ᠸᠧᠢ ᠬᠤᠩ ᠵᠢᠶᠦ᠋ᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ  ᠡᠷᠬᠢᠯᠡᠪᠡ
ᠨᠡᠶᠢᠲᠡᠯᠡᠭᠰᠡᠨ ᠴᠠᠭ᠄
2023/10/17
     ᠬᠤᠰᠢᠭᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠶᠣᠰᠣᠭᠠᠷ᠂ 10 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠬᠤᠩ ᠵᠢᠶᠦ᠋ᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃     ᠵᠣᠣ ᠯᠢ ᠮᠢᠨ᠂ ᠵᠢᠶᠠ ᠶᠢᠨ ᠹᠧᠩ᠂ ᠴᠧᠨ ᠰᠢ ᠯᠧ ᠵᠡᠷᠭᠡ ᠬᠤᠰᠢᠭᠤᠨ ᠤ ᠤᠳᠤᠷᠢᠳᠤᠯᠭ᠎ᠠ ᠲᠤᠰᠬᠠᠢ ᠰᠡᠳᠦᠪᠲᠦ ᠨᠠᠮ ᠤᠨ ᠬᠢᠴᠢᠶᠡᠯ ᠳᠤ ᠣᠷᠣᠯᠴᠠᠪᠠ᠃     ᠸᠧᠢ ᠬᠤᠩ ᠵᠢᠶᠦ᠋ᠨ ᠭᠤᠣᠯᠳᠠᠯᠭ᠎ᠠ ᠲᠠᠢ ᠪᠠᠷ ︽ᠦᠵᠡᠯ ᠰᠠᠨᠠᠭ᠎ᠠ ᠶᠢ ᠰᠤᠷᠤᠯᠴᠠᠬᠤ᠂ ᠨᠠᠮ ᠤᠨ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠲᠠᠢ ᠨᠢᠭᠲᠠ ᠤᠶᠠᠯᠳᠤᠭᠤᠯᠵᠤ᠂ ᠰᠢᠮᠳᠠᠨ ᠰᠤᠷᠤᠯᠴᠠᠵᠤ ᠴᠢᠳᠠᠮᠠᠭᠠᠢ ᠪᠠᠷ ᠰᠡᠳᠬᠢᠬᠦ᠂ ᠲᠣᠳᠣᠷᠬᠠᠢ ᠢᠯᠭᠠᠵᠤ ᠦᠨᠡᠨᠴᠢ ᠰᠢᠳᠤᠷᠭᠤ ᠪᠠᠷ ᠭᠦᠢᠴᠡᠳᠬᠡᠬᠦ᠂ ᠢᠲᠡᠭᠡᠯ ᠪᠢᠰᠢᠷᠡᠯ ᠢᠶᠠᠨ ᠪᠠᠲᠤᠳᠬᠠᠬᠤ ᠭᠤᠷᠪᠠᠨ ᠲᠠᠯ᠎ᠠ ᠶᠢᠨ ᠠᠭᠤᠯᠭ᠎ᠠ ᠠᠴᠠ ᠪᠦᠬᠦ ᠲᠠᠯ᠎ᠠ ᠶᠢᠨ᠂ ᠰᠢᠰᠲ᠋ᠧᠮ ᠲᠠᠢ᠂ ᠭᠦᠨᠵᠡᠭᠡᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃ᠸᠧᠢ ᠬᠤᠩ ᠵᠢᠶᠦ᠋ᠨ ᠴᠢᠬᠤᠯᠠᠴᠢᠯᠠᠬᠤ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠡᠭᠡ ᠬᠦᠴᠦ ᠣᠷᠣᠭᠤᠯᠵᠤ ᠪᠠᠶᠢᠭᠠᠳ ᠣᠯᠠᠨ ᠲᠦᠮᠡᠨ ᠤ ᠪᠠᠴᠢᠮ ᠪᠡᠷᠬᠡ ᠵᠣᠪᠠᠭᠤᠷᠢ ᠵᠦᠳᠡᠭᠦᠷᠢ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃ᠦᠵᠡᠯ ᠰᠠᠨᠠᠭ᠎ᠠ ᠪᠠᠨ ᠴᠢᠯᠦᠭᠡᠯᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢᠶᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ᠪᠠᠶᠢᠴᠠᠭᠠᠨ ᠰᠤᠳᠤᠯᠤᠯᠲᠠ ᠶᠢ ᠰᠠᠶᠢᠲᠤᠷ ᠠᠳᠬᠤᠵᠤ᠂ ᠪᠠᠭ᠎ᠠ ᠠᠴᠠ ᠪᠠᠨ ᠭᠠᠷᠳᠠᠨ ᠬᠢᠵᠦ᠂ ᠠᠰᠠᠭᠤᠳᠠᠯ ᠢ ᠣᠨᠣᠪᠴᠢᠲᠠᠢ ᠰᠢᠢᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ᠰᠢᠰᠲ᠋ᠧᠮᠲᠦ ᠰᠡᠳᠬᠢᠬᠦᠢ ᠶᠢ ᠪᠣᠶ ᠪᠣᠯᠭᠠᠵᠤ᠂ ᠤᠬᠠᠮᠰᠠᠷ  ᠠᠴᠠ ᠪᠠᠨ ᠲᠦᠮᠡᠳ ᠵᠡᠭᠦᠨ ᠬᠤᠰᠢᠭᠤᠨ ᠤ ᠡᠯ᠎ᠡ ᠵᠦᠢᠯ ᠤᠨ ᠠᠵᠢᠯ ᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠶᠡᠭᠡ ᠲᠠᠯ᠎ᠠ ᠳᠤ ᠠᠭᠤᠰᠬᠠᠵᠤ᠂ ᠠᠵᠤ ᠦᠢᠯᠡᠰ ᠤᠨ ᠬᠡᠯᠬᠢᠶ᠎ᠡ ᠶᠢ ︽ᠰᠢᠯᠢᠳᠡᠭᠵᠢᠭᠦᠯᠬᠦ᠂ ᠳᠡᠭᠡᠭᠰᠢᠯᠡᠭᠦᠯᠬᠦ᠂ ᠪᠣᠶᠢᠵᠢᠭᠤᠯᠬᠤ︾ ᠳᠡᠭᠡᠷ᠎ᠡ ᠬᠦᠴᠦ ᠲᠠᠯᠪᠢᠵᠤ᠂ ᠲᠦᠮᠡᠳ ᠵᠡᠭᠦᠨ ᠬᠤᠰᠢᠭᠤᠨ ᠤ ᠲᠡᠷᠢᠭᠦᠨ ᠤ ᠪᠠᠶᠢᠷᠢᠨ ᠳᠤ ᠣᠷᠣᠬᠤ ᠪᠠᠷ ᠴᠢᠷᠮᠠᠶᠢᠬᠤ ᠳᠤ ᠪᠠᠲᠤ ᠪᠠᠬᠢ ᠬᠥᠭᠵᠢᠯᠲᠡ ᠶᠢᠨ ᠰᠠᠭᠤᠷᠢ ᠶᠢ ᠲᠠᠯᠪᠢᠬᠤ ᠬᠡᠷᠡᠭᠲᠡᠢ᠃ᠰᠣᠶᠣᠯ ᠵᠤᠭᠠᠴᠠᠯ ᠤᠨ ᠠᠭᠤᠰᠤᠯᠴᠠᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠵᠤᠭᠠᠴᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠵᠣᠬᠢᠰᠲᠠᠢ ᠠᠰᠢᠭᠯᠠᠵᠤ᠂ ᠣᠨᠴᠠᠯᠢᠭᠲᠤ ᠵᠤᠭᠠᠴᠠᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠰᠠᠶᠢᠲᠤᠷ ᠳ᠋ᠦᠩᠨᠡᠨ ᠳᠡᠯᠭᠡᠷᠡᠭᠦᠯᠵᠦ᠂ ᠰᠠᠶᠢᠲᠤᠷ ᠰᠤᠷᠤᠯᠴᠠᠨ ᠬᠡᠷᠡᠭᠯᠡᠵᠦ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ ᠪᠦᠬᠦ ᠲᠠᠯ᠎ᠠ ᠪᠠᠷ ᠵᠢᠱᠢᠶ᠎ᠡ ᠦᠵᠡᠭᠦᠯᠬᠦ ᠬᠡᠷᠡᠭᠲᠡᠢ᠃     ᠸᠧᠢ ᠬᠤᠩ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ  ᠶᠢᠨ ᠦᠨᠳᠦᠰᠦᠲᠡᠨ ᠤ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠣᠶᠢᠯᠠᠭᠠᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠦᠯᠢᠭᠡᠷ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ  ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ  ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ  ᠶᠢ ᠠᠬᠢᠭᠤᠯᠬᠤ ᠬᠡᠷᠡᠭᠲᠡᠢ ᠭᠡᠵᠡᠢ᠃     ᠸᠧᠢ ᠬᠤᠩ ᠵᠢᠶᠦ᠋ᠨ᠂ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠦᠨᠡᠨᠬᠦ ᠪᠠᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠰᠢᠯᠢᠳᠡᠭ ᠰᠤᠷᠲᠠᠯ ᠢ ᠪᠠᠳᠠᠷᠠᠭᠤᠯᠵᠤ᠂ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠣᠣᠷ ᠴᠢᠨᠠᠷ ᠢ ᠪᠠᠲᠤ ᠰᠠᠬᠢᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠬᠤᠶᠢᠰᠢᠳᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︽ᠶᠡᠷᠦᠩᠬᠡᠢ ᠱᠠᠭᠠᠷᠳᠠᠯᠭ᠎ᠠ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠵᠤ᠂ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ᠂ ᠡᠨᠡ ᠵᠢᠯ ᠤᠨ ᠠᠵᠢᠯ ᠤᠨ ᠬᠠᠷᠠᠯᠲᠠ ᠶᠢᠨ ᠲᠣᠭᠤᠷᠢᠨ ᠳᠤ ᠴᠡᠴᠡᠭᠯᠡᠨ ᠬᠥᠭᠵᠢᠭᠰᠡᠨ᠂ ᠠᠮᠢᠵᠢᠷᠠᠯ ᠤᠨ ᠬᠦᠴᠦᠨ᠂ ᠵᠣᠯ ᠵᠢᠷᠭᠠᠯᠲᠤ ᠲᠦᠮᠡᠳ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ ᠃     ᠲᠤᠰᠬᠠᠢ ᠰᠡᠳᠦᠪᠲᠦ ᠨᠠᠮ ᠤᠨ ᠬᠢᠴᠢᠶᠡᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠶᠠᠪᠤᠭᠳᠠᠭᠤᠯᠵᠤ᠂ ᠴᠡᠯᠡᠭᠡᠷ ᠲᠠᠯ᠎ᠠ  ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号