ᠭᠤᠣᠯ ᠰᠡᠳᠦᠪ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠵᠦ ᠲᠡᠷᠢᠭᠦᠨ ᠤ ᠨᠢᠭᠡᠴᠢ ᠶᠢᠨ ᠬᠤᠭᠤᠷᠤᠨᠳᠤᠬᠢ ᠵᠠᠢ ᠶᠢ ᠪᠠᠭᠠᠰᠬᠠᠵᠤ ︱ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠤᠤ ᠯᠢ ᠮᠢᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/10/18
     ︽ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠠᠷ ᠳᠠᠮᠵᠢᠨ᠂ ᠪᠢᠳᠡ ᠪᠦᠬᠦ ᠬᠤᠳᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠬᠤᠪᠢᠷᠠᠯᠲᠠ ᠶᠢ ᠣᠯᠵᠤ ᠬᠠᠷᠠᠵᠤ᠂ ᠡᠯ᠎ᠡ ᠭᠠᠵᠠᠷ ᠤᠨ ᠥᠷᠢᠰᠦᠯᠳᠦᠨ ᠬᠥᠭᠵᠢᠵᠦ ᠪᠠᠶᠢᠭ᠎ᠠ ᠰᠢᠨ᠎ᠡ ᠬᠢᠯᠠᠰ ᠴᠡᠭ ᠢ ᠣᠯᠵᠤ ᠬᠠᠷᠠᠵᠤ᠂ ᠤᠯᠠᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠣᠯᠵᠤ ᠬᠠᠷᠠᠵᠤ᠂ ᠪᠦᠬᠦ ᠬᠤᠳᠠ ᠶᠢᠨ ᠡᠳᠦᠷ ᠠᠴᠠ ᠡᠳᠦᠷ ᠥᠭᠡᠳᠡᠯᠡᠨ ᠬᠥᠭᠵᠢᠵᠦ ᠪᠠᠶᠢᠭ᠎ᠠ ᠰᠠᠶᠢᠨ ᠪᠠᠶᠢᠳᠠᠯ ᠢ ᠣᠯᠵᠤ ᠬᠠᠷᠠᠪᠠ︾᠃ 9 ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ  ᠲᠠᠢ ᠠᠵᠢᠯ ᠪᠠ ᠭᠤᠣᠯᠳᠠᠯᠭ᠎ᠠ  ᠲᠠᠢ ᠫᠷᠤᠭ᠍ᠷᠡᠮ ᠢ ᠪᠦᠬᠦ ᠲᠠᠯ᠎ᠠ  ᠪᠠᠷ ᠲᠣᠭᠤᠷᠢᠨ ᠦᠵᠡᠭᠰᠡᠨ ᠤ ᠳᠠᠷᠠᠭ᠎ᠠ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠲᠦᠮᠡᠳ ᠵᠡᠭᠦᠨ ᠬᠤᠰᠢᠭᠤᠨ ᠤ ᠬᠢᠨ ᠠᠵᠤ ᠦᠢᠯᠡᠰ ᠢ ᠶᠡᠭᠡ ᠪᠠᠷ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠶᠡᠭᠡ ᠪᠠᠷ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠵᠢᠯ ᠤᠨ ᠡᠴᠦᠰ ᠲᠤ ︽ᠪᠥᠬᠦ ᠣᠷᠣᠨ ᠤ ᠡᠮᠦᠨ᠎ᠡ 20 ᠳᠤ ᠣᠷᠣᠬᠤ︾ ᠬᠠᠷᠠᠯᠲᠠ ᠶᠢᠨ ᠲᠣᠭᠤᠷᠢᠨ ᠳᠤ ᠭᠦᠢᠴᠡᠳᠬᠡᠯ ᠲᠤᠭ᠎ᠠ ᠶᠢ ᠠᠳᠬᠤᠵᠤ᠂ ᠲᠥᠷᠥᠯ ᠵᠦᠢᠯ ᠢ ᠠᠳᠬᠤᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠵᠦ᠂ ᠣᠷᠣᠨ ᠳᠡᠪᠰᠢᠬᠦ ᠶᠢᠨ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠦᠨ᠎ᠡ ᠭᠡᠵᠡᠢ᠃     ᠵᠣᠣ ᠯᠢ ᠮᠢᠨ ᠬᠡᠯᠡᠬᠦ ᠳᠡᠭᠡᠨ᠂ ᠲᠦᠮᠡᠳ ᠵᠡᠭᠦᠨ ᠬᠤᠰᠢᠭᠤᠨ ᠤ ᠬᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠢ ᠴᠢᠩᠭ᠎ᠠ ᠠᠳᠬᠤᠨ᠂ ᠪᠥᠬᠦ ᠵᠢᠯ ᠤᠨ ᠦᠯᠡᠳᠡᠭᠰᠡᠨ ᠪᠦᠲᠦᠮᠵᠢᠲᠡᠶ ᠴᠠᠭ ᠢ ᠠᠮᠵᠢᠨ᠂ ᠬᠠᠷᠠᠯᠲᠠ ᠡᠭᠦᠷᠭᠡ ᠪᠠᠨ ᠬᠡᠮᠵᠢᠶᠡᠯᠡᠵᠦ᠂ ᠭᠠᠷᠠᠭ ᠪᠦᠷᠢ ᠲᠣᠬᠢᠷᠠᠭᠤᠯᠤᠨ ᠠᠬᠢᠭᠤᠯᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠵᠦᠢ ᠵᠣᠬᠢᠰᠲᠠᠢ ᠣᠷᠣᠨ ᠵᠠᠢ ᠳᠤ ᠶᠠᠪᠤᠭᠳᠠᠬᠤ ᠶᠢ ᠦᠨᠡᠨ ᠬᠦ ᠪᠠᠲᠤᠯᠠᠨ᠎ᠠ ᠭᠡᠵᠡᠢ᠃ᠰᠦ᠋ ᠰᠠᠭᠠᠯᠢ ᠶᠢᠨ ᠦᠢᠯᠡᠰ ᠵᠢᠴᠢ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ᠂ ᠰᠢᠨ᠎ᠡ ᠮᠠᠲ᠋ᠧᠷᠢᠶᠠᠯ ᠪᠣᠯᠣᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠵᠡᠷᠭᠡ ᠬᠤᠶᠠᠷ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠪᠡᠯᠡ ᠣᠷᠣᠭᠤᠯᠤᠨ ᠬᠡᠷᠡᠭᠯᠡᠬᠦ ᠶᠢ ᠲᠦᠷᠭᠡᠳᠬᠡᠵᠦ᠂ ᠰᠠᠶᠢᠨ ᠤᠰᠤ ᠴᠠᠬᠢᠯᠭᠠᠨ ᠵᠠᠮ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ᠳᠥᠷᠪᠡᠳᠦᠭᠡᠷ ᠤᠯᠠᠷᠢᠯ ᠳᠤ ᠣᠨ ᠤ ᠬᠠᠷᠠᠯᠲᠠ ᠶᠢᠨ ᠡᠭᠦᠷᠭᠡ ᠳᠤ ᠰᠢᠪᠲᠤᠯᠤᠯᠲᠠ ᠬᠢᠵᠦ᠂ 40 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ 280 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠤᠨ᠎ᠠ᠃     ᠵᠣᠣ ᠯᠢ ᠮᠢᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠬᠢᠨ ᠪᠠᠰᠠ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ᠂ ᠢᠯᠢᠰᠦᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠠᠰᠬᠠᠢ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠡᠪᠦᠯ ᠤᠨ ᠠᠩᠨᠠᠯ ᠤᠨ ᠪᠠᠶᠠᠷ᠂ ᠮᠥᠰᠥ ᠴᠠᠰᠤᠨ ᠤ ᠨᠠᠶᠢᠷ ᠵᠡᠷᠭᠡ ᠰᠢᠷᠢᠰ ᠠᠵᠢᠯᠯᠠᠭ᠎ᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠤᠷᠢᠳᠴᠢᠯᠠᠨ ᠲᠥᠯᠥᠪᠯᠡᠵᠦ ᠰᠠᠶᠢᠲᠤᠷ ᠵᠣᠬᠢᠶᠠᠨ ᠪᠠᠶᠢᠭᠤᠯᠤᠨ᠎ᠠ ᠭᠡᠵᠡᠢ᠃ᠮᠢᠩ ᠤᠯᠤᠰ ᠴᠢᠩ ᠤᠯᠤᠰ ᠤᠨ ᠦᠵᠡᠰᠬᠦᠯᠡᠩ ᠤᠨ ᠬᠦᠷᠢᠶᠡᠯᠡᠩ ᠢ ᠨᠡᠭᠡᠭᠡᠨ ᠬᠥᠭᠵᠢᠭᠦᠯᠵᠦ ᠨᠡᠭᠡᠭᠡᠨ ᠬᠥᠭᠵᠢᠭᠦᠯᠬᠦ ᠵᠢᠴᠢ ᠯᠠᠮᠠ ᠶᠢᠨ ᠠᠭᠤᠢ ᠶᠢ ᠬᠠᠮᠠᠭᠠᠯᠠᠨ ᠠᠰᠢᠭᠯᠠᠬᠤ ᠶᠢ ᠠᠬᠢᠭᠤᠯᠵᠤ᠂ ᠪᠠᠢ ᠱᠢ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠦᠨ᠎ᠡ᠃ ᠶᠢᠨ ᠯᠦ ᠳ᠋ᠢᠶᠠᠨ ᠬᠠᠷᠰᠢ ᠶᠢᠨ ᠡᠬᠢ ᠪᠠᠶᠠᠯᠢᠭ ᠢ ᠠᠭᠤᠳᠠᠯᠤᠨ ᠠᠰᠢᠭᠯᠠᠬᠤ ᠶᠢ ᠰᠠᠶᠢᠲᠤᠷ ᠥᠷᠨᠢᠭᠦᠯᠵᠦ᠂ ᠳᠠᠯᠠᠨ ᠬᠠᠷ᠎ᠠ ᠠᠭᠤᠯᠠ ᠶᠢᠨ ︽ᠠᠭᠤᠯᠠ᠂ ᠤᠰᠤ᠂ ᠣᠶ︾ ᠵᠡᠷᠭᠡ ᠡᠬᠢ ᠪᠠᠶᠠᠯᠢᠭ ᠤᠨ ᠳᠠᠪᠠᠭᠤᠯᠢᠭ ᠪᠠ ᠭᠦᠨ ᠵᠤᠵᠠᠭᠠᠨ ᠰᠣᠶᠣᠯ ᠤᠨ ᠠᠭᠤᠯᠬᠤᠨ ᠳᠤ ᠰᠠᠭᠤᠷᠢᠯᠠᠨ᠂ ᠪᠠᠢ ᠱᠢ ᠠᠮᠢ ᠠᠬᠤᠢ ᠶᠢᠨ ᠦᠵᠡᠮᠵᠢ ᠶᠢᠨ ᠣᠷᠣᠨ᠂ ᠠᠭᠤᠯᠠ ᠳᠠᠭᠠᠤ ᠶᠢᠨ ᠬᠥᠳᠡᠭᠡ ᠲᠣᠰᠬᠤᠨ ᠤ ᠲᠠᠷᠢᠶᠠᠴᠢᠨ ᠠᠶᠢᠯ ᠤᠨ ᠵᠤᠭᠠᠴᠠᠯ᠂ ᠠᠭᠤᠯᠠᠨ ᠡᠮᠦᠨᠡᠬᠢ ᠣᠶ ᠵᠢᠮᠢᠰ ᠲᠡᠭᠦᠬᠦ ᠰᠠᠭᠤᠷᠢᠨ ᠭᠠᠵᠠᠷ᠂ ᠯᠠᠮᠠ ᠶᠢᠨ ᠠᠭᠤᠢ ᠶᠢᠨ ᠵᠣᠤ᠂ ᠬᠠᠰᠠᠭ ᠲᠠᠩᠭᠢᠰ ᠤᠨ ᠠᠭᠤᠯᠵᠠᠷ ᠲᠠᠢ ᠱᠤᠭᠤᠮ ᠬᠤᠯᠪᠣᠵᠤ᠂ ᠳᠠᠯᠠᠨ ᠬᠠᠷ᠎ᠠ ᠠᠭᠤᠯᠠ ᠳᠠᠭᠠᠤ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠰᠦᠷᠦᠭᠵᠢᠯ ᠢ ᠪᠣᠶ ᠪᠣᠯᠭᠠᠬᠤ ᠬᠡᠷᠡᠭᠲᠡᠢ᠃ᠦᠷᠡᠭᠳᠡᠭᠰᠡᠨ ᠪᠠᠭᠠᠲᠤᠷᠴᠤᠳ ᠤᠨ ᠬᠠᠭᠤᠴᠢᠨ ᠰᠠᠭᠤᠴᠠ᠂ ᠬᠤᠪᠢᠰᠬᠠᠯ ᠤᠨ ᠪᠠᠭᠤᠷᠢ᠂ ᠬᠤᠪᠢᠰᠬᠠᠯ ᠤᠨ ᠰᠣᠶᠣᠯ ᠤᠨ ᠵᠤᠭᠠᠴᠠᠯ ᠤᠨ ᠵᠢᠵᠢᠭ ᠪᠠᠯᠭᠠᠰᠤ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠵᠡᠷᠭᠡ ᠡᠬᠢ ᠪᠠᠶᠠᠯᠢᠭ ᠢ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠰᠣᠶᠣᠯ ᠪᠣᠯᠣᠨ ᠵᠤᠭᠠᠴᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ᠃     ᠡᠭᠦᠨ ᠤ ᠬᠠᠮᠲᠤ᠂ ᠲᠦᠮᠡᠳ ᠵᠡᠭᠦᠨ ᠬᠤᠰᠢᠭᠤᠨ ᠤ ᠬᠢᠨ ᠪᠠᠰᠠ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠬᠠᠷᠪᠢᠨ ᠲᠠᠩᠭᠢᠰ ᠢ ᠲᠣᠭᠤᠷᠢᠭᠰᠠᠨ ᠠᠮᠢ ᠠᠬᠤᠢ ᠶᠢᠨ ᠰᠡᠷᠭᠦᠭᠡᠯᠲᠡ ᠵᠢᠴᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠵᠤ᠂ ᠤᠯᠤᠰ ᠤᠨ ᠤᠮᠠᠷᠠᠲᠤ ᠶᠢᠨ ᠭᠠᠵᠠᠷ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢᠨ ᠬᠤᠲᠠ ᠶᠢᠨ ᠲᠥᠷᠥᠯ ᠵᠦᠢᠯ ᠤᠨ ᠡᠭᠦᠷᠭᠡ ᠶᠢ ᠦᠷᠭᠦᠯᠵᠢᠯᠡᠨ ᠠᠬᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠭᠦᠨᠵᠡᠭᠡᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠦᠮᠡᠳ ᠵᠡᠭᠦᠨ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号