ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠧ ᠶᠢᠨ ᠯᠢᠩ ᠨᠥᠬᠦᠷ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2023/10/17
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 10 ᠰᠠᠷ᠎ᠠ ᠶᠢᠨ 16  ᠤ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠧ ᠶᠢᠨ ᠯᠢᠩ ᠨᠥᠬᠦᠷ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠰᠣᠶᠣᠯ ᠤᠨ ᠵᠢᠭᠤᠯᠴᠢᠯᠠᠯ ᠤᠨ ᠺᠣᠮᠫᠠᠨᠢ᠂ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠰᠢᠭᠤᠨ ᠲᠠᠩᠰᠠ ᠡᠪᠬᠡᠮᠡᠯ ᠤᠨ ᠣᠷᠳᠣᠨ᠂ ᠬᠤᠰᠢᠭᠤᠨ ᠵᠡᠮᠳᠡᠭᠴᠦᠳ ᠤᠨ ᠬᠤᠯᠪᠣᠭ᠎ᠠ᠂ ᠬᠤᠰᠢᠭᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤᠨ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤᠯᠠᠭᠠᠨᠮᠥ᠋ᠴᠢᠷ ᠤᠨ ᠬᠤᠪᠢᠶᠠᠷᠢ ᠪᠠᠭ ᠤᠨ ᠭᠡᠰᠢᠭᠦᠨ᠂ ᠴᠢᠬᠤᠯᠠ ᠠᠵᠢᠯ ᠤᠨ ᠪᠠᠶᠢᠷᠢ ᠶᠢᠨ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠵᠠᠢ᠃     ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠨᠢ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ᠂ ᠵᠠᠩ ᠰᠤᠷᠲᠠᠯ ᠢ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠬᠤ᠂ ᠵᠣᠷᠢᠯᠲᠠ ᠶᠢ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠪᠣᠳᠠᠲᠠᠢ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃     ᠭᠧ ᠶᠢᠨ ᠯᠢᠩ ᠨᠥᠬᠦᠷ ᠴᠢᠬᠤᠯᠠᠴᠢᠯᠠᠭᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠲᠠ ᠶᠢᠨ ᠵᠠᠪᠠᠯ ᠰᠤᠷᠬᠤ ᠬᠢᠴᠢᠶᠡᠯ ᠮᠥᠨ᠂ ᠪᠢᠳᠡ ᠦᠨᠡᠨᠴᠢ ᠰᠢᠳᠤᠷᠭᠤ᠂ ᠬᠠᠷᠢᠭᠤᠴᠠᠯᠭ᠎ᠠ ᠡᠭᠦᠷᠭᠡᠯᠡᠬᠦ ᠶᠢ ᠡᠪᠦᠷᠯᠡᠵᠦ᠂ ᠰᠤᠷᠤᠯᠴᠠᠵᠥ ᠮᠡᠳᠡᠵᠥ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠭᠦᠢᠴᠡᠳ ᠬᠦᠴᠦ ᠣᠷᠣᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠭᠤᠣᠯ ᠰᠡᠳᠦᠪᠲᠦ ᠬᠥᠮᠦᠵᠢᠯ ᠢ ᠨᠠᠷᠢᠨ ᠨᠠᠶᠢᠳᠠᠪᠤᠷᠢᠵᠢᠭᠤᠯᠵᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ 
 
ᠢᠷᠡᠯᠲᠡ᠄ ᠰᠤᠷᠭᠠᠨ ᠬᠥᠮᠦᠵᠢᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号