᠢᠯᠡᠬᠦ ᠬᠤᠯᠪᠤᠭᠠᠯᠠᠨ | ᠡᠵᠡᠮᠳᠡᠬᠦ ᠲᠠᠪᠴᠠᠩ ᠨᠢ ᠳᠡᠯᠭᠡᠴᠡ ᠪᠠᠷ ᠲᠣᠭᠤᠷᠢᠨ ᠴᠠᠭᠳᠠᠬᠤ ᠪᠠᠷ ᠳᠠᠮᠵᠢᠨ ᠪᠦᠬᠦ ᠪᠠᠯᠭᠠᠰᠤᠨ ᠤ ᠨᠡᠶᠢᠭᠡᠮ ᠤᠨ | ᠠᠮᠤᠷ ᠲᠦᠪᠰᠢᠨ ᠢ ᠦᠨᠡᠨᠬᠦ ᠴᠢᠩᠭᠠᠳᠬᠠᠪᠠ︔ᠰᠢᠨ᠎ᠡ ᠴᠠᠭ ᠦᠶ᠎ᠡ ᠶᠢᠨ︽ᠹᠥ᠋ᠩᠴᠢᠶᠤᠤ ᠶᠢᠨ ᠲᠤᠷᠰᠢᠯᠭ᠎ᠠ︾ ᠶᠢ | ᠪᠠᠳᠠᠷᠠᠭᠤᠯᠵᠤ᠂︽ᠨᠠᠶᠢᠮᠠᠨ ᠵᠠᠭᠪᠤᠷ︾ ᠤᠨ ᠡᠯ᠎ᠡ ᠲᠣᠰᠬᠤᠨ ᠳᠤ ᠵᠥᠷᠢᠴᠡᠯ ᠢ ᠡᠶᠡᠳᠡᠭᠦᠯᠬᠦ ᠵᠥᠪᠯᠡᠯ ᠪᠠᠶᠢᠭᠤᠯᠵᠤ᠂ | ᠵᠥᠷᠢᠴᠡᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠠᠷᠭ᠎ᠠ | ᠬᠡᠯᠪᠡᠷᠢ ᠶᠢ ᠢᠳᠡᠪᠬᠢᠲᠡᠢ ᠰᠦᠪᠡᠭᠴᠢᠯᠡᠪᠡ︔ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠢ | ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠲᠠᠢ ᠵᠣᠬᠢᠴᠠᠭᠤᠯᠤᠨ ᠬᠠᠷᠢᠯᠴᠠᠬᠤ ᠶᠢ | ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ᠶᠠᠪᠤᠴᠠ ᠳᠤ᠂ ᠬᠠᠤᠯᠢ ᠴᠠᠭᠠᠵᠠ ᠶᠢᠨ | ᠰᠠᠯᠠᠭ᠎ᠠ ᠮᠥᠴᠢᠷ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠣᠯᠠᠨ ᠲᠦᠮᠡᠨ ᠳᠤ ᠬᠠᠤᠯᠢ ᠴᠠᠭᠠᠵᠠ ᠶᠢᠨ | ᠵᠥᠪᠯᠡᠯᠭᠡ ᠬᠠᠩᠭᠠᠨ᠎ᠠ᠃ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠢᠱᠢᠶ᠎ᠡ ᠦᠵᠡᠭᠦᠯᠬᠦ ᠴᠡᠭ ᠢ | ᠴᠢᠷᠮᠠᠶᠢᠨ ᠪᠠᠶᠢᠭᠤᠯᠵᠤ᠂ ᠮᠠᠨ ᠤ ᠪᠠᠯᠭᠠᠰᠤᠨ ᠤ ᠰᠧ ᠵᠢᠶᠠᠨ ᠹᠠᠩ ᠲᠣᠰᠬᠤᠨ ᠨᠢ ᠳᠤᠮᠳᠠᠳᠤ ᠤᠯᠤᠰ ᠤᠨ ᠴᠢᠮᠡᠭᠡ | ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠳᠠᠬᠢ ᠬᠤᠪᠢᠶᠠᠷᠢ | ᠺᠣᠮᠫᠠᠨᠢ ᠲᠠᠢ︽ᠨᠠᠮ ᠤᠨ ᠪᠠᠶᠢᠭᠤᠯᠤᠯᠲᠠ ᠶᠢᠨ ᠬᠤᠷᠰᠢᠨ ᠴᠣᠭᠴᠠᠯᠠᠬᠤ︾ᠭᠡᠷ᠎ᠡ ᠲᠣᠭᠲᠠᠵᠤ᠂ ᠰᠧ ᠵᠢᠶᠠᠨ ᠹᠠᠩ | ᠲᠣᠰᠬᠤᠨ ᠳᠤ ᠣᠶᠤᠨᠲᠤ ᠬᠥᠳᠡᠭᠡ ᠲᠣᠰᠬᠤᠨ ᠤ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ ᠮᠠᠨ ᠤ ᠪᠠᠯᠭᠠᠰᠤᠨ ᠤ | ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠬᠢᠯᠠᠰ ᠴᠡᠭ ᠢ ᠪᠠᠶᠢᠭᠤᠯᠬᠤ ᠶᠢ ᠴᠢᠨᠠᠭᠰᠢᠳᠠ | ᠠᠬᠢᠭᠤᠯᠵᠠᠢ᠃ | 3.ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠨ᠎ᠠ᠃ᠮᠠᠨ ᠤ | ᠪᠠᠯᠭᠠᠰᠤ ᠸᠢᠴᠠᠲ ᠤᠨ ᠨᠡᠶᠢᠲᠡ ᠶᠢᠨ ᠳ᠋ᠤᠭᠠᠷ ᠢ ᠠᠰᠢᠭᠯᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠲᠤᠰᠬᠠᠢ ᠪᠤᠯᠤᠩ ᠭᠠᠷᠭᠠᠵᠤ᠂ ︽ᠦᠨᠳᠦᠰᠦᠲᠡᠨ ᠤ | ᠠᠵᠢᠯ ᠤᠨ ᠮᠡᠳᠡᠪᠡᠯ ᠵᠣᠬᠢᠨ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ᠳᠤᠮᠳᠠᠳᠤ ᠶᠢᠨ ᠤᠯᠠᠮᠵᠢᠯᠠᠯᠲᠤ ᠰᠣᠶᠣᠯ ᠵᠡᠷᠭᠡ | ᠠᠭᠤᠯᠭ᠎ᠠ ᠶᠢ ᠤᠬᠠᠭᠤᠯᠪᠠ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠶ ᠪᠣᠯᠭᠠᠬᠤ ᠶᠢ ᠠᠬᠢᠭᠤᠯᠬᠤ ᠬᠤᠷᠠᠯ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ | ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ | ᠰᠢᠯᠭᠠᠯᠲᠠ ᠶᠢᠨ ᠠᠵᠢᠯᠯᠠᠭ᠎ᠠ ᠶᠢ ᠵᠣᠬᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯᠯᠠᠭ᠎ᠠ ᠶᠢ ᠠᠬᠢᠭᠤᠯᠬᠤ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠯᠠᠪᠳᠠᠭᠤᠨ ᠦᠨᠳᠦᠰᠦᠲᠡᠨ ᠤ ᠬᠠᠤᠯᠢ ᠪᠠᠷ ᠵᠠᠰᠠᠬᠤ | ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ | ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ︽ᠬᠠᠤᠯᠢ ᠴᠠᠭᠠᠵᠠ ᠶᠢᠨ ᠤᠬᠠᠭᠤᠯᠭ᠎ᠠ ᠶᠢ ᠰᠦᠮ᠎ᠡ ᠳᠤ ᠣᠷᠣᠭᠤᠯᠵᠤ᠂ | ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠰ︾ᠭᠡᠬᠦ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ | ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠱᠠᠰᠢᠨ ᠰᠢᠲᠦᠳᠡᠭ ᠤᠯᠠᠨ | ᠲᠦᠮᠡᠨ ᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠰᠤᠷᠤᠯᠴᠠᠬᠤ᠂ ᠵᠢᠷᠤᠮᠯᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠦᠨᠳᠦᠰᠦᠲᠡᠨ ᠤ ᠪᠦᠯᠬᠦᠮᠳᠡᠯ ᠪᠠ | ᠨᠡᠶᠢᠭᠡᠮ ᠤᠨ ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠪᠠ᠃ | 4. ᠪᠣᠯᠪᠠᠰᠤᠨ ᠰᠢᠨ᠎ᠡ ᠬᠡᠪ ᠰᠤᠷᠲᠠᠯ ᠢ ᠭᠦᠨ ᠪᠣᠶ ᠪᠣᠯᠭᠠᠨ᠎ᠠ᠃︽ᠣᠯᠠᠨ ᠲᠦᠮᠡᠨ ᠢ ᠨᠢᠭᠲᠠᠷᠠᠭᠤᠯᠵᠤ᠂ | ᠣᠯᠠᠨ ᠲᠦᠮᠡᠨ ᠢ ᠬᠥᠲᠥᠯᠥᠨ ᠵᠢᠯᠤᠭᠤᠳᠴᠤ᠂ ᠬᠥᠮᠥᠨ ᠢ ᠰᠣᠶᠣᠯᠵᠢᠭᠤᠯᠵᠤ᠂ ᠬᠡᠪ ᠵᠠᠩᠰᠢᠯ ᠪᠣᠯᠭᠠᠬᠤ︾ ᠪᠠᠷ | ᠬᠠᠷᠠᠯᠲᠠ ᠪᠣᠯᠭᠠᠨ᠂ ᠲᠣᠰᠬᠤᠨ ᠤ ᠳᠦᠷᠢᠮ ᠠᠷᠠᠳ ᠤᠨ ᠭᠡᠷ᠎ᠡ ᠲᠣᠭᠲᠠᠭᠠᠬᠤ ᠪᠠᠷ ᠳᠠᠮᠵᠢᠭᠤᠯᠤᠨ᠂ ᠪᠣᠯᠪᠠᠰᠤᠨ | ᠡᠷᠦᠬᠡ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ᠂ ᠪᠣᠯᠪᠠᠰᠤᠨ ᠭᠡᠷ ᠪᠦᠯᠢ᠂ ᠦᠵᠡᠰᠬᠦᠯᠡᠩᠲᠦ ᠰᠠᠶᠢᠬᠠᠨ | ᠬᠦᠷᠢᠶ᠎ᠡ ᠬᠠᠰᠢᠶ᠎ᠠ ᠶᠢ ᠰᠢᠯᠭᠠᠷᠠᠭᠤᠯᠤᠨ ᠰᠢᠯᠭᠠᠷᠠᠭᠤᠯᠵᠤ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠨ᠎ᠠ᠃ᠴᠠᠭᠠᠨ | ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ | ᠶᠢᠨ ᠠᠷᠪᠠᠨ ᠲᠠᠪᠤᠨ ᠤ ᠪᠠᠶᠠᠷ ᠵᠡᠷᠭᠡ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠲᠤ ᠡᠯᠪᠡᠭ | ᠪᠠᠶᠠᠯᠢᠭ ︽ᠮᠠᠨ ᠤ ᠪᠠᠶᠠᠷ ᠤᠨ ᠡᠳᠦᠷ︾ ᠤᠨ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃49 ᠲᠣᠰᠬᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠤᠯᠠᠨ ᠲᠦᠮᠡᠨ ᠳᠤ ᠤᠨᠤᠯ ᠤᠨ ᠤᠬᠠᠭᠤᠯᠭ᠎ᠠ᠂ | ᠬᠤᠳᠠ ᠶᠢᠨ ᠠᠷᠠᠳ ᠤᠨ ᠰᠤᠷᠭᠠᠨ ᠬᠥᠮᠦᠵᠢᠯ᠂ ᠰᠣᠶᠣᠯ ᠤᠨ ᠠᠵᠢᠯᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠦᠢᠯᠡᠴᠢᠯᠡᠭᠡ ᠬᠠᠩᠭᠠᠵᠤ᠂ ᠭᠡᠷ ᠲᠡᠭᠡᠨ | ᠬᠤᠴᠣᠷᠤᠭᠰᠠᠨ ᠬᠡᠦᠬᠡᠳ᠂ ᠬᠦᠴᠢᠷᠳᠡᠯᠲᠡᠢ ᠤᠯᠠᠨ ᠲᠦᠮᠡᠨ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ | ᠬᠠᠯᠠᠮᠵᠢᠯᠠᠨ ᠬᠠᠶᠢᠷᠠᠯᠠᠬᠤ ᠵᠡᠷᠭᠡ ᠤᠯᠠᠨ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠡᠢ᠃ᠰᠦᠯᠵᠢᠶᠡᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠰᠦᠯᠵᠢᠶᠡᠨ ᠤ | ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠥᠨ ᠵᠢᠯᠤᠭᠤᠳᠴᠤ᠂ ᠰᠢᠨ᠎ᠡ ᠪᠠᠶᠢᠳᠠᠯ ᠳᠤ ᠲᠠᠰᠤᠷᠠᠯᠲᠠ ᠦᠭᠡᠢ | ᠵᠣᠬᠢᠴᠠᠬᠤ᠂ ᠰᠢᠨ᠎ᠡ ᠪᠠᠶᠢᠳᠠᠯ ᠢ ᠰᠤᠳᠤᠯᠬᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ᠂ ᠰᠢᠨ᠎ᠡ ᠲᠤᠷᠰᠢᠯᠭ᠎ᠠ ᠶᠢ | ᠳ᠋ᠦᠩᠨᠡᠬᠦ ᠪᠦᠲᠦᠮᠵᠢᠲᠡᠶ ᠠᠷᠭ᠎ᠠ ᠵᠠᠮ ᠪᠠ ᠠᠷᠭ᠎ᠠ ᠶᠢ ᠠᠪᠴᠤ᠂ ᠣᠲᠣ ᠪᠣᠯᠲᠠᠯ᠎ᠠ᠂ ᠪᠠᠢ ᠮᠢᠶᠣᠣ ᠽᠢ ᠪᠠᠯᠭᠠᠰᠤᠨ ᠤ | ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠳᠤ ᠨᠡᠶᠢᠲᠡ 126 ᠵᠤᠷᠪᠤᠰ ᠤᠬᠠᠭᠤᠯᠭ᠎ᠠ ᠶᠢᠨ ᠮᠡᠳᠡᠭᠡ ᠵᠠᠩᠭᠢ | ᠨᠡᠶᠢᠲᠡᠯᠡᠵᠦ᠂ ᠬᠠᠮ ᠵᠠᠭᠤᠴᠢᠯᠠᠭᠤᠷ ᠤᠨ ᠨᠤᠲᠤᠭ ᠤᠨ ᠵᠡᠭᠦᠨᠲᠡᠨ᠂ ᠬᠥᠬᠡᠬᠤᠲᠠ ᠶᠢᠨ ᠡᠳᠦᠷ ᠤᠨ ᠰᠣᠨᠢᠨ᠂ ᠵᠢᠦᠢ | ᠬᠤ ᠬᠤᠲᠠ ᠵᠡᠷᠭᠡ ᠳᠡᠭᠡᠳᠦ ᠱᠠᠲᠤᠨ ᠤ ᠣᠯᠠᠨ ᠵᠠᠭᠤᠴᠢᠯᠠᠭᠤᠷ ᠤᠨ ᠬᠢᠨ ᠮᠠᠨ ᠤ ᠪᠠᠯᠭᠠᠰᠤᠨ ᠤ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠵᠦ ᠪᠠᠶᠢᠨ᠎ᠠ᠃ | 5.ᠦᠨᠳᠦᠰᠦᠨ ᠱᠠᠲᠤᠨ ᠤ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ᠮᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠤᠰᠬᠠᠢ ᠪᠣᠯᠪᠠᠰᠤᠷᠠᠭᠤᠯᠤᠯ ᠢ 2 ᠤᠳᠠᠭ᠎ᠠ ᠥᠷᠨᠢᠭᠦᠯᠵᠦ᠂ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠬᠠᠤᠯᠢ ᠴᠠᠭᠠᠵᠠ ᠬᠠᠤᠯᠢ ᠲᠣᠭᠲᠠᠭᠠᠯ ᠤᠨ ᠳᠦᠷᠢᠮ ᠤᠨ ᠡᠮᠬᠢᠳᠬᠡᠯ︾ ᠢ ᠨᠠᠶᠢᠷᠠᠭᠤᠯᠤᠨ ᠵᠣᠬᠢᠶᠠᠵᠤ᠂ 5 ᠤᠳᠠᠭ᠎ᠠ | ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠨᠠᠷ ᠰᠠᠶᠢᠲᠠᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ 3 ᠬᠤᠪᠢ ᠪᠦᠷᠢᠯᠳᠦᠭᠦᠯᠵᠦ᠂ ᠮᠠᠨ ᠤ ᠪᠠᠯᠭᠠᠰᠤᠨ ᠤ ᠠᠵᠤ | ᠦᠢᠯᠡᠰ ᠤᠨ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠵᠤ᠂ ᠳᠡᠭᠡᠷ᠎ᠡ ᠬᠠᠭᠠᠰ ᠵᠢᠯ ᠳᠤ ᠴᠡᠭ ᠲᠤ ᠣᠷᠣᠬᠤ | ᠠᠵᠢᠯᠯᠠᠭ᠎ᠠ ᠳᠤ ᠣᠷᠣᠯᠴᠠᠭᠰᠠᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠨᠡᠶᠢᠳᠡ 68 ᠬᠥᠮᠥᠨ ᠤᠳᠠᠭ᠎ᠠ ᠳᠤ ᠬᠦᠷᠴᠦ᠂ ᠰᠣᠩᠭᠤᠭᠤᠯᠢ ᠶᠢᠨ ᠠᠷᠠᠳ ᠢ ᠨᠡᠶᠢᠳᠡ 37 ᠬᠥᠮᠥᠨ | ᠤᠳᠠᠭ᠎ᠠ ᠬᠦᠯᠢᠶᠡᠨ ᠠᠪᠴᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ 5 ᠬᠤᠪᠢ ᠰᠢᠢᠳᠪᠦᠷᠢᠯᠡᠪᠡ᠃ | | | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | | | ᠣᠳᠣᠬᠠᠨ ᠳᠤ᠂ ᠮᠠᠨ ᠤ ᠪᠠᠯᠭᠠᠰᠤᠨ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠨᠢ ᠨᠠᠮ ᠤᠨ | ᠪᠠᠶᠢᠭᠤᠯᠤᠯᠲᠠ ᠶᠢᠨ ᠲᠠᠯ᠎ᠠ ᠳᠤ ᠪᠤᠢ᠄ ᠨᠢᠭᠡ ᠳᠤ ᠲᠤᠷᠰᠢᠯᠭ᠎ᠠ ᠪᠠᠨ ᠳ᠋ᠦᠩᠨᠡᠵᠦ᠂ ᠣᠨᠴᠠᠯᠢᠭᠲᠤ ᠬᠢᠯᠠᠰ ᠴᠡᠭ ᠢ | ᠪᠣᠯᠪᠠᠰᠤᠷᠠᠭᠤᠯᠬᠤ ᠲᠦᠪᠰᠢᠨ ᠥᠨᠳᠥᠷ ᠪᠢᠰᠢ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠬᠦ ᠶᠢᠨ ᠠᠷᠭ᠎ᠠ | ᠦᠭᠡᠢ᠂ ᠬᠤᠶᠠᠷ ᠲᠤ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠴᠢᠩᠭᠠᠳᠬᠠᠬᠤ ᠴᠢᠬᠤᠯᠠᠲᠠᠢ ᠪᠠᠶᠢᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠰᠤᠷᠤᠯᠴᠠᠯᠭ᠎ᠠ᠂ ᠪᠣᠯᠪᠠᠰᠤᠷᠠᠯ ᠤᠨ ᠠᠵᠢᠯᠯᠠᠭ᠎ᠠ ᠨᠡᠯᠢᠶᠡᠳ ᠴᠥᠭᠡᠨ ᠪᠠᠶᠢᠨ᠎ᠠ᠃ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ᠄ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠥᠭᠵᠢᠯᠲᠡ ᠶᠢᠨ ᠳᠠᠷᠤᠯᠲᠠ ᠨᠡᠯᠢᠶᠡᠳ ᠶᠡᠭᠡ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠴᠢᠩᠭ᠎ᠠ | ᠪᠢᠰᠢ᠂ ᠠᠵᠤ ᠦᠢᠯᠡᠰ ᠤᠨ ᠬᠡᠯᠬᠢᠶ᠎ᠡ ᠬᠠᠷᠢᠴᠠᠩᠭᠤᠢ ᠣᠬᠤᠷ᠂ ᠠᠵᠤ ᠦᠢᠯᠡᠰ ᠤᠨ ᠠᠭᠤᠰᠤᠯᠴᠠᠯ ᠤᠨ ᠬᠡᠮᠵᠢᠶ᠎ᠡ | ᠥᠨᠳᠥᠷ ᠪᠢᠰᠢ᠂ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ ᠦᠭᠡᠢ ᠪᠠᠶᠢᠨ᠎ᠠ᠃ᠬᠤᠶᠠᠷ ᠲᠤ᠂ ᠤᠯᠠᠮᠵᠢᠯᠠᠯᠲᠤ | ᠡᠯᠧᠮᠧᠨ᠋ᠲ ᠤᠨ ᠣᠷᠣᠭᠤᠯᠤᠯᠲᠠ ᠳᠤ ᠲᠦᠰᠢᠭᠯᠡᠬᠦ ᠨᠢ ᠥᠨᠳᠥᠷ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ | ᠳᠣᠣᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠤᠷᠮ᠎ᠠ ᠥᠨᠳᠥᠷ ᠪᠢᠰᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠡᠷᠡᠭᠰᠡᠬᠦ ᠴᠢᠳᠠᠪᠤᠷᠢᠲᠠᠨ ᠤ ᠬᠠᠩᠭᠠᠯᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ | ᠣᠷᠣᠰᠢᠵᠤ ᠪᠠᠶᠢᠨ᠎ᠠ᠃ᠦᠵᠡᠰᠬᠦᠯᠡᠩᠲᠦ ᠰᠠᠶᠢᠬᠠᠨ ᠠᠮᠤᠷ ᠠᠮᠤᠭᠤᠯᠠᠩ ᠰᠢᠶᠠᠩ ᠪᠠᠯᠭᠠᠰᠤ ᠶᠢ ᠪᠦᠲᠦᠭᠡᠨ ᠪᠠᠶᠢᠭᠤᠯᠬᠤ | ᠲᠠᠯ᠎ᠠ ᠪᠠᠷ᠂ ᠨᠢᠭᠡ ᠳᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠬᠠᠷᠠᠬᠠᠨ ᠪᠦᠷᠢᠮᠦᠰᠦᠨ ᠪᠦᠷᠢᠯᠳᠦᠭᠦᠯᠦᠭᠡᠳᠦᠢ᠂ ᠲᠣᠰᠬᠤᠨ ᠤ ᠠᠷᠠᠳ ᠤᠨ ᠡᠷᠡᠭᠦᠯ ᠬᠠᠮᠠᠭᠠᠯᠠᠯ ᠤᠨ | ᠤᠬᠠᠮᠰᠠᠷ ᠪᠠᠰᠠ ᠨᠡᠯᠢᠶᠡᠳ ᠪᠠᠭᠤᠷᠠᠢ ᠪᠠᠶᠢᠵᠤ᠂ ᠡᠳᠦᠷ ᠲᠤᠳᠤᠮ ᠤᠨ ᠬᠠᠮᠢᠶᠠᠷᠴᠤ ᠬᠠᠮᠠᠭᠠᠯᠠᠬᠤ ᠳᠠᠷᠤᠯᠲᠠ ᠨᠡᠯᠢᠶᠡᠳ | ᠶᠡᠭᠡ ᠪᠠᠶᠢᠨ᠎ᠠ᠃ᠬᠤᠶᠠᠷ ᠲᠤ ᠲᠣᠰ ᠵᠢᠯ ᠤᠨ ᠪᠠᠷᠢᠯᠭ᠎ᠠ ᠶᠢᠨ ᠫᠷᠤᠭ᠍ᠷᠡᠮ ᠨᠡᠯᠢᠶᠡᠳ ᠣᠯᠠᠨ ᠪᠠᠶᠢᠵᠤ᠂ ᠭᠠᠵᠠᠷ | ᠰᠢᠷᠣᠢ ᠶᠢ ᠡᠷᠭᠢᠯᠲᠡ ᠳᠤ ᠣᠷᠣᠭᠤᠯᠬᠤ᠂ ᠭᠠᠵᠠᠷ ᠰᠢᠷᠣᠢ ᠶᠢ ᠬᠡᠪ ᠤᠨ ᠪᠠᠶᠢᠳᠠᠯ ᠢᠶᠠᠷ ᠲᠠᠲᠠᠪᠤᠷᠢᠯᠠᠬᠤ᠂ | ᠲᠠᠲᠠᠪᠤᠷᠢᠯᠠᠨ ᠨᠡᠭᠦᠯᠭᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠠᠴᠠ ᠪᠣᠯᠤᠭᠰᠠᠨ | ᠵᠥᠷᠢᠴᠡᠯ ᠨᠡᠯᠢᠶᠡᠳ ᠣᠯᠠᠨ ᠪᠠᠶᠢᠵᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠳᠠᠷᠤᠯᠲᠠ ᠨᠡᠯᠢᠶᠡᠳ | ᠶᠡᠭᠡ ᠪᠠᠶᠢᠨ᠎ᠠ᠃ᠭᠤᠷᠪᠠ ᠳᠤ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠪᠠ | ᠰᠢᠢᠳᠪᠦᠷᠢᠯᠡᠬᠦ ᠴᠢᠳᠠᠪᠤᠷᠢ ᠪᠠᠰᠠ ᠲᠡᠶᠢᠮᠦ ᠥᠨᠳᠥᠷ ᠪᠢᠰᠢ᠂ ᠰᠢᠢᠳᠪᠦᠷᠢᠯᠡᠬᠦ ᠶᠠᠪᠤᠴᠠ ᠳᠤ ᠠᠷᠭ᠎ᠠ ᠬᠡᠮᠵᠢᠶ᠎ᠡ ᠨᠢ | ᠨᠡᠯᠢᠶᠡᠳ ᠴᠥᠭᠡᠨ ᠪᠠᠶᠢᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ᠂ | ᠬᠠᠤᠯᠢ ᠪᠠᠷ ᠵᠠᠰᠠᠬᠤ ᠵᠠᠬᠢᠳᠠᠯ ᠰᠣᠷᠪᠤᠯᠵᠢᠯᠠᠭ᠎ᠠ ᠶᠢᠨ ᠤᠬᠠᠭᠤᠯᠭ᠎ᠠ ᠶᠢᠨ ᠡᠷᠴᠢᠮ ᠬᠦᠷᠦᠯᠴᠡᠬᠦ ᠦᠭᠡᠢ ᠪᠠᠶᠢᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ᠄ ᠨᠢᠭᠡ ᠳᠤ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠲᠣᠰ ᠪᠡᠶ᠎ᠡ ᠶᠢᠨ ᠣᠨᠴᠠᠯᠢᠭ ᠢ ᠠᠭᠤᠳᠠᠯᠤᠭᠰᠠᠨ ᠢᠶᠠᠷ ᠬᠦᠷᠦᠯᠴᠡᠬᠦ ᠦᠭᠡᠢ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ ᠳ᠋ᠦᠩᠨᠡᠭᠰᠡᠨ ᠢᠶᠠᠷ ᠬᠦᠷᠦᠯᠴᠡᠬᠦ ᠦᠭᠡᠢ᠂ ᠪᠠᠢ ᠮᠢᠶᠣᠣ ᠽᠢ ᠪᠠᠯᠭᠠᠰᠤᠨ ᠤ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠯᠠᠰ ᠴᠡᠭ ᠢ ᠪᠣᠶ ᠪᠣᠯᠭᠠᠵᠤ ᠪᠦᠲᠦᠭᠡᠨ ᠪᠠᠶᠢᠭᠤᠯᠬᠤ ᠬᠢᠷᠢ ᠲᠦᠪᠰᠢᠨ | ᠥᠨᠳᠥᠷ ᠪᠢᠰᠢ ᠪᠠᠶᠢᠨ᠎ᠠ᠃ᠬᠤᠶᠠᠷ ᠲᠤ ᠳᠡᠭᠡᠷ᠎ᠡ ᠬᠠᠭᠠᠰ ᠵᠢᠯ ᠳᠤ ᠳᠡᠭᠡᠳᠦ ᠱᠠᠲᠤᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ ᠪᠥᠬᠦ ᠪᠠᠯᠭᠠᠰᠤᠨ ᠤ ᠰᠦᠯᠵᠢᠶᠡᠨ ᠤ ᠲᠠᠰᠤᠯᠪᠤᠷᠢ ᠶᠢ ᠰᠢᠨ᠎ᠡ ᠪᠠᠷ ᠬᠤᠪᠢᠶᠠᠷᠢᠯᠠᠵᠤ᠂ | ᠲᠤᠰᠬᠠᠢ ᠲᠤᠰᠢᠶᠠᠯᠲᠤ ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠢ ᠬᠢᠨᠠᠨ ᠰᠢᠯᠭᠠᠬᠤ ᠬᠠᠮᠢᠶᠠᠷᠤᠯᠲᠠ ᠶᠢᠨ | ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ᠭᠤᠷᠪᠠ ᠳᠤ ᠤᠬᠠᠭᠤᠯᠭ᠎ᠠ ᠶᠢᠨ ᠠᠵᠢᠯ | ᠨᠢ ᠮᠥᠨ ᠯᠡ ᠤᠯᠠᠮᠵᠢᠯᠠᠯᠲᠤ ᠠᠷᠭ᠎ᠠ ᠬᠢᠳᠡᠯ ᠳᠡᠭᠡᠷ᠎ᠡ ᠪᠠᠨ ᠵᠣᠭᠰᠣᠩᠭᠢᠷᠠᠵᠤ᠂ ᠤᠯᠠᠨ ᠲᠦᠮᠡᠨ ᠤ ᠤᠶᠤᠨ ᠤ ᠪᠠ | ᠰᠣᠶᠣᠯ ᠤᠨ ᠬᠡᠷᠡᠭᠴᠡᠭᠡ ᠶᠢ ᠲᠤᠭᠤᠷᠠᠲᠠᠯ᠎ᠠ ᠣᠶᠢᠯᠠᠭᠠᠬᠤ ᠦᠭᠡᠢ᠂ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠭᠦᠨᠵᠡᠭᠡᠢ | ᠥᠷᠨᠢᠭᠦᠯᠦᠭᠰᠡᠨ ᠢᠶᠠᠷ ᠬᠦᠷᠦᠯᠴᠡᠬᠦ ᠦᠭᠡᠢ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠡᠯᠪᠡᠷᠢ ᠨᠢ ᠪᠠᠰᠠ | ᠨᠡᠯᠢᠶᠡᠳ ᠳᠠᠩ ᠴᠤᠯᠭᠤᠢ ᠪᠠᠶᠢᠨ᠎ᠠ᠃ | | | ᠭᠤᠷᠪᠠ᠂ 2023 ᠣᠨ ᠤ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ | | | ︵ᠨᠢᠭᠡ︶ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ︔ | ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠨᠠᠮ ᠤᠨ | ᠠᠵᠢᠯ ᠤᠨ ᠠᠵᠢᠯᠲᠠᠳ ᠲᠤ ᠰᠢᠰᠲ᠋ᠧᠮ ᠲᠠᠢ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠢ︔ᠲᠤᠷᠤᠢ | ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠡᠭᠴᠡᠯᠡᠵᠦ᠂ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ;ᠤᠯᠠᠨ ᠲᠠᠯ᠎ᠠ ᠪᠠᠷ ᠪᠡᠯᠡ ᠮᠥᠩᠭᠦ | ᠴᠤᠭᠯᠠᠭᠤᠯᠵᠤ᠂ ᠰᠠᠭᠤᠷᠢ ᠪᠠᠲᠤᠯᠠᠭ᠎ᠠ ᠶᠢ ᠴᠢᠩᠭᠠᠳᠬᠠᠵᠤ᠂ ᠲᠣᠰᠬᠤᠨ ᠤ ᠳᠡᠰ ᠤᠨ ᠵᠢᠭᠰᠠᠭᠠᠯ ᠤᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠬᠢᠵᠢᠭᠦᠯᠦᠨ᠎ᠡ᠃ | ︵ᠬᠤᠶᠠᠷ︶ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠨᠢᠭᠡ ᠳᠤ ᠲᠠᠷᠢᠶᠠᠯᠠᠩ ᠤᠨ ᠨᠠᠮᠤᠷ ᠤᠨ ᠤᠯᠠᠷᠢᠯ ᠤᠨ ᠬᠠᠳᠤᠵᠤ ᠬᠤᠷᠢᠶᠠᠬᠤ᠂ ᠡᠰᠢ ᠰᠦᠷᠡᠯ ᠢ ᠲᠠᠷᠢᠶᠠᠨ ᠠᠴᠠ | ᠰᠠᠯᠭᠠᠬᠤ ᠵᠡᠷᠭᠡ ᠠᠵᠢᠯ ᠢ ᠠᠩᠬᠠᠷᠴᠤ᠂ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠮᠠᠰᠢᠨ ᠤ | ᠦᠢᠯᠡᠴᠢᠯᠡᠭᠡ ᠲᠠᠢ ᠬᠠᠷᠢᠯᠴᠠᠭᠤᠯᠵᠤ᠂ ᠪᠣᠷᠣᠯᠠᠭᠤᠯᠬᠤ ᠠᠷᠭ᠎ᠠ ᠵᠠᠮ ᠢ ᠨᠢ ᠥᠷᠭᠡᠳᠬᠡᠨ᠂ ᠲᠠᠷᠢᠮᠠᠯ ᠤᠨ ᠦᠢᠯᠡᠰ ᠤᠨ | ᠣᠷᠣᠯᠭ᠎ᠠ ᠶᠢ ᠨᠢ ᠳᠡᠭᠡᠭᠰᠢᠯᠡᠭᠦᠯᠵᠦ᠂ ᠢᠳᠡᠰᠢᠨ ᠲᠠᠬᠢᠶ᠎ᠠ᠂ ᠠᠮᠢᠳᠤ ᠭᠠᠭ᠋ᠠᠢ᠂ ᠰᠠᠭᠠᠯᠢ ᠶᠢᠨ ᠦᠨᠢᠶ᠎ᠡ ᠶᠢᠨ | ᠭᠤᠣᠯᠳᠠᠯᠭ᠎ᠠ ᠲᠠᠢ ᠠᠵᠤ ᠦᠢᠯᠡᠰ ᠢ ᠲᠣᠪᠣᠶᠢᠮ᠎ᠠ ᠰᠠᠶᠢᠲᠤᠷ ᠠᠳᠬᠤᠵᠤ᠂ ᠲᠡᠵᠢᠭᠡᠨ ᠦᠷᠡᠵᠢᠭᠦᠯᠬᠦ ᠦᠢᠯᠡᠰ ᠤᠨ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠣᠷᠣᠨ ᠪᠦᠰᠡᠴᠢᠯᠡᠭᠰᠡᠨ ᠬᠥᠭᠵᠢᠯᠲᠡ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠲᠠᠷᠢᠶᠠᠯᠠᠩ ᠤᠨ ᠵᠦᠢᠯᠡᠰ ᠤᠨ ᠣᠷᠣᠭᠤᠯᠤᠯᠲᠠ ᠶᠢ ᠴᠢᠩᠭᠠᠳᠬᠠᠵᠤ᠂ ᠡᠯ᠎ᠡ ᠲᠣᠰᠬᠤᠨ ᠳᠤ ︽ᠨᠢᠭᠡ | ᠭᠠᠴᠠᠭ᠎ᠠ ᠨᠢᠭᠡ ᠪᠦᠲᠦᠭᠡᠭᠳᠡᠬᠦᠨ︾ ᠢ ᠲᠦᠷᠭᠡᠪᠴᠢᠯᠡᠨ ᠪᠤᠢ ᠪᠣᠯᠭᠠᠨ᠎ᠠ᠃ᠬᠤᠶᠠᠷ ᠲᠤ ᠣᠷᠳᠣ ᠬᠤᠭᠤᠴᠠᠭ᠎ᠠ ᠪᠠᠷ | ᠳᠠᠮᠵᠢᠭᠤᠯᠤᠨ ᠢᠯᠴᠢ ᠬᠠᠩᠭᠠᠬᠤ᠂ ᠣᠷᠳᠣ ᠬᠤᠭᠤᠴᠠᠭ᠎ᠠ ᠪᠠᠷ ᠳᠠᠮᠵᠢᠭᠤᠯᠤᠨ ᠳᠠᠬᠢᠯᠲᠠ ᠤᠰᠤᠨ ᠤ ᠫᠷᠤᠭ᠍ᠷᠡᠮ ᠢ | ᠦᠷᠭᠦᠯᠵᠢᠯᠡᠨ ᠳᠠᠭᠠᠵᠤ᠂ ᠭᠠᠵᠠᠷ ᠰᠢᠷᠣᠢ ᠶᠢ ᠡᠭᠡᠭᠦᠯᠦᠨ ᠪᠥᠭᠯᠡᠬᠦ᠂ ᠤᠰᠤ ᠠᠷᠪᠢᠯᠠᠬᠤ ᠤᠰᠤᠯᠠᠯᠲᠠ ᠶᠢᠨ | ᠬᠤᠭᠤᠯᠠᠢ ᠶᠢᠨ ᠲᠣᠣᠷ ᠢ ᠰᠡᠯᠪᠢᠨ ᠵᠠᠰᠠᠬᠤ᠂ ᠥᠨᠴᠥᠭ ᠪᠤᠯᠤᠩ ᠢ ᠪᠦᠷᠢᠳᠬᠡᠬᠦ ᠵᠡᠷᠭᠡ ᠠᠵᠢᠯ ᠢ ᠰᠠᠶᠢᠲᠤᠷ ᠬᠢᠨ᠎ᠡ︔ | ᠰᠢᠨ᠎ᠡ ᠨᠢᠰᠬᠡᠯ ᠤᠨ ᠪᠠᠭᠤᠳᠠᠯ ᠤᠨ ᠬᠡᠲᠦ ᠥᠨᠳᠥᠷ ᠳᠠᠷᠤᠯᠲᠠᠲᠤ ᠭᠠᠵᠠᠷ ᠰᠢᠷᠣᠢ ᠲᠠᠲᠠᠪᠤᠷᠢᠯᠠᠬᠤ ᠫᠷᠤᠭ᠍ᠷᠡᠮ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠴᠢ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠣᠯᠭᠤᠬᠤ | ᠠᠵᠢᠯ ᠢ ᠰᠠᠶᠢᠲᠤᠷ ᠬᠢᠨ᠎ᠡ︔ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠶᠡᠭᠡ | ᠬᠠᠷ᠎ᠠ ᠭᠤᠣᠯ ᠤᠨ ᠥᠩᠭᠡᠨ ᠲᠠᠯ᠎ᠠ ᠶᠢᠨ ᠴᠡᠴᠡᠭ ᠤᠨ ᠲᠡᠯᠡᠶ ᠶᠢᠨ ᠦᠵᠡᠮᠵᠢ ᠶᠢᠨ ᠫᠷᠤᠭ᠍ᠷᠡᠮ ᠢ ᠪᠣᠶ ᠪᠣᠯᠭᠠᠵᠤ᠂ | ᠠᠵᠢᠯ ᠰᠠᠭᠠᠲᠠᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ᠭᠤᠷᠪᠠ ᠳᠤ᠂ ᠡᠵᠡᠩᠨᠡᠯᠲᠡ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠤᠯᠠ ᠪᠠᠶᠢᠬᠤ ᠭᠠᠵᠠᠷ ᠰᠢᠷᠣᠢ ᠶᠢᠨ | ᠲᠥᠯᠦᠪᠵᠢᠭᠦᠯᠭᠡ ᠶᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ | ᠡᠯ᠎ᠡ ᠲᠦᠷᠦᠯ ᠤᠨ ᠫᠷᠤᠭ᠍ᠷᠡᠮ ᠢ ᠲᠦᠷᠭᠡᠳᠬᠡᠨ ᠨᠠᠶᠢᠳᠠᠪᠤᠷᠢᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ︵ᠭᠤᠷᠪᠠ︶ ᠦᠵᠡᠰᠬᠦᠯᠡᠩᠲᠦ ᠰᠠᠶᠢᠬᠠᠨ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ | ᠨᠢᠭᠡ ᠳᠤ ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠭᠤᠣᠯ ᠤᠨ ᠵᠠᠮ᠂ ᠣᠶᠢᠲᠤ ᠭᠠᠵᠠᠷ᠂ ᠲᠠᠷᠢᠶᠠᠨ ᠭᠠᠵᠠᠷ ᠢ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠠᠷᠠᠳ ᠤᠨ ᠠᠭᠠᠷ ᠤᠨ ᠰᠡᠷᠭᠡᠶᠢᠯᠡᠯᠲᠡ + | ᠮᠡᠷᠭᠡᠵᠢᠯ ᠤᠨ ᠰᠡᠷᠭᠡᠶᠢᠯᠡᠯᠲᠡ︾ ᠶᠢᠨ ᠠᠷᠭ᠎ᠠ ᠪᠠᠷᠢᠯ ᠢ ᠬᠡᠷᠡᠭᠯᠡᠨ᠂ ᠣᠷᠴᠢᠨ ᠠᠬᠤᠢ ᠶᠢᠨ ᠬᠠᠮᠠᠭᠠᠯᠠᠯᠲᠠ ᠶᠢᠨ | ᠬᠦᠷᠢᠶᠡᠨ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ᠬᠤᠶᠠᠷ ᠲᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ 2023 ᠣᠨ ᠤ ᠳᠣᠣᠷ᠎ᠠ ᠬᠠᠭᠠᠰ | ᠵᠢᠯ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ | ᠥᠭᠡᠷᠡᠴᠢᠯᠡᠬᠦ︾ ᠢᠨᠵᠧᠨᠧᠷᠢᠩ ᠤᠨ ᠫᠷᠤᠭ᠍ᠷᠡᠮ ᠢ ᠪᠡᠶᠡᠯᠡᠭᠦᠯᠵᠦ᠂ ᠱᠠᠭᠠᠷᠳᠠᠯᠭ᠎ᠠ ᠶᠣᠰᠣᠭᠠᠷ ᠡᠷᠦᠬᠡ ᠶᠢᠨ ᠵᠣᠷᠯᠣᠩ ᠢ | ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠦᠵᠡᠮᠵᠢ ᠶᠢᠨ ᠵᠠᠮ᠂ ᠤᠰᠤ ᠬᠠᠩᠭᠠᠬᠤ ᠤᠰᠤ ᠵᠠᠯᠠᠬᠤ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠵᠢᠴᠢ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠬᠦᠷᠢᠶᠡᠯᠡᠩ | ᠲᠣᠭᠤᠷᠢᠭ ᠵᠡᠷᠭᠡ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠴᠢᠳᠠᠮᠵᠢ ᠶᠢ | ᠲᠡᠭᠦᠯᠳᠡᠷᠵᠢᠭᠦᠯᠦᠨ᠎ᠡ᠃ᠭᠤᠷᠪᠠ ᠳᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠵᠡᠭᠡᠯᠢ | ᠭᠤᠳᠤᠮᠵᠢ᠂ ᠭᠤᠳᠤᠮᠵᠢ ᠵᠡᠷᠭᠡ ᠣᠷᠴᠢᠨ ᠲᠣᠭᠤᠷᠢᠨ ᠤ ᠦᠯᠦ ᠣᠨᠣᠭᠳᠠᠬᠤ ᠭᠠᠵᠠᠷ ᠢ ᠲᠥᠪᠯᠡᠷᠡᠭᠦᠯᠦᠨ ᠴᠡᠭᠴᠡᠯᠡᠨ | ᠵᠠᠰᠠᠵᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠬᠤᠷᠢᠭᠯᠠᠵᠤ᠂ | ᠡᠯ᠎ᠡ ᠲᠣᠰᠬᠤᠨ ᠢ ᠦᠷᠭᠦᠯᠵᠢᠯᠡᠨ ᠵᠣᠬᠢᠶᠠᠨ ᠪᠠᠶᠢᠭᠤᠯᠵᠤ ᠬᠤᠭ ᠨᠣᠪᠰᠢ ᠶᠢ ᠴᠡᠪᠡᠷᠯᠡᠬᠦ ᠵᠢᠴᠢ ᠴᠠᠭᠠᠨ ᠥᠩᠭᠡᠲᠦ | ᠬᠤᠭ ᠨᠣᠪᠰᠢ ᠲᠡᠭᠦᠬᠦ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠲᠡᠰ | ᠳᠠᠷᠠᠭᠠᠯᠠᠯ ᠶᠣᠰᠣᠭᠠᠷ ᠭᠤᠷᠪᠠᠳᠠᠭᠢ ᠡᠲᠡᠭᠡᠳ ᠤᠨ ᠺᠣᠮᠫᠠᠨᠢ ᠶᠢ ᠣᠷᠣᠭᠤᠯᠤᠨ ᠠᠪᠴᠢᠷᠠᠵᠤ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠎ᠠ᠃ | ︵ᠳᠥᠷᠪᠡ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠎ᠠ | ᠨᠢᠭᠡ ᠳᠤ᠂ ᠦᠨᠳᠦᠰᠦᠨ ᠵᠦᠢᠯ ᠢ ᠪᠠᠲᠤᠯᠠᠬᠤ ᠡᠯ᠎ᠡ ᠵᠦᠢᠯ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ | ᠪᠠᠲᠤᠯᠠᠬᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠢ ᠤᠯᠠᠨ ᠲᠦᠮᠡᠨ ᠤ | ᠠᠮᠢᠳᠤᠷᠠᠯ ᠤᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠬᠠᠮᠲᠤ ᠭᠤᠷᠪᠠᠳᠤᠭᠠᠷ᠂ ᠳᠥᠷᠪᠡᠳᠦᠭᠡᠷ | ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠡᠯ᠎ᠡ | ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠠᠯᠠᠭᠴᠢ ᠳᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠨ᠎ᠠ᠃ᠬᠤᠶᠠᠷ ᠲᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ | 56 ᠡᠷᠦᠬᠡ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠢ ᠴᠡᠭᠴᠡᠯᠡᠨ ᠵᠠᠰᠠᠵᠤ ᠳ᠋ᠤᠭᠠᠷ ᠢ ᠨᠢ ᠬᠠᠰᠤᠬᠤ ᠠᠵᠢᠯ ᠢ | ᠰᠠᠶᠢᠲᠤᠷ ᠬᠢᠵᠦ᠂ ᠭᠤᠶᠤᠴᠢᠯᠠᠨ ᠮᠡᠳᠡᠭᠦᠯᠦᠭᠰᠡᠨ ᠬᠥᠳᠡᠭᠡ ᠲᠣᠰᠬᠤᠨ ᠤ 12 ᠡᠷᠦᠬᠡ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ | ᠲᠦᠪᠰᠢᠨ ᠢ ᠦᠨᠡᠨ ᠬᠦ ᠪᠠᠲᠤᠯᠠᠪᠠ᠃ᠭᠤᠷᠪᠠ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ | ᠭᠠᠵᠠᠷ︵ᠦᠷᠳᠡᠭᠡ︶ ᠤᠨ ᠴᠢᠳᠠᠪᠬᠢ ᠶᠢ ᠴᠢᠨᠠᠭᠰᠢᠳᠠ ᠪᠠᠳᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠣᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ | ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠦᠨ᠎ᠡ᠃ | ︵ᠲᠠᠪᠤ︶ ᠠᠶᠤᠯ ᠢ ᠠᠷᠢᠯᠭᠠᠬᠤ ᠠᠶᠤᠯ ᠢ ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠬᠡᠷᠡᠭᠲᠡᠢ | ᠨᠢᠭᠡ ᠳᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠶᠢᠨ ᠡᠷᠴᠢᠮ ᠪᠣᠯᠣᠨ ᠬᠠᠤᠯᠢ ᠴᠠᠭᠠᠵᠠ | ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠤ ᠠᠶᠤᠯ | ᠦᠭᠡᠢ ᠶᠢᠨ ᠦᠵᠡᠯ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ ᠤᠨ ᠠᠶᠤᠯ ᠦᠭᠡᠢ | ᠦᠢᠯᠡᠳᠪᠦᠷᠢᠯᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠬᠢᠨᠠᠨ ᠬᠠᠮᠢᠶᠠᠷᠴᠤ | ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠥᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠶᠤᠯ ᠦᠭᠡᠢ ᠶᠢᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠤᠶᠠᠷ ᠲᠤ᠂ ᠭᠠᠯ ᠰᠡᠷᠭᠡᠶᠢᠯᠡᠬᠦ ᠦᠶᠡᠷ ᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠲᠦᠷᠦᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠡᠳ᠋ | ᠪᠣᠳᠠᠰ ᠪᠠ ᠲᠤᠨᠤᠭ ᠲᠥᠬᠦᠭᠡᠷᠦᠮᠵᠢ ᠶᠢ ᠭᠦᠢᠴᠡᠳ ᠨᠥᠬᠦᠪᠦᠷᠢᠯᠡᠨ ᠭᠦᠢᠴᠡᠳ ᠪᠡᠯᠡᠳᠬᠡᠵᠦ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ᠦᠶᠡᠷ ᠤᠨ ᠪᠠᠶᠢᠳᠠᠯ᠂ ᠲᠦᠢᠮᠡᠷ ᠤᠨ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ᠭᠤᠷᠪᠠ ᠳᠤ ᠤᠳᠤᠷᠢᠳᠬᠤ ᠺᠠᠳ᠋ᠷᠴᠤᠳ ᠤᠨ ᠰᠣᠷᠪᠤᠯᠵᠢᠯᠠᠭ᠎ᠠ | ᠬᠦᠯᠢᠶᠡᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠭᠤᠯᠤᠯᠲᠠ ᠶᠢ | ᠲᠦᠯᠬᠢᠨ ᠠᠬᠢᠭᠤᠯᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ᠂ ᠵᠦᠢ | ᠵᠣᠬᠢᠰᠲᠠᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠠᠷᠠᠳ ᠤᠨ ᠳᠣᠲᠣᠭᠠᠳᠤ ᠶᠢᠨ ᠵᠥᠷᠢᠴᠡᠯ ᠢ ᠵᠢᠭᠰᠠᠭᠠᠨ | ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠤᠨ ᠠᠶᠤᠯ | ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠠᠷᠢᠯᠭᠠᠨ᠎ᠠ᠃ᠳᠥᠷᠪᠡ ᠳᠤ ᠤᠯᠠᠨ ᠲᠦᠮᠡᠨ ᠢ ᠦᠷᠭᠦᠯᠵᠢᠯᠡᠨ | ᠭᠦᠨᠵᠡᠭᠡᠢ ᠰᠤᠷᠭᠠᠨ ᠬᠥᠮᠥᠵᠢᠭᠦᠯᠵᠦ ᠪᠠᠶᠢᠭᠠᠳ ᠬᠠᠤᠯᠢ ᠶᠣᠰᠣᠭᠠᠷ ᠠᠵᠢᠯᠯᠠᠭᠤᠯᠵᠤ᠂ ᠬᠠᠤᠯᠢ ᠶᠢ ᠵᠥᠷᠢᠴᠡᠭᠰᠡᠨ ᠡᠯ᠎ᠡ | ᠵᠦᠢᠯ ᠤᠨ ᠶᠠᠯᠠᠲᠤ ᠠᠵᠢᠯᠯᠠᠭ᠎ᠠ ᠪᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠴᠢᠩᠭ᠎ᠠ ᠴᠣᠬᠢᠯᠲᠠ | ᠥᠭᠴᠦ᠂ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ ᠵᠡᠷᠭᠡ ᠨᠡᠶᠢᠭᠡᠮ ᠤᠨ | ᠵᠢᠭᠰᠢᠭᠦᠷᠢᠲᠦ ᠦᠵᠡᠭᠳᠡᠯ ᠢ ᠱᠦᠭᠦᠷᠳᠡᠨ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠎ᠠ᠃ | ︵ᠵᠢᠷᠭᠤᠭ᠎ᠠ︶ᠦᠨᠳᠦᠰᠦᠨ ᠱᠠᠲᠤᠨ ᠤ ᠵᠠᠰᠠᠯᠲᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠠᠳᠬᠤᠬᠤ | ᠬᠡᠷᠡᠭᠲᠡᠢ | ᠨᠢᠭᠡ ᠳᠤ᠂ ᠡᠬᠢ ᠪᠠᠶᠠᠯᠢᠭ ᠢ ᠨᠡᠶᠢᠳᠬᠡᠬᠦ ᠶᠢ ᠴᠢᠬᠤᠯᠠᠴᠢᠯᠠᠵᠤ᠂ ᠬᠠᠤᠯᠢᠵᠢᠯ ᠤᠨ ᠪᠠᠶᠢᠭᠤᠯᠤᠯᠲᠠ᠂ | ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠲᠠᠢ ᠤᠶᠠᠯᠳᠤᠭᠤᠯᠵᠤ᠂ ︽ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ +︾ ᠵᠠᠭᠪᠤᠷ ᠤᠨ ᠦᠢᠯᠡᠳᠦᠯ ᠢ ᠪᠠᠳᠠᠷᠠᠭᠤᠯᠵᠤ᠂ ᠡᠯ᠎ᠡ ᠭᠤᠭᠴᠤᠭ᠎ᠠ ᠶᠢᠨ | ᠠᠵᠢᠯ ᠤᠨ ᠦᠷ᠎ᠡ ᠪᠦᠲᠦᠭᠡᠯ ᠢ ᠴᠠᠭ ᠲᠤᠬᠠᠢ ᠳᠤᠨᠢ ᠡᠮᠬᠢᠯᠡᠵᠦ᠂ ᠵᠠᠰᠠᠯᠲᠠ ᠶᠢᠨ ᠬᠠᠮᠲᠤᠷᠠᠯ ᠬᠦᠴᠦᠨ ᠢ | ᠪᠦᠷᠢᠯᠳᠦᠭᠦᠯᠦᠨ᠎ᠡ᠃ᠬᠤᠶᠠᠷ ᠲᠤ᠂ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠤ ᠲᠤᠰᠢᠶᠠᠯ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠲᠤᠰᠬᠠᠢ | ᠲᠤᠰᠢᠶᠠᠯᠲᠤ ᠰᠦᠯᠵᠢᠶᠡᠨ ᠤ ᠠᠵᠢᠯᠲᠠᠨ ᠢ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ | ᠲᠡᠭᠦᠯᠳᠡᠷᠵᠢᠭᠦᠯᠵᠦ᠂ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠤ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠬᠠᠮᠤᠭ ᠤᠨ ᠰᠠᠭᠤᠷᠢ ᠨᠢᠭᠡᠴᠢ ᠪᠣᠯᠬᠤ ᠦᠢᠯᠡᠳᠦᠯ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ | ᠭᠤᠷᠪᠠ ᠳᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠬᠢᠨᠠᠮᠠᠭᠠᠢ ᠰᠤᠷᠤᠯᠴᠠᠨ ᠲᠣᠯᠢᠯᠠᠵᠤ᠂ ᠵᠥᠪ ᠲᠠᠯ᠎ᠠ ᠶᠢᠨ | ᠤᠬᠠᠭᠤᠯᠭ᠎ᠠ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ | ᠰᠠᠶᠢᠵᠢᠷᠠᠭᠤᠯᠤᠨ ᠴᠢᠩᠭᠠᠳᠬᠠᠵᠤ᠂ ᠤᠬᠠᠭᠤᠯᠤᠨ ᠮᠡᠳᠡᠭᠡᠯᠡᠬᠦ ᠶᠢ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠢ᠃ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠡᠪ ᠴᠢᠨᠠᠷ ᠢ ᠴᠢᠩᠭᠠᠳᠬᠠᠵᠤ᠂ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠴᠢᠷᠮᠠᠶᠢᠨᠵᠢᠷᠤᠮ ᠢ ᠬᠠᠤᠯᠢ ᠶᠣᠰᠣᠭᠠᠷ ᠵᠢᠷᠤᠮᠵᠢᠭᠤᠯᠵᠤ᠂ ᠬᠢᠨᠠᠯᠲᠠ | ᠲᠠᠯᠪᠢᠬᠤ ᠠᠵᠢᠯ ᠢ ᠭᠦᠨᠵᠡᠭᠡᠶᠢᠷᠡᠭᠦᠯᠦᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠴᠢᠷᠮᠠᠶᠢᠨ ᠳᠡᠭᠡᠭᠰᠢᠯᠡᠭᠦᠯᠦᠨ᠎ᠡ᠃ | | | ᠪᠠᠢ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 2023 ᠣᠨ ᠤ 6 ᠰᠠᠷ᠎ᠠ ᠶᠢᠨ 23 | |