ᠭᠤᠣᠯ ᠰᠡᠳᠦᠪ᠄ ᠰᠢᠯᠢᠳᠡᠭ ᠬᠤᠳᠠᠯᠳᠤᠨ ᠠᠪᠬᠤ ᠶᠢ ᠪᠠᠲᠤᠯᠠᠵᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠶᠢ | ᠴᠢᠩᠭᠠᠳᠬᠠᠵᠤ᠂ ᠣᠷᠣᠨ ᠤ ᠲᠥᠪ ᠤᠨ ᠠᠮᠢ ᠠᠬᠤᠢ ᠶᠢᠨ | ᠴᠠᠭ᠄ 2023 - 10 - 2610᠄ 00 | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠢᠦᠢ ᠲᠢᠶ᠋ᠧ ᠯᠢᠨ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ | ᠰᠠᠯᠠᠭᠠᠨ ᠤ ᠳᠠᠷᠤᠭ᠎ᠠ ᠵᠠᠩ ᠸᠧᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭᠠᠨ ᠤ ᠳᠡᠳ᠋ ᠳᠠᠷᠤᠭ᠎ᠠ ᠶᠠᠨ | ᠫᠧᠩ ᠰᠢᠦᠢ | ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ | | | | | ᠬᠠᠮᠢᠶᠠᠷᠤᠭᠴᠢ : | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ : | ᠣᠷᠴᠢᠨ ᠠᠬᠤᠢ ᠪᠣᠯ ᠬᠠᠮᠤᠭ ᠤᠨ ᠬᠤᠪᠣᠷ ᠴᠤᠬᠠᠭ ᠡᠬᠢ ᠪᠠᠶᠠᠯᠢᠭ ᠮᠥᠨ᠂ ᠠᠮᠢ ᠠᠬᠤᠢ ᠪᠣᠯ ᠬᠠᠮᠤᠭ ᠤᠨ | ᠡᠷᠬᠢᠮ ᠨᠠᠨᠳᠢᠨ ᠡᠳ᠋ ᠪᠠᠶᠠᠯᠢᠭ ᠮᠥᠨ᠃ ᠡᠨᠡ ᠵᠢᠯ ᠤᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ | ︽ᠤᠯᠤᠰ ᠤᠨ ᠲᠣᠮᠣ ᠬᠥᠮᠥᠰ︾ ᠮᠥᠨ᠃ ᠣᠶᠢᠷ᠎ᠠ ᠶᠢᠨ ᠵᠢᠯ ᠳᠤ᠂ ᠮᠠᠨ ᠤ ᠬᠤᠲᠠ ᠪᠣᠳᠠᠲᠠᠢ ᠠᠷᠭ᠎ᠠ ᠬᠡᠮᠵᠢᠶ᠎ᠡ | ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠤᠰᠤᠨ | ᠴᠣᠭᠴᠠ ᠶᠢ ᠵᠠᠰᠠᠬᠤ᠂ ᠪᠣᠬᠢᠷᠲᠤᠯ ᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠯᠠ ᠤᠰᠤ ᠣᠶ ᠰᠢᠭᠤᠢ | ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ᠂ ᠨᠣᠮᠢᠨ | ᠨᠣᠭᠤᠭᠠᠨ ᠤᠰᠤ ᠲᠤᠩᠭᠠᠯᠠᠭ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠪᠠ᠃ | ᠬᠥᠲᠥᠯᠥᠭᠴᠢ : | ᠬᠤᠲᠠ ᠶᠢᠨ ︽ᠠᠮᠢ ᠠᠬᠤᠢ ᠶᠢᠨ ᠴᠢᠳᠠᠪᠤᠷᠢ ᠶᠢᠨ ᠲᠠᠰ︾ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯ ᠮᠠᠨ ᠤ | ᠬᠤᠲᠠ ᠶᠢᠨ ᠣᠳᠣᠬᠠᠨ ᠤ ᠨᠢᠭᠡ ᠵᠦᠢᠯ ᠤᠨ ᠴᠢᠬᠤᠯᠠ ᠬᠠᠷᠠᠯᠲᠠ ᠡᠭᠦᠷᠭᠡ ᠮᠥᠨ᠃ ᠲᠡᠭᠡᠪᠡᠯ ᠡᠨᠡ ᠵᠢᠯ ᠠᠴᠠ ᠨᠠᠰᠢ | ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠡᠷᠬᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ | ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠰᠠᠨ ᠪᠣᠶ︖ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠢᠦᠢ | ᠲᠢᠶ᠋ᠧ ᠯᠢᠨ : | ᠣᠶᠢᠷ᠎ᠠ ᠶᠢᠨ ᠵᠢᠯ ᠳᠤ᠂ ᠮᠠᠨ ᠤ ᠲᠣᠪᠴᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠵᠤ᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ | ᠠᠵᠢᠯ ᠤᠨ ᠪᠠᠶᠢᠷᠢᠯᠠᠭᠤᠯᠤᠯᠲᠠ ᠶᠢ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠶᠢ ᠳᠡᠮᠵᠢᠬᠦ᠂ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠᠷ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠣᠷᠣᠨ ᠤ | ᠲᠥᠪ ᠤᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠡᠮᠡᠭᠳᠡᠯ ᠢ ᠬᠠᠮᠵᠢᠯᠴᠠᠨ ᠠᠬᠢᠭᠤᠯᠬᠤ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠣᠷᠣᠨ ᠤ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠣᠷᠣᠨ ᠤ | ᠲᠥᠪ ᠤᠨ ᠠᠮᠢ ᠠᠬᠤᠢ ᠶᠢᠨ ᠴᠢᠳᠠᠪᠤᠷᠢ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ | ᠪᠣᠳᠠᠲᠠᠢ ᠪᠠᠷ ᠬᠡᠯᠡᠪᠡᠯ᠄ ᠨᠢᠭᠡ ᠳᠤ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢ ᠣᠯᠬᠤ ᠪᠠᠷ | ᠢᠳᠡᠪᠬᠢᠲᠡᠢ ᠬᠠᠷᠢᠯᠴᠠᠵᠤ ᠨᠡᠪᠲᠡᠷᠡᠯᠴᠡᠬᠦ ᠲᠣᠭᠲᠠᠴᠠ ᠶᠢ ᠴᠢᠩᠭᠠᠷᠠᠭᠤᠯᠵᠤ᠂ ᠬᠤᠲᠠ ᠶᠢᠨ ᠠᠮᠢ ᠠᠬᠤᠢ ᠶᠢᠨ | ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠵᠡᠷᠭᠡ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ᠂ ᠲᠥᠪ᠂ | ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠲᠥᠷᠥ ᠶᠢᠨ ᠪᠣᠳᠣᠯᠭ᠎ᠠ ᠶᠢ | ᠬᠡᠯᠪᠡᠶᠢᠯᠭᠡᠬᠦ᠂ ᠰᠢᠯᠵᠢᠭᠦᠯᠦᠨ ᠥᠭᠬᠦ ᠪᠡᠯᠡ ᠮᠥᠩᠭᠦ ᠶᠢᠨ ᠲᠠᠯ᠎ᠠ ᠪᠠᠷ ᠮᠠᠨ ᠤ ᠬᠤᠲᠠ ᠳᠤ ᠳᠡᠮᠵᠢᠯᠭᠡ ᠦᠵᠡᠭᠦᠯᠬᠦ ᠪᠠᠷ | ᠢᠳᠡᠪᠬᠢᠲᠡᠢ ᠴᠢᠷᠮᠠᠶᠢᠨ᠎ᠠ᠃ ᠢᠯᠠᠩᠭᠤᠶ᠎ᠠ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ᠂ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢ | ᠠᠩᠬᠠᠷᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠣᠯᠠᠨ ᠤᠳᠠᠭ᠎ᠠ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ ᠵᠢᠭᠠᠪᠤᠷᠢ ᠠᠪᠴᠤ᠂ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠬᠤᠶᠠᠷ ᠲᠤ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠦᠷᠢᠶᠡᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠴᠤᠪᠤᠷᠠᠯ ᠢ | ᠰᠢᠯᠢᠳᠡᠭᠵᠢᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ ᠪᠠᠶᠢᠭᠠᠳ | ᠵᠢᠭᠡᠯᠡᠯᠭᠡ ᠶᠢᠨ ᠲᠡᠮᠳᠡᠭᠲᠦ ᠶᠢᠨ ᠬᠠᠷᠠᠭᠠᠯᠵᠠᠭᠰᠠᠨ ᠲᠥᠷᠥᠯ ᠵᠦᠢᠯ ᠢ ᠭᠦᠢᠴᠡᠳᠬᠡᠬᠦ ᠭᠠᠵᠠᠷ ᠰᠢᠷᠣᠢ᠂ | ᠲᠥᠯᠦᠪᠵᠢᠭᠦᠯᠭᠡ᠂ ᠭᠠᠵᠠᠷ ᠰᠣᠩᠭᠤᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ | ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ᠂ ᠤᠰᠤᠨ ᠴᠠᠬᠢᠯᠭᠠᠨ ᠢ ᠵᠠᠯᠭᠠᠨ ᠣᠷᠣᠭᠤᠯᠬᠤ ᠵᠡᠷᠭᠡ ᠡᠮᠦᠨᠡᠬᠢ | ᠬᠤᠭᠤᠴᠠᠭᠠᠨ ᠤ ᠠᠵᠢᠯ ᠤᠨ ᠴᠠᠭ ᠢ ᠪᠣᠭᠤᠨᠢᠰᠬᠠᠵᠤ᠂ ᠡᠮᠦᠨᠡᠬᠢ ᠬᠤᠭᠤᠴᠠᠭᠠᠨ ᠤ ᠠᠵᠢᠯ ᠢ ᠦᠨᠡᠨᠬᠦ ᠪᠣᠳᠠᠲᠠᠢ | ᠪᠥᠭᠡᠳ ᠨᠠᠷᠢᠯᠢᠭ ᠬᠢᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠬᠦᠷᠢᠶ᠎ᠡ ᠴᠠᠷᠠᠭ᠎ᠠ ᠳᠠᠬᠢ ᠪᠡᠯᠡ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠤᠨ᠎ᠠ᠃ ᠭᠤᠷᠪᠠ ᠳᠤ ᠲᠥᠰᠥᠪ ᠢ ᠪᠣᠳᠠᠲᠠᠢ ᠪᠥᠭᠡᠳ ᠨᠠᠷᠢᠯᠢᠭ ᠨᠠᠶᠢᠷᠠᠭᠤᠯᠤᠨ ᠵᠣᠬᠢᠶᠠᠬᠤ | ᠬᠡᠷᠡᠭᠲᠡᠢ᠃ 2023 ᠣᠨ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠲᠣᠰ ᠱᠠᠲᠤᠨ ᠤ | ᠡᠳ᠋ ᠤᠨ ᠵᠠᠰᠠᠭ ᠠᠴᠠ ᠰᠠᠯᠠᠭ᠎ᠠ ᠮᠥᠴᠢᠷ ᠤᠨ ᠣᠨ ᠤ ᠲᠥᠰᠥᠪ ᠲᠤ ᠣᠷᠴᠢᠨ ᠠᠬᠤᠢ ᠶᠢᠨ ᠬᠠᠮᠠᠭᠠᠯᠠᠯᠲᠠ ᠪᠠ | ᠵᠠᠰᠠᠯᠲᠠ ᠶᠢᠨ ᠵᠦᠢᠯᠡᠰ ᠤᠨ ᠲᠥᠰᠥᠪ ᠢ 9.5 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠲᠣᠬᠢᠷᠠᠭᠤᠯᠪᠠ | ᠃ ᠭᠤᠣᠯᠳᠠᠭᠤ ᠬᠤᠳᠠ ᠶᠢᠨ ᠲᠤᠰ ᠱᠠᠲᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠢ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠤᠯᠤᠰ ᠤᠨ ᠨᠤᠲᠤᠭ ᠳᠡᠪᠢᠰᠬᠡᠷ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ᠂ ᠲᠥᠯᠥᠪᠵᠢᠭᠦᠯᠦᠨ ᠬᠠᠮᠢᠶᠠᠷᠬᠤ ᠪᠠ ᠪᠣᠬᠢᠷ ᠤᠰᠤ ᠶᠢ ᠰᠢᠢᠳᠪᠦᠷᠢᠯᠡᠬᠦ ᠵᠡᠷᠭᠡ | ᠵᠠᠷᠤᠯᠭ᠎ᠠ ᠳᠤ ᠬᠡᠷᠡᠭᠯᠡᠨ᠎ᠡ᠃ ᠳᠥᠷᠪᠡ ᠳᠤ ᠲᠥᠰᠥᠪ ᠤᠨ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠎ᠡ᠃ ᠪᠡᠯᠡ | ᠮᠥᠩᠭᠦ ᠶᠢ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠰᠢᠭᠤ ᠰᠢᠶᠠᠨ ᠲᠣᠭᠤᠷᠢᠭ ᠲᠠᠢ ᠬᠠᠮᠵᠢᠯᠴᠠᠨ ᠪᠣᠬᠢᠷᠲᠤᠯ ᠢ ᠰᠡᠷᠭᠡᠶᠢᠯᠡᠨ | ᠵᠠᠰᠠᠬᠤ ᠲᠤᠰᠬᠠᠢ ᠵᠦᠢᠯ ᠤᠨ ᠪᠡᠯᠡ ᠮᠥᠩᠭᠦ ᠶᠢ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠬᠦ | ᠬᠡᠷᠡᠭᠲᠡᠢ᠃ ᠲᠠᠪᠤ ᠳᠤ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠣᠬᠢᠷᠲᠤᠯ ᠢ | ᠰᠡᠷᠭᠡᠶᠢᠯᠡᠨ ᠵᠠᠰᠠᠬᠤ ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠪᠠ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ | ᠂ ᠲᠤᠰᠬᠠᠢ ᠵᠦᠢᠯ ᠤᠨ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ | ᠲᠥᠰᠥᠪ ᠤᠨ ᠲᠣᠬᠢᠷᠠᠭᠤᠯᠤᠯᠲᠠ ᠯᠤᠭ᠎ᠠ ᠬᠠᠷᠢᠯᠴᠠᠨ ᠵᠣᠯᠭᠠᠭᠤᠯᠵᠤ᠂ ︽ᠵᠣᠭᠤᠰ ᠵᠠᠷᠤᠪᠠᠯ ᠵᠠᠪᠠᠯ ᠦᠷ᠎ᠡ | ᠪᠦᠲᠦᠮᠵᠢ ᠶᠢ ᠨᠢ ᠠᠰᠠᠭᠤᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ ᠵᠠᠬ᠎ᠠ ᠳᠡᠯᠭᠡᠭᠦᠷᠴᠢᠯᠡᠭᠰᠡᠨ | ᠠᠵᠢᠯᠯᠠᠭᠠᠨ ᠥᠷᠨᠢᠭᠦᠯᠬᠦ ᠶᠢ ᠵᠣᠷᠢᠭᠵᠢᠭᠤᠯᠤᠨ᠎ᠠ᠃ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠡᠶᠢᠭᠡᠮ ᠤᠨ ᠬᠥᠷᠥᠩᠭᠡ ᠶᠢ | ᠣᠷᠣᠭᠤᠯᠤᠨ ᠣᠷᠣᠯᠴᠠᠭᠤᠯᠵᠤ᠂ ᠭᠤᠣᠯ ᠴᠣᠭᠴᠠ ᠠᠴᠠ ᠪᠡᠯᠡ ᠣᠷᠣᠭᠤᠯᠬᠤ᠂ ᠬᠠᠮᠵᠢᠯᠴᠠᠨ ᠳᠡᠮᠵᠢᠬᠦ᠂ ᠣᠯᠠᠨ | ᠱᠠᠲᠤ ᠪᠠᠷ ᠬᠠᠮᠲᠤᠷᠠᠨ ᠬᠥᠳᠡᠯᠦᠯᠴᠡᠬᠦ᠂ ᠣᠯᠠᠨ ᠵᠦᠢᠯ ᠤᠨ ᠠᠷᠭ᠎ᠠ ᠮᠠᠶ᠋ᠢᠭ ᠤᠨ ᠪᠡᠯᠡ ᠮᠥᠩᠭᠦ ᠴᠤᠭᠯᠠᠭᠤᠯᠬᠤ | ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ | ᠴᠡᠪᠡᠷ ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ᠂ ᠣᠷᠳᠣ ᠬᠤᠭᠤᠴᠠᠭ᠎ᠠ ᠪᠠᠷ ᠢᠯᠴᠢ ᠳᠠᠮᠵᠢᠭᠤᠯᠵᠤ | ᠬᠥᠬᠡᠬᠤᠲᠠ ᠳᠤ ᠣᠷᠣᠭᠤᠯᠬᠤ᠂ ᠢᠯᠴᠢ ᠬᠠᠩᠭᠠᠬᠤ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠨᠡᠶᠢᠯᠡᠭᠦᠯᠬᠦ ᠵᠡᠷᠭᠡ | ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ ᠨᠢᠭᠡᠨᠲᠡ ᠵᠠᠰᠠᠭ ᠤᠨ ᠣᠷᠳᠣᠨ ᠤ ᠬᠥᠷᠥᠩᠭᠡ ᠶᠢᠨ | ᠬᠠᠮᠲᠤᠷᠠᠯᠴᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠳᠤ᠂ ᠬᠠᠮᠢᠶ᠎ᠠ ᠪᠦᠬᠦᠢ ᠵᠥᠪᠯᠡᠯᠴᠡᠭᠡᠷ ᠤᠨ ᠶᠣᠰᠣᠭᠠᠷ | ᠡᠳ᠋ ᠤᠨ ᠵᠠᠰᠠᠭ ᠤᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠵᠤ᠂ ᠲᠥᠷᠥᠯ ᠵᠦᠢᠯ ᠤᠨ ᠬᠡᠪ ᠤᠨ | ᠡᠷᠭᠢᠯᠲᠡ ᠶᠢ ᠪᠠᠲᠤᠯᠠᠨ᠎ᠠ᠃ | ᠬᠥᠲᠥᠯᠥᠭᠴᠢ : | 2022 ᠣᠨ ᠳᠤ ᠮᠠᠨ ᠤ ᠬᠤᠳᠠ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠳᠠ︾ ᠪᠠᠷ ᠵᠢᠩᠬᠢᠨᠢ ᠪᠠᠷ ᠨᠡᠷᠡᠶᠢᠳᠦᠭᠳᠡᠵᠦ᠂ ᠬᠤᠳᠠ ᠶᠢᠨ ᠠᠷᠪᠠᠨ ᠭᠤᠷᠪᠠᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠨ ᠤ ᠬᠤᠲᠠ ᠶᠢ | ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠠᠪᠤᠴᠠ ᠳᠤ ᠶᠠᠮᠠᠷ ᠶᠠᠮᠠᠷ ᠠᠰᠢᠭᠲᠠᠢ ᠠᠷᠭ᠎ᠠ ᠬᠡᠮᠵᠢᠶ᠎ᠡ ᠠᠪᠤᠭᠰᠠᠨ | ᠪᠣᠶ︖ ᠮᠠᠨ ᠤ ᠬᠤᠲᠠ ᠶᠢᠨ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠪᠠᠰᠠ ᠶᠠᠮᠠᠷ | ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠣᠶ︖ | ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠰᠠᠯᠠᠭᠠᠨ ᠤ ᠳᠠᠷᠤᠭ᠎ᠠ ᠵᠠᠩ ᠸᠧᠢ : | 2022 ᠣᠨ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠮᠠᠨ ᠤ ᠲᠣᠪᠴᠢᠶ᠎ᠠ ᠡᠯ᠎ᠡ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ | ᠬᠠᠮᠵᠢᠯᠴᠠᠵᠤ᠂ ᠭᠤᠣᠯᠳᠠᠭᠤ ᠲᠦᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ᠂ ᠠᠮᠢ ᠠᠬᠤᠢ ᠶᠢ ᠵᠠᠰᠠᠵᠤ ᠰᠡᠷᠭᠦᠭᠡᠬᠦ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠳᠡᠮᠵᠢᠪᠡ᠃ | ᠨᠢᠭᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢᠨ | ᠲᠤᠯᠭᠠᠭᠤᠷᠢᠯᠠᠯ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠲᠠᠪᠴᠠᠩ ᠪᠠᠶᠢᠭᠤᠯᠵᠤ᠂ | ᠲᠦᠷᠦ ᠶᠢᠨ ᠪᠣᠳᠣᠯᠭ᠎ᠠ ᠭᠠᠷᠭᠠᠵᠤ᠂ ᠲᠣᠭᠲᠠᠴᠠ ᠪᠠᠶᠢᠭᠤᠯᠵᠤ᠂ ᠡᠳ᠋ ᠤᠨ ᠵᠠᠰᠠᠭ ᠤᠨ ᠳᠡᠮᠵᠢᠯᠭᠡ ᠪᠠᠷ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠰᠠᠶᠢᠲᠤᠷ ᠬᠢᠬᠦ ᠶᠢ ᠰᠦᠪᠡᠭᠴᠢᠯᠡᠨ᠎ᠡ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶ᠎ᠡ ᠴᠠᠷᠠᠭ᠎ᠠ ᠶᠢᠨ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠥᠯ ᠢ ᠰᠤᠳᠤᠯᠤᠨ ᠨᠡᠶᠢᠲᠡᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢᠯᠡᠬᠦ | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ | ᠣᠷᠣᠭᠤᠯᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ 2022 ᠣᠨ ᠳᠤ ᠪᠥᠬᠦ ᠬᠤᠲᠠ ᠶᠢᠨ | ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ ᠶᠢ 7.28 ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠣᠶᠢᠷ᠎ᠠ ᠶᠢᠨ ᠲᠠᠪᠤᠨ ᠵᠢᠯ ᠳᠤ ᠨᠡᠶᠢᠲᠡ 36 ᠳ᠋ᠦᠩᠰᠢᠭᠤᠷ ᠲᠥᠭᠦᠷᠢᠭ ᠣᠷᠣᠭᠤᠯᠵᠠᠢ᠃ | ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠩᠬᠠᠷᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠳᠤᠲᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ | ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ | ᠮᠠᠨᠳᠠᠯ ᠤᠨ ᠪᠣᠬᠢᠷᠲᠤᠯ ᠢ ᠭᠦᠨᠵᠡᠭᠡᠢ ᠵᠠᠰᠠᠬᠤ ᠪᠠ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠥᠪᠯᠡᠷᠡᠭᠰᠡᠨ ᠮᠠᠶ᠋ᠢᠭ ᠤᠨ | ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠢ | ᠪᠠᠶᠢᠴᠠᠭᠠᠬᠤ ᠪᠠ ᠠᠶᠤᠯ ᠲᠦᠭᠰᠢᠭᠦᠷᠢ ᠶᠢ ᠦᠨᠡᠯᠡᠬᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠪᠣᠬᠢᠷ ᠦᠮᠡᠬᠡᠢ ᠤᠰᠤᠨ | ᠴᠣᠭᠴᠠ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠳᠡᠮᠵᠢᠨ᠎ᠡ᠃ ᠬᠥᠬᠡ ᠣᠭᠲᠠᠷᠭᠤᠢ᠂ ᠴᠡᠩᠬᠡᠷ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠳᠤ ᠪᠦᠲᠦᠮᠵᠢᠲᠡᠢ ᠬᠦᠴᠦᠨ | ᠨᠡᠮᠡᠷᠢᠯᠡᠨ᠎ᠡ᠃ ᠭᠤᠷᠪᠠ ᠳᠤ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ | ᠨᠤᠲᠤᠭ ᠪᠡᠯᠴᠢᠭᠡᠷ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ︾ ᠭᠡᠬᠦ ᠣᠶᠢᠯᠠᠭᠠᠭᠳᠠᠬᠤᠨ ᠢ ᠬᠢᠨᠠᠮᠠᠭᠠᠢ | ᠲᠤᠤᠱᠯᠠᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠳᠡᠮᠵᠢᠨ᠎ᠡ᠃ | ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠵᠦ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠢ ᠰᠢᠭᠤᠢ ᠶᠢᠨ ᠦᠢᠯᠡᠰ ᠤᠨ ᠬᠠᠮᠠᠭᠠᠯᠠᠯᠲᠠ ᠪᠠ ᠬᠥᠭᠵᠢᠯᠲᠡ ᠶᠢ | ᠢᠳᠡᠪᠬᠢᠲᠡᠢ ᠳᠡᠮᠵᠢᠵᠦ᠂ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠴᠢᠩ ᠱᠦᠢ ᠾᠧ ᠭᠤᠣᠯ ᠤᠨ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠦᠷᠦᠯ ᠵᠦᠢᠯ ᠪᠠ ᠲᠡᠦᠬᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠬᠤ ᠲᠥᠪ ᠤᠨ ᠵᠢᠱᠢᠶ᠎ᠡ ᠦᠵᠡᠭᠦᠯᠬᠦ ᠴᠢᠨᠠᠷᠲᠠᠢ ᠲᠦᠷᠦᠯ ᠵᠦᠢᠯ ᠢ | ᠰᠠᠶᠢᠲᠤᠷ ᠥᠷᠨᠢᠭᠦᠯᠬᠦ ᠶᠢ ᠠᠬᠢᠭᠤᠯᠤᠨ᠎ᠠ᠃ ᠳᠥᠷᠪᠡ ᠳᠤ᠂ ᠤᠯᠠᠨ ᠡᠰᠢᠵᠢᠭᠰᠡᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠡᠬᠢ ᠪᠠᠶᠠᠯᠢᠭ ᠢ ᠲᠣᠬᠢᠷᠠᠭᠤᠯᠬᠤ | ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠡᠯ᠎ᠡ | ᠲᠦᠷᠦᠯ ᠤᠨ ᠡᠬᠢ ᠪᠠᠶᠠᠯᠢᠭ ᠪᠠ ᠡᠯᠧᠮᠧᠨ᠋ᠲ ᠤᠨ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ | ᠬᠦᠷᠢᠶᠡᠨ ᠳᠤ ᠴᠤᠭᠯᠠᠷᠠᠬᠤ ᠶᠢ ᠬᠥᠲᠥᠯᠥᠨ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠬᠥᠷᠥᠩᠭᠡ ᠪᠠ ᠨᠡᠶᠢᠭᠡᠮ ᠤᠨ | ᠬᠥᠷᠥᠩᠭᠡ ᠶᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠳᠡᠮᠵᠢᠭᠦᠯᠦᠨ᠎ᠡ᠃ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ᠂ ᠮᠠᠨ ᠤ | ᠬᠤᠲᠠ ᠶᠢᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢᠨ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠲᠤᠳᠬᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠢᠳᠡ ᠡᠳ᠋ ᠤᠨ ᠵᠠᠰᠠᠭ ᠤᠨ | ᠡᠭᠦᠷᠭᠡ ᠴᠢᠳᠠᠪᠬᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠤᠲᠠ ᠬᠥᠳᠡᠭᠡ ᠶᠢᠨ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠬᠤᠲᠠ ᠶᠢᠨ ᠲᠤᠰ ᠱᠠᠲᠤᠨ ᠤ ᠠᠮᠢ ᠠᠬᠤᠢ ᠶᠢᠨ | ᠬᠠᠮᠠᠭᠠᠯᠠᠯᠲᠠ ᠶᠢᠨ ᠬᠦᠷᠢᠶᠡᠨ ᠳᠠᠬᠢ ᠪᠡᠯᠡ ᠮᠥᠩᠭᠦ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ | ᠡᠷᠡᠭᠦᠯ ᠴᠢᠭᠢᠷᠠᠭ᠂ ᠳᠥᠭᠦᠮ ᠳᠥᠲᠡ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠡᠶ᠎ᠡ ᠵᠣᠬᠢᠴᠠᠩᠭᠤᠢ ᠬᠤᠲᠠ ᠶᠢᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠭᠤᠯᠵᠤ᠂ ᠮᠠᠨ ᠤ ᠬᠤᠲᠠ ᠶᠢᠨ ᠠᠵᠤ ᠠᠬᠤᠢ | ᠨᠡᠶᠢᠭᠡᠮ ᠤᠨ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠥᠲᠥᠯᠥᠭᠴᠢ : | ᠰᠠᠶ᠋ᠢᠬᠠᠨ ᠲᠠᠨᠢᠯᠴᠠᠭᠤᠯᠬᠤ ᠳᠠᠭᠠᠨ᠂ ᠮᠠᠨ ᠤ ᠬᠤᠲᠠ ᠡᠨᠡ ᠵᠢᠯ ᠶᠠᠭ ᠤᠮᠠᠷᠠᠲᠤ ᠣᠷᠣᠨ ᠤ ᠠᠷᠢᠭᠤᠨ | ᠴᠡᠪᠡᠷ ᠢᠶᠠᠷ ᠳᠤᠯᠠᠭᠠᠯᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠵᠠᠰᠠᠯᠲᠠ ᠶᠢᠨ | ᠲᠥᠪ ᠤᠨ ᠵᠢᠱᠢᠶ᠎ᠡ ᠦᠵᠡᠭᠦᠯᠬᠦ ᠴᠢᠨᠠᠷᠲᠠᠢ ᠬᠤᠶᠠᠷ ᠲᠥᠷᠥᠯ ᠵᠦᠢᠯ ᠢ ᠬᠡᠷᠡᠭᠵᠢᠭᠦᠯᠵᠦ ᠪᠠᠶᠢᠨ᠎ᠠ ᠭᠡᠵᠦ ᠳᠤᠷᠠᠳᠤᠭᠰᠠᠨ | ᠪᠠᠶᠢᠨ᠎ᠠ᠃ ᠲᠡᠭᠡᠪᠡᠯ ᠡᠨᠡ ᠬᠤᠶᠠᠷ ᠵᠦᠢᠯ ᠤᠨ ᠦᠨᠳᠦᠰᠦᠨ ᠪᠠᠶᠢᠳᠠᠯ ᠪᠠ ᠣᠳᠣᠬᠠᠨ ᠤ ᠠᠬᠢᠴᠠ ᠶᠢᠨ ᠪᠠᠶᠢᠳᠠᠯ ᠨᠢ | ᠶᠠᠮᠠᠷ ᠪᠤᠢ︖ | ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠰᠠᠯᠠᠭᠠᠨ ᠤ ᠳᠠᠷᠤᠭ᠎ᠠ ᠵᠠᠩ ᠸᠧᠢ ᠄ | ᠳᠣᠣᠷ᠎ᠠ ᠪᠢ ᠲᠠ ᠪᠦᠬᠦᠨ ᠳᠤ ᠡᠨᠡ ᠬᠤᠶᠠᠷ ᠵᠦᠢᠯ ᠢ ᠪᠣᠳᠠᠲᠠᠢ ᠪᠠᠷ ᠲᠠᠨᠢᠯᠴᠠᠭᠤᠯᠤᠶ᠎ᠠ᠃ ᠤᠮᠠᠷᠠᠲᠤ ᠣᠷᠣᠨ ᠤ | ᠠᠷᠢᠭᠤᠨ ᠴᠡᠪᠡᠷ ᠳᠤᠯᠠᠭᠠᠯᠭ᠎ᠠ ᠶᠢᠨ ᠲᠥᠷᠥᠯ ᠵᠦᠢᠯ ᠪᠣᠯ ᠮᠠᠨ ᠤ ᠬᠤᠲᠠ ᠶᠢᠨ 2022 ᠣᠨ ᠳᠤ | ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠦᠭᠰᠡᠨ ᠲᠥᠪ ᠤᠨ ᠵᠢᠱᠢᠶ᠎ᠡ ᠦᠵᠡᠭᠦᠯᠬᠦ ᠴᠢᠨᠠᠷᠲᠠᠢ ᠲᠥᠷᠥᠯ ᠵᠦᠢᠯ | ᠪᠣᠯᠣᠨ᠎ᠠ᠂ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠠᠶᠢᠵᠤ᠂ 56 ᠭᠤᠣᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠭᠤᠣᠯᠳᠠᠭᠤ ᠢᠯᠴᠢ ᠶᠢᠨ ᠢᠷᠡᠯᠲᠡ ᠶᠢᠨ ᠢᠯᠴᠢ ᠶᠢᠨ | ᠲᠣᠣᠷ ᠤᠨ ᠪᠦᠲᠦᠭᠡᠨ ᠪᠠᠶᠢᠭᠤᠯᠤᠯᠲᠠ᠂ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠭᠳᠡᠭᠦᠯᠬᠦ᠂ ᠰᠢᠲᠠᠭᠠᠯᠭ᠎ᠠ ᠶᠢᠨ | ᠨᠡᠭᠦᠷᠡᠰᠦ ᠶᠢ ᠰᠤᠯᠠ ᠰᠢᠲᠠᠭᠠᠬᠤ ᠵᠠᠰᠠᠯᠲᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ | ᠬᠤᠭᠤᠯᠠᠢ ᠶᠢᠨ ᠲᠣᠣᠷ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠬᠡᠰᠡᠭ ᠪᠠᠭᠲᠠᠵᠤ᠂ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 108 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠤ | ᠳᠣᠲᠣᠷ᠎ᠠ ᠲᠥᠪ ᠤᠨ ᠪᠡᠯᠡ ᠮᠥᠩᠭᠦ ᠶᠢ 21 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠣᠷᠣᠨ ᠨᠤᠲᠤᠭ ᠤᠨ | ᠪᠡᠯᠡ ᠮᠥᠩᠭᠦ ᠶᠢ 24 ᠳ᠋ᠦᠩᠰᠢᠭᠤᠷ ᠲᠥᠭᠦᠷᠢᠭ ᠢᠶᠠᠷ ᠲᠥᠬᠦᠷᠵᠢᠭᠦᠯᠵᠦ᠂ ᠠᠵᠤ ᠠᠬᠤᠶᠢᠯᠠᠯ ᠤᠨ ᠪᠡᠯᠡ ᠮᠥᠩᠭᠦ ᠶᠢ | 63 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ | ᠬᠤᠲᠠ ᠶᠢᠨ ᠲᠣᠭᠤᠷᠢᠭ᠂ ᠰᠢᠶᠠᠨ ᠤ ᠬᠤᠲᠠ᠂ ᠬᠥᠳᠡᠭᠡ ᠲᠣᠰᠬᠤᠨ ᠤ ᠲᠠᠯ᠎ᠠ ᠭᠠᠵᠠᠷ ᠤᠨ ᠠᠷᠢᠭᠤᠨ ᠴᠡᠪᠡᠷ | ᠳᠤᠯᠠᠭᠠᠯᠠᠭ᠎ᠠ ᠶᠢᠨ ᠨᠣᠷᠮ᠎ᠠ ᠶᠢ 100% ᠳᠤ ᠬᠦᠷᠭᠡᠵᠦ᠂ ᠪᠥᠬᠦ ᠬᠤᠲᠠ ᠶᠢᠨ ᠠᠭᠠᠷ ᠰᠠᠶᠢᠨ ᠡᠳᠦᠷ ᠤᠨ | ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠣᠳᠣᠬᠠᠨ ᠤ ᠲᠥᠷᠥᠯ ᠵᠦᠢᠯ ᠢ | ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠠᠴᠠ ᠦᠵᠡᠪᠡᠯ᠂ 2022 ᠣᠨ ᠪᠠ 2023 ᠣᠨ ᠤ ᠡᠭᠦᠷᠭᠡ ᠶᠢ | ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ 8 ᠳ᠋ᠤᠭᠠᠷ ᠰᠠᠷ᠎ᠠ ᠪᠠ 9 ᠳ᠋ᠦᠭᠡᠷ ᠰᠠᠷ᠎ᠠ ᠳᠤ ᠥᠪᠡᠷᠲᠡᠭᠡᠨ ᠵᠠᠰᠠᠬᠤ | ᠣᠷᠣᠨ ᠪᠠ ᠤᠯᠤᠰ ᠤᠨ ᠰᠢᠯᠭᠠᠨ ᠬᠢᠨᠠᠬᠤ ᠳᠤᠭᠤᠶᠢᠯᠠᠩ ᠲᠣᠰ ᠲᠣᠰ ᠮᠠᠨ ᠤ ᠬᠤᠲᠠ ᠶᠢᠨ ᠠᠷᠢᠭᠤᠨ ᠴᠡᠪᠡᠷ | ᠳᠤᠯᠠᠭᠠᠯᠠᠭ᠎ᠠ ᠶᠢᠨ ᠲᠥᠷᠥᠯ ᠵᠦᠢᠯ ᠳᠤ ᠳᠤᠮᠳᠠ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ | ᠬᠢᠨᠠᠯᠲᠠ ᠶᠢ ᠥᠷᠨᠢᠭᠦᠯᠵᠦ᠂ ᠰᠢᠯᠭᠠᠨ ᠬᠢᠨᠠᠬᠤ ᠳᠤᠭᠤᠶᠢᠯᠠᠩ ᠮᠠᠨ ᠤ ᠬᠤᠲᠠ ᠶᠢᠨ ᠲᠣᠰ ᠠᠵᠢᠯ ᠢ ᠳᠡᠭᠡᠳᠦ | ᠬᠡᠮᠵᠢᠶ᠎ᠡ ᠪᠠᠷ ᠨᠤᠲᠠᠯᠠᠪᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠬᠤ ᠲᠦᠷᠦᠯ | ᠵᠦᠢᠯ ᠨᠢ ᠡᠨᠡ ᠵᠢᠯ ᠤᠨ 5 ᠰᠠᠷ᠎ᠠ ᠳᠤ ᠡᠳ᠋ ᠤᠨ ᠵᠠᠰᠠᠭ ᠤᠨ ᠶᠠᠮᠤᠨ ᠤ ᠵᠢᠱᠢᠶ᠎ᠡ ᠦᠵᠡᠭᠦᠯᠬᠦ ᠢᠨᠵᠧᠨᠧᠷᠢᠩ ᠤᠨ | ᠲᠦᠷᠦᠯ ᠲᠥᠷᠥᠯ ᠵᠦᠢᠯ ᠤᠨ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ | ᠨᠢ 5.64 ᠳ᠋ᠦᠩᠰᠢᠭᠤᠷ ᠲᠥᠭᠦᠷᠢᠭ ᠪᠣᠯᠣᠨ᠎ᠠ᠂ ᠡᠭᠦᠨ ᠳᠤ ᠲᠥᠪ ᠤᠨ ᠡᠳ᠋ ᠤᠨ ᠵᠠᠰᠠᠭ ᠠᠴᠠ 3 ᠳ᠋ᠦᠩᠰᠢᠭᠤᠷ | ᠲᠥᠭᠦᠷᠢᠭ ᠨᠥᠬᠦᠪᠦᠷᠢᠯᠡᠵᠦ᠂ ᠣᠷᠣᠨ ᠨᠤᠲᠤᠭ ᠤᠨ ᠢᠵᠢ ᠪᠦᠷᠢᠳᠦᠭᠦᠯᠦᠭᠰᠡᠨ ᠨᠢ 2.64 ᠳ᠋ᠦᠩᠰᠢᠭᠤᠷ | ᠲᠥᠭᠦᠷᠢᠭ ᠪᠣᠯᠣᠨ᠎ᠠ᠃ ᠲᠣᠰ ᠲᠥᠷᠥᠯ ᠵᠦᠢᠯ ᠳᠤ 3 ᠵᠢᠯ ᠤᠨ ᠬᠤᠭᠤᠴᠠᠭ᠎ᠠ ᠬᠡᠷᠡᠭᠰᠡᠵᠦ ᠪᠠᠶᠢᠭᠠᠳ ᠮᠠᠨ ᠤ | ᠬᠤᠲᠠ ᠶᠢᠨ 467 ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠵᠢᠷᠤᠭ ᠢ ᠪᠦᠬᠦᠨ ᠢ | ᠵᠠᠰᠠᠨ ᠰᠡᠷᠭᠦᠭᠡᠵᠦ᠂ ᠵᠠᠰᠠᠭᠰᠠᠨ ᠲᠠᠯᠠᠪᠠᠶ ᠨᠢ 1306.05 ᠾᠧᠺᠲ᠋ᠠᠷ᠂ ᠠᠮᠢ ᠠᠬᠤᠢ ᠶᠢ ᠵᠠᠰᠠᠨ ᠰᠡᠷᠭᠦᠭᠡᠭᠰᠡᠨ | ᠲᠠᠯᠠᠪᠠᠶ ᠨᠢ 2767.62 ᠾᠧᠺᠲ᠋ᠠᠷ ᠪᠠᠶᠢᠵᠤ᠂ ᠲᠥᠷᠥᠯ ᠵᠦᠢᠯ ᠤᠨ ᠠᠵᠢᠯ ᠳᠠᠭᠤᠰᠤᠭᠰᠠᠨ ᠤ ᠳᠠᠷᠠᠭ᠎ᠠ | ᠵᠢᠱᠢᠯᠲᠡ ᠪᠠᠷ ᠰᠢᠨ᠎ᠡ ᠪᠠᠷ ᠨᠡᠮᠡᠭᠳᠡᠭᠰᠡᠨ ᠣᠶᠢᠲᠤ ᠭᠠᠵᠠᠷ ᠵᠢᠴᠢ ᠣᠶᠢᠲᠤ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠬᠦ ᠲᠠᠯᠠᠪᠠᠶ ᠨᠢ 190.07 ᠾᠧᠺᠲ᠋ᠠᠷ᠂ ᠰᠢᠨ᠎ᠡ ᠪᠠᠷ ᠨᠡᠮᠡᠭᠳᠡᠭᠰᠡᠨ ᠡᠪᠡᠰᠦᠲᠦ ᠭᠠᠵᠠᠷ | ᠵᠢᠴᠢ ᠮᠠᠭᠤᠳᠠᠭᠰᠠᠨ ᠡᠪᠡᠰᠦᠲᠦ ᠭᠠᠵᠠᠷ ᠢ ᠵᠠᠰᠠᠨ ᠰᠡᠷᠭᠦᠭᠡᠬᠦ ᠲᠠᠯᠠᠪᠠᠶ ᠨᠢ 2223.84 ᠾᠧᠺᠲ᠋ᠠᠷ᠂ ᠵᠠᠰᠠᠨ | ᠰᠡᠷᠭᠦᠭᠡᠬᠦ ᠲᠠᠷᠢᠶᠠᠨ ᠭᠠᠵᠠᠷ ᠤᠨ ᠲᠠᠯᠠᠪᠠᠶ ᠨᠢ 39.5 ᠾᠧᠺᠲ᠋ᠠᠷ ᠪᠣᠯᠣᠨ᠎ᠠ᠃ ᠲᠤᠰ ᠲᠦᠷᠦᠯ ᠵᠦᠢᠯ ᠨᠢ ᠮᠠᠨ ᠤ | ᠬᠤᠳᠠ ᠶᠢᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ᠂ ᠬᠠᠳᠤᠨ ᠭᠤᠣᠯ ᠤᠨ︽ᠬᠡᠳᠦᠨ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ᠂ ᠠᠮᠢ ᠠᠬᠤᠢ ᠶᠢᠨ ᠴᠢᠳᠠᠪᠤᠷᠢ ᠶᠢᠨ ᠲᠡᠰ ᠪᠣᠯᠣᠨ ᠵᠠᠰᠠᠯᠲᠠ ᠶᠢᠨ | ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠲᠥᠯᠥᠭᠴᠢ᠄ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠨᠢ ᠡᠳ᠋ ᠤᠨ ᠵᠠᠰᠠᠭ ᠤᠨ ᠵᠠᠷᠤᠯᠭ᠎ᠠ ᠶᠢᠨ | ᠬᠠᠮᠢᠶᠠᠷᠤᠯᠲᠠ ᠶᠢᠨ ︽ᠭᠤᠷᠪᠠᠨ ᠮᠣᠷᠢᠨ ᠲᠡᠷᠭᠡ︾ ᠶᠢᠨ ᠨᠢᠭᠡ ᠪᠣᠯᠤᠭᠰᠠᠨ ᠤ ᠬᠤᠪᠢ ᠳᠤ᠂ ᠡᠳ᠋ ᠤᠨ ᠵᠠᠰᠠᠭ ᠤᠨ | ᠪᠡᠯᠡ ᠮᠥᠩᠭᠦ ᠪᠠᠷ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠳᠡᠮᠵᠢᠬᠦ | ᠳᠣᠣᠷ᠎ᠠ ᠪᠢᠳᠡᠨ ᠳᠤ ᠪᠣᠳᠠᠲᠠᠢ ᠪᠠᠷ ᠲᠠᠨᠢᠯᠴᠠᠭᠤᠯᠤᠶ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ ᠶᠢᠨ ᠳᠡᠳ᠋ ᠳᠠᠷᠤᠭ᠎ᠠ ᠶᠠᠨ ᠫᠣᠩ ᠰᠢᠦᠢ ᠄ | ᠮᠠᠨ ᠤ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠨᠢ ᠰᠢ ᠶᠢᠨ ᠫᠢᠩ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠣᠳᠠᠲᠠᠢ ᠬᠤᠳᠠᠯᠳᠤᠨ ᠠᠪᠬᠤ ᠵᠦᠢᠯᠡᠰ ᠲᠤ | ᠨᠠᠶᠢᠳᠠᠪᠤᠷᠢᠵᠢᠭᠤᠯᠬᠤ ᠪᠠᠷ ᠴᠢᠷᠮᠠᠶᠢᠭᠰᠠᠭᠠᠷ ᠢᠷᠡᠵᠡᠶ᠂ ᠪᠣᠳᠠᠲᠠᠢ ᠪᠠᠷ ᠬᠡᠯᠡᠪᠡᠯ᠄ ᠨᠢᠭᠡ ᠳᠤ ᠵᠠᠰᠠᠭ ᠤᠨ ᠣᠷᠳᠣᠨ ᠤ | ᠪᠣᠬᠢᠷᠲᠤᠯ ᠦᠭᠡᠢ ᠬᠤᠳᠠᠯᠳᠤᠨ ᠠᠪᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠥᠬᠡᠬᠤᠲᠠ ᠶᠢᠨ | ᠲᠤᠰ ᠱᠠᠲᠤᠨ ᠤ ᠬᠤᠳᠠᠯᠳᠤᠨ ᠠᠪᠤᠭᠴᠢ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠠᠷᠭ᠎ᠠ︾ ︽ᠵᠠᠰᠠᠭ ᠤᠨ ᠣᠷᠳᠣᠨ ᠤ ᠪᠣᠬᠢᠷᠲᠤᠯ ᠦᠭᠡᠢ | ᠬᠤᠳᠠᠯᠳᠤᠨ ᠠᠪᠬᠤ ᠠᠵᠢᠯ ᠢ ᠲᠦᠷᠭᠡᠳᠬᠡᠨ ᠠᠬᠢᠭᠤᠯᠬᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ | ᠂ ︽ᠬᠡᠨ ᠬᠤᠳᠠᠯᠳᠤᠨ ᠠᠪᠤᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠤᠳᠠᠯᠳᠤᠨ ᠠᠪᠤᠭᠴᠢ ᠶᠢ | ᠪᠣᠬᠢᠷᠲᠤᠯ ᠦᠭᠡᠢ ᠬᠤᠳᠠᠯᠳᠤᠨ ᠠᠪᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠵᠠᠰᠠᠭ ᠤᠨ ᠣᠷᠳᠣᠨ ᠤ ᠤᠷᠢᠳᠠᠪᠠᠷ ᠬᠤᠳᠠᠯᠳᠤᠨ ᠠᠪᠬᠤ ᠪᠠ ᠠᠯᠪᠠᠳᠠᠯᠭ᠎ᠠ ᠪᠠᠷ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠮᠡᠷᠭᠡᠵᠢᠯ᠂ ᠦᠢᠯᠡᠴᠢᠯᠡᠭᠡ ᠵᠡᠷᠭᠡ ᠭᠦᠢᠴᠡᠳᠬᠡᠯ ᠲᠤᠭ᠎ᠠ ᠪᠠᠷ ᠬᠤᠳᠠᠯᠳᠤᠨ | ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠡᠨᠧᠷᠭᠢ ᠠᠷᠪᠢᠯᠠᠬᠤ ᠦᠢᠯᠡᠳᠬᠦᠨ ᠢ | ᠤᠷᠢᠳᠠᠪᠠᠷ ᠬᠤᠳᠠᠯᠳᠤᠨ ᠠᠪᠬᠤ ᠶᠢ ᠱᠠᠭᠠᠷᠳᠠᠨ᠎ᠠ︔ ᠬᠡᠰᠡᠭ ᠡᠨᠧᠷᠭᠢ ᠠᠷᠪᠢᠯᠠᠬᠤ ᠦᠷ᠎ᠡ ᠪᠦᠲᠦᠮᠵᠢ᠂ ᠰᠢᠨᠵᠢ | ᠴᠢᠨᠠᠷ ᠵᠡᠷᠭᠡ ᠱᠠᠭᠠᠷᠳᠠᠯᠭ᠎ᠠ ᠳᠤ ᠬᠦᠷᠦᠭᠰᠡᠨ ᠦᠢᠯᠡᠳᠬᠦᠨ ᠳᠤ ᠠᠯᠪᠠᠳᠠᠯᠭ᠎ᠠ ᠪᠠᠷ ᠬᠤᠳᠠᠯᠳᠤᠨ ᠠᠪᠬᠤ ᠶᠢ | ᠬᠡᠷᠡᠭᠵᠢᠭᠦᠯᠵᠦ᠂ ᠲᠣᠰ ᠨᠢᠭᠡᠴᠡ ᠶᠢᠨ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠬᠠᠷᠢᠴᠠᠯ ᠢ | 80% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠤᠶᠠᠷ ᠲᠤ ᠵᠠᠰᠠᠭ ᠤᠨ ᠣᠷᠳᠣᠨ ᠤ | ᠪᠣᠬᠢᠷᠲᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ︽ᠡᠭᠦᠯᠡᠨ ᠲᠠᠪᠴᠠᠩ︾ ᠢᠶᠠᠷ | ᠲᠦᠰᠢᠭ ᠪᠣᠯᠭᠠᠵᠤ᠂ ︽ᠬᠥᠮᠥᠨ ᠤ ᠬᠦᠴᠦ + ᠣᠶᠤᠨᠴᠢ︾ ᠠᠷᠭ᠎ᠠ ᠮᠠᠶ᠋ᠢᠭ ᠢ ᠬᠡᠷᠡᠭᠯᠡᠨ᠂ ᠠᠵᠢᠯ ᠤᠨ ᠪᠠᠶᠢᠷᠢ | ᠬᠤᠪᠢᠶᠠᠨ ᠡᠷᠬᠡ ᠣᠯᠭᠤᠬᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠤᠳᠠᠯᠳᠤᠨ | ᠠᠪᠤᠭᠴᠢ ᠶᠢᠨ ︽ᠬᠤᠳᠠᠯᠳᠤᠨ ᠠᠪᠬᠤ ᠲᠥᠰᠥᠪ ᠢ ᠨᠠᠶᠢᠷᠠᠭᠤᠯᠤᠨ ᠵᠣᠬᠢᠶᠠᠬᠤ - ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠶᠢ ᠲᠣᠭᠲᠠᠭᠠᠬᠤ - ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠬᠢᠭᠡᠳ ᠭᠡᠷ᠎ᠡ ᠶᠢᠨ ᠠᠯᠪᠠᠨ ᠵᠠᠷ | ᠨᠡᠶᠢᠲᠡᠯᠡᠬᠦ︾ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠤᠨ ᠪᠥᠬᠦ ᠶᠠᠪᠤᠴᠠ ᠶᠢᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ | ᠡᠭᠦᠨ ᠤ ᠬᠠᠮᠲᠤ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠲᠠᠢ ︽ᠡᠳᠦᠷ ᠤᠨ | ᠨᠡᠪᠲᠡᠷᠡᠯᠴᠡᠭᠡ - ᠭᠠᠷᠠᠭ ᠤᠨ ᠰᠣᠯᠢᠯᠴᠠᠭ᠎ᠠ - ᠰᠠᠷ᠎ᠠ ᠶᠢᠨ ᠳ᠋ᠦᠩᠨᠡᠯᠲᠡ︾ ᠶᠢᠨ ᠠᠵᠢᠯ ᠤᠨ ᠲᠣᠭᠲᠠᠴᠠ ᠶᠢ | ᠪᠠᠶᠢᠭᠤᠯᠵᠤ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠦᠢᠯᠡᠳᠬᠦᠨ ᠵᠡᠷᠭᠡ | ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠪᠠ᠃ ᠭᠤᠷᠪᠠ ᠳᠤ ᠵᠠᠰᠠᠭ ᠤᠨ | ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠶᠢ ᠤᠬᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠶᠢᠨ ᠫᠤᠷᠲ᠋ᠧᠯ ᠰᠦᠯᠵᠢᠶ᠎ᠡ ᠶᠢᠨ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ︾ ᠲᠤᠰᠬᠠᠢ ᠪᠤᠯᠤᠩ ᠳᠤ ︽ᠣᠷᠴᠢᠨ ᠲᠣᠭᠤᠷᠢᠨ ᠤ ᠲᠡᠮᠳᠡᠭ ᠲᠠᠢ ᠪᠦᠲᠦᠭᠡᠭᠳᠡᠬᠦᠨ ᠤ ᠵᠠᠰᠠᠭ ᠤᠨ | ᠣᠷᠳᠣᠨ ᠤ ᠬᠤᠳᠠᠯᠳᠤᠨ ᠠᠪᠬᠤ ᠪᠦᠲᠦᠭᠡᠭᠳᠡᠬᠦᠨ ᠤ ᠭᠠᠷᠴᠠᠭ ᠤᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ | ᠲᠤᠬᠠᠢ ᠡᠳ᠋ ᠤᠨ ᠵᠠᠰᠠᠭ ᠤᠨ ᠶᠠᠮᠤᠨ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ︽ | ᠡᠨᠧᠷᠭᠢ ᠠᠷᠪᠢᠯᠠᠬᠤ ᠪᠦᠲᠦᠭᠡᠭᠳᠡᠬᠦᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠪᠦᠲᠦᠭᠡᠭᠳᠡᠬᠦᠨ ᠤ | ᠭᠠᠷᠴᠠᠭ ᠤᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠬᠤᠳᠠᠯᠳᠤᠨ | ᠠᠪᠤᠭᠴᠢ ᠶᠢ ᠬᠠᠪᠰᠤᠷᠤᠨ ᠣᠷᠴᠢᠨ ᠲᠣᠭᠤᠷᠢᠨ ᠤ ᠲᠡᠮᠳᠡᠭ ᠲᠠᠢ ᠦᠢᠯᠡᠳᠬᠦᠨ᠂ ᠡᠨᠧᠷᠭᠢ ᠠᠷᠪᠢᠯᠠᠬᠤ | ᠦᠢᠯᠡᠳᠬᠦᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠳᠬᠦᠨ ᠤ ᠭᠠᠷᠴᠠᠭ ᠤᠨ ᠨᠠᠷᠢᠨ | ᠬᠠᠭᠤᠳᠠᠰᠤ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ | ᠠᠪᠬᠤ ᠠᠵᠢᠯᠯᠠᠭ᠎ᠠ ᠶᠢ ᠡᠭᠦᠨ ᠤ ᠬᠠᠮᠲᠤ᠂ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠰᠣᠨᠢᠨ︾ ︽ᠥᠪᠥᠷ ᠮᠣᠩᠭᠤᠯ ᠤᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠰᠣᠨᠢᠨ︾ ︽ | ᠬᠥᠬᠡᠬᠤᠲᠠ ᠶᠢᠨ ᠡᠳᠦᠷ ᠤᠨ ᠰᠣᠨᠢᠨ︾ ᠵᠡᠷᠭᠡ ᠡᠷᠬᠡ ᠰᠦᠷᠲᠦ ᠵᠠᠭᠤᠴᠢᠯᠠᠭᠤᠷ ᠲᠤ ᠮᠠᠨ ᠤ ᠤᠯᠤᠰ ᠤᠨ | ᠬᠤᠲᠠ ᠶᠢᠨ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠠᠵᠢᠯ ᠤᠨ ᠬᠥᠳᠡᠯᠦᠯ ᠪᠠᠶᠢᠳᠠᠯ ᠢ | ᠨᠡᠶᠢᠲᠡᠯᠡᠪᠡ᠃ ᠡᠭᠦᠨ ᠳᠤ᠂ ︽ᠬᠥᠬᠡᠬᠤᠲᠠ ᠶᠢᠨ ᠡᠷᠭᠦᠭᠰᠡᠨ ᠵᠠᠰᠠᠭ ᠤᠨ ᠣᠷᠳᠣᠨ ᠡᠭᠦᠯᠡᠨ ᠳᠤ ᠣᠷᠣᠲᠠᠯ᠎ᠠ︾ ︽ | ᠪᠣᠬᠢᠷᠲᠤᠯ ᠦᠭᠡᠢ ᠪᠠᠷ ᠬᠤᠳᠠᠯᠳᠤᠨ ᠠᠪᠬᠤ᠂ ᠠᠳᠡᠬᠢ ᠥᠩᠭᠡ ᠦᠵᠡᠮᠵᠢ ᠣᠨᠴᠠᠭᠠᠶ ᠰᠠᠶᠢᠬᠠᠨ - ᠥᠪᠥᠷ | ᠮᠣᠩᠭᠤᠯ ᠤᠨ ᠬᠥᠬᠡᠬᠤᠲᠠ ᠶᠢᠨ ᠪᠣᠬᠢᠷᠲᠤᠯ ᠦᠭᠡᠢ ᠪᠠᠷ ᠬᠤᠳᠠᠯᠳᠤᠨ ᠠᠪᠬᠤ ᠠᠵᠢᠯ ᠢ ᠲᠦᠯᠬᠢᠨ ᠠᠬᠢᠭᠤᠯᠵᠤ | ᠪᠠᠶᠢᠭ᠎ᠠ ᠪᠠᠶᠢᠳᠠᠯ︾ ᠭᠡᠬᠦ ᠭᠠᠷᠴᠠᠭ ᠲᠠᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠰᠣᠨᠢᠨ︾ ᠳᠤ ᠨᠡᠶᠢᠲᠡᠯᠡᠭᠳᠡᠪᠡ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠥᠪᠥᠷ ᠮᠣᠩᠭᠤᠯ ᠳᠤ | ᠰᠠᠭᠤᠭ᠎ᠠ ᠶᠡᠷᠦᠩᠬᠡᠢ ᠥᠷᠲᠡᠭᠡ ᠶᠢᠨ ᠮᠠᠨ ᠤ ᠲᠣᠪᠴᠢᠶ᠎ᠠ ᠶᠢᠨ ︽ᠵᠠᠰᠠᠭ ᠤᠨ ᠣᠷᠳᠣᠨ ᠤ ᠪᠣᠬᠢᠷᠲᠤᠯ ᠦᠭᠡᠢ | ᠬᠤᠳᠠᠯᠳᠤᠨ ᠠᠪᠬᠤ︾ ᠠᠵᠢᠯ ᠤᠨ ᠪᠠᠶᠢᠳᠠᠯ ᠤᠨ ᠲᠤᠬᠠᠢ ᠰᠣᠷᠪᠤᠯᠵᠢᠯᠠᠭ᠎ᠠ ᠶᠢ ᠬᠦᠯᠢᠶᠡᠵᠦ᠂ ᠵᠠᠰᠠᠭ ᠤᠨ | ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠠᠵᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠨᠤᠲᠠᠯᠠᠯᠲᠠ ᠪᠠ ᠵᠥᠪᠰᠢᠶᠡᠷᠡᠯ ᠢ ᠣᠯᠪᠠ᠃ 2023 ᠣᠨ ᠠᠴᠠ ᠭᠤᠷᠪᠠᠳᠤᠭᠠᠷ ᠤᠯᠠᠷᠢᠯ ᠪᠣᠯᠲᠠᠯ᠎ᠠ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠡᠨᠧᠷᠭᠢ ᠠᠷᠪᠢᠯᠠᠬᠤ᠂ ᠤᠰᠤ ᠠᠷᠪᠢᠯᠠᠬᠤ | ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 4304.5 ᠲᠦᠮᠡᠨ ᠲᠥᠭᠦᠷᠢᠭ ᠲᠤ ᠬᠦᠷᠴᠦ᠂ | ᠠᠳᠠᠯᠢ ᠲᠥᠷᠥᠯ ᠤᠨ ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠢᠨ 90.41% ᠳᠤ | ᠬᠦᠷᠴᠡᠢ︔ ᠣᠷᠴᠢᠨ ᠠᠬᠤᠢ ᠶᠢᠨ ᠬᠠᠮᠠᠭᠠᠯᠠᠯᠲᠠ ᠶᠢᠨ ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ | ᠲᠤᠭ᠎ᠠ 7825.1 ᠲᠦᠮᠡᠨ ᠲᠥᠭᠦᠷᠢᠭ ᠪᠠᠶᠢᠵᠤ᠂ ᠠᠳᠠᠯᠢ ᠲᠥᠷᠥᠯ ᠤᠨ ᠦᠢᠯᠡᠳᠬᠦᠨ ᠢ ᠬᠤᠳᠠᠯᠳᠤᠨ ᠠᠪᠤᠭᠰᠠᠨ | ᠵᠣᠭᠤᠰ ᠤᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 95.19% ᠪᠣᠯᠣᠨ᠎ᠠ᠃ | ᠬᠥᠲᠥᠯᠥᠭᠴᠢ ᠄ | ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ | ᠲᠤᠤᠱᠯᠠᠭᠤᠯᠵᠤ ᠨᠡᠭᠦᠷᠡᠰᠦᠲᠥ᠋ᠷᠥᠭᠴᠢ ᠶᠢ ᠣᠷᠭᠢᠯ ᠦᠶ᠎ᠡ ᠳᠤ ᠣᠷᠣᠭᠤᠯᠵᠤ ᠨᠡᠭᠦᠷᠡᠰᠦᠲᠥ᠋ᠷᠥᠭᠴᠢ ᠶᠢ ᠳᠤᠮᠳᠠ | ᠵᠡᠷᠭᠡ ᠶᠢᠨ ᠪᠣᠯᠭᠠᠬᠤ ᠠᠵᠢᠯ ᠢ ᠰᠠᠶᠢᠲᠤᠷ ᠬᠢᠬᠦ ᠲᠤᠬᠠᠢ ᠳᠣᠮᠳᠠᠳᠪ᠊ ᠤᠯᠤᠰ ᠤᠨ ᠡᠪ ᠬᠠᠮᠳᠪ᠊ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠦᠢᠯᠡᠳᠬᠦᠨ ᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠳ᠋ ᠤᠨ ᠵᠠᠰᠠᠭ ᠤᠨ ᠶᠠᠮᠤᠨ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠨᠠᠨᠵᠢᠩ᠂ ᠬᠠᠩᠵᠧᠦ᠂ ᠱᠣᠤᠰᠢᠩ᠂ ᠬᠤᠵᠧᠤ᠂ ᠴᠢᠩᠳᠣᠣ᠂ ᠹᠦᠥᠸ᠋ᠱᠠᠨ ᠵᠡᠷᠭᠡ 6 | ᠲᠤᠷᠰᠢᠯᠲᠠ ᠶᠢᠨ ᠴᠢᠭ᠋ ᠤᠨ ᠬᠤᠲᠠ ᠶᠢᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠳᠡᠮᠵᠢᠵᠦ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ | ᠮᠠᠨ ᠤ ᠣᠷᠣᠨ ᠤ ᠬᠥᠬᠡᠬᠤᠲᠠ᠂ ᠣᠷᠳᠣᠰ ᠬᠤᠲᠠ ᠰᠢᠨ᠎ᠡ ᠨᠢᠭᠡ ᠪᠦᠯᠦᠭ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠬᠤᠲᠠ ᠪᠣᠯᠬᠤ ᠪᠠᠷ ᠠᠮᠵᠢᠯᠲᠠ ᠲᠠᠢ ᠮᠡᠳᠡᠭᠦᠯᠪᠡ᠃ ᠲᠡᠭᠡᠪᠡᠯ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠬᠡᠷᠬᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠠᠵᠢᠯ ᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠠ | ᠪᠠᠷᠢᠯᠭ᠎ᠠ ᠶᠢᠨ ᠦᠢᠯᠡᠰ ᠤᠨ ᠦᠷᠭᠦᠯᠵᠢᠯᠡᠬᠦ ᠶᠢ ᠪᠠᠲᠤᠯᠠᠨ᠎ᠠ︖ | ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ ᠶᠢᠨ ᠳᠡᠳ᠋ ᠳᠠᠷᠤᠭ᠎ᠠ ᠶᠠᠨ ᠫᠣᠩ ᠰᠢᠦᠢ ᠄ | 2021 ᠣᠨ ᠳᠤ᠂ ᠮᠠᠨ ᠤ ᠬᠤᠲᠠ ᠪᠦᠬᠦ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ | ᠭᠤᠶᠤᠴᠢᠯᠠᠭᠠᠳ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠭᠠᠵᠠᠷ ᠣᠷᠣᠨ ᠪᠣᠯᠤᠭᠰᠠᠨ ᠠᠴᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠵᠥᠪ ᠵᠢᠯᠣᠭᠤᠳᠤᠯᠭ᠎ᠠ ᠳᠣᠣᠷ᠎ᠠ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ᠬᠤᠪᠢᠳᠠᠨ ᠬᠠᠮᠢᠶᠠᠷᠴᠤ | ᠪᠦᠬᠦᠢ ᠳᠡᠳ᠋ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠪᠥᠬᠦ ᠤᠯᠤᠰ ᠤᠨ ᠲᠡᠷᠢᠭᠦᠨ ᠤ ᠭᠠᠵᠠᠷ ᠣᠷᠣᠨ ᠠᠴᠠ ᠰᠤᠷᠤᠯᠴᠠᠬᠤ | ᠪᠠᠷᠢᠮᠵᠢᠶ᠎ᠠ ᠲᠠᠢ ᠬᠠᠷᠢᠴᠠᠭᠤᠯᠤᠨ ᠰᠤᠷᠤᠯᠴᠠᠵᠤ᠂ ᠲᠣᠰ ᠭᠠᠵᠠᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠦᠨ | ᠰᠡᠳᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ | ᠲᠥᠯᠥᠪᠯᠡᠨ ᠠᠬᠢᠭᠤᠯᠪᠠ᠃ ᠮᠠᠨ ᠤ ᠬᠤᠲᠠ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠪᠠᠷ | ᠭᠠᠷᠳᠠᠴᠠ ᠪᠣᠯᠭᠠᠵᠤ᠂ ᠥᠪᠥᠷ ᠮᠣᠩᠭᠤᠯ ᠣᠨ ᠴᠠᠬᠢᠯᠭᠠᠨ ᠬᠦᠴᠦᠨ ᠣ ᠥᠭᠡᠷᠡᠴᠢᠯᠡᠯᠲᠡ ᠬᠢᠭᠡᠳ | ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠯᠬᠤᠴᠠ ᠲᠠᠢ ᠤᠶᠠᠯᠳᠤᠭᠤᠯᠤᠨ᠂ ᠴᠠᠬᠢᠯᠭᠠᠨ | ᠬᠦᠴᠦᠨ ᠳᠤ ᠦᠨᠡᠰᠦ ᠰᠢᠭᠠᠷᠤ᠂ ᠨᠡᠭᠦᠷᠡᠰᠦᠨ ᠰᠢᠭᠠᠷᠤ᠂ ᠪᠠᠷᠢᠯᠭ᠎ᠠ ᠶᠢᠨ ᠬᠤᠭ ᠰᠢᠷᠣᠢ ᠵᠡᠷᠭᠡ ᠬᠠᠶᠠᠭᠳᠠᠮᠠᠯ | ᠮᠠᠲ᠋ᠧᠷᠢᠶᠠᠯ ᠪᠤᠢ ᠪᠣᠯᠭᠠᠵᠤ᠂ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠯᠡᠮᠡᠯ | ᠮᠠᠶ᠋ᠢᠭ ᠤᠨ ᠪᠥᠬᠦ ᠠᠵᠤ ᠦᠢᠯᠡᠰ ᠤᠨ ᠬᠡᠯᠬᠢᠶ᠎ᠡ ᠦᠢᠯᠡᠳᠪᠦᠷᠢᠯᠡᠬᠦ ᠠᠵᠤ ᠠᠬᠤᠶᠢᠯᠠᠯ ᠢ ᠢᠳᠡᠪᠬᠢᠲᠡᠢ ᠪᠠᠷ | ᠪᠣᠶᠢᠵᠢᠭᠤᠯᠤᠨ᠂ ᠪᠣᠬᠢᠷᠲᠤᠯ ᠦᠭᠡᠢ ᠪᠠᠷᠢᠯᠭ᠎ᠠ ᠪᠣᠯᠣᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ | ᠬᠡᠷᠡᠭᠯᠡᠯᠲᠡ ᠶᠢ ᠳᠡᠯᠭᠡᠷᠡᠭᠦᠯᠵᠦ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠣᠯᠣᠨ ᠪᠠᠷᠢᠯᠭ᠎ᠠ ᠶᠢᠨ | ᠦᠢᠯᠡᠰ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠪᠣᠯᠣᠨ | ᠪᠣᠬᠢᠷᠲᠤᠯ ᠦᠭᠡᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠢᠭᠡ ᠳᠤ ᠭᠦᠨᠵᠡᠭᠡᠢ | ᠰᠤᠷᠤᠯᠴᠠᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡᠳᠦᠭᠡᠷ ᠪᠦᠯᠦᠭ ᠤᠨ | ᠲᠤᠷᠰᠢᠯᠲᠠ ᠶᠢᠨ ᠴᠢᠭ᠋ ᠪᠣᠯᠬᠤ ᠬᠤᠲᠠ ᠶᠢᠨ ᠲᠡᠷᠢᠭᠦᠨ ᠤ ᠠᠵᠢᠯ ᠤᠨ ᠲᠤᠷᠰᠢᠯᠭ᠎ᠠ ᠵᠢᠴᠢ ᠬᠢᠳᠡᠯ ᠢ ᠳᠠᠷᠤᠶᠢᠬᠠᠨ | ᠰᠤᠷᠤᠯᠴᠠᠵᠤ᠂ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠨ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠢᠴᠢ ᠬᠠᠮᠢᠶ᠎ᠠ ᠪᠦᠬᠦᠢ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ︽ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ | ᠠᠵᠢᠯ ᠢ ᠠᠬᠢᠭᠤᠯᠬᠤ ᠬᠤᠷᠠᠯ︾ ᠳᠤ ᠤᠷᠢᠳ ᠬᠤᠵᠢᠳ 2 ᠤᠳᠠᠭ᠎ᠠ ᠣᠷᠣᠯᠴᠠᠵᠤ᠂ ᠠᠵᠢᠯ ᠤᠨ ᠰᠡᠳᠬᠢᠮᠵᠢ ᠪᠠᠨ | ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠨᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠤᠳᠤᠷᠢᠳᠤᠯᠭ᠎ᠠ ᠶᠢ ᠤᠷᠢᠵᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠪᠥᠬᠦ ᠬᠤᠶᠠᠷ ᠲᠤ᠂ ᠪᠠᠶᠢᠴᠠᠭᠠᠨ | ᠰᠤᠳᠤᠯᠤᠯᠲᠠ ᠬᠢᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ | ᠲᠢᠩᠬᠢᠮ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠵᠠᠷ ᠤᠨ ᠤᠳᠤᠷᠢᠳᠤᠯᠭ᠎ᠠ ᠶᠢᠨ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤ ᠪᠠᠷ ︽ᠥᠪᠥᠷ | ᠮᠣᠩᠭᠤᠯ ᠤᠨ ᠯᠦ ᠶᠠ ᠡᠳ᠋ ᠪᠠᠷᠠᠭᠠᠨ ᠤ ᠳᠠᠬᠢᠨ ᠠᠰᠢᠭᠯᠠᠯᠲᠠ ᠶᠢᠨ ᠬᠢᠵᠠᠭᠠᠷᠲᠤ ᠺᠣᠮᠫᠠᠨᠢ︾ ᠳᠤ ᠬᠦᠷᠴᠦ᠂ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ | ᠰᠤᠳᠤᠯᠵᠤ᠂ ︽ᠨᠢᠭᠤᠷᠲᠠᠨ︾ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ︽ᠵᠠᠢ ᠵᠠᠪᠰᠠᠷ ᠦᠭᠡᠢ︾ ᠪᠠᠷ | ᠨᠡᠪᠲᠡᠷᠡᠯᠴᠡᠨ ᠰᠣᠯᠢᠯᠴᠠᠵᠤ᠂ ︽ᠴᠡᠭ ᠠᠴᠠ ᠴᠡᠭ ᠲᠤ ᠬᠦᠷᠬᠦ︾ ᠪᠠᠬᠢᠯᠡᠯᠲᠡ ᠶᠢ ᠡᠪᠳᠡᠵᠦ᠂ ᠠᠵᠤ ᠠᠬᠤᠶᠢᠯᠠᠯ ᠤᠨ | ᠪᠣᠬᠢᠷᠲᠤᠯ ᠦᠭᠡᠢ ᠬᠥᠭᠵᠢᠯᠲᠡ ᠶᠢᠨ ᠰᠡᠳᠬᠢᠬᠦᠢ ᠶᠢ ᠨᠠᠩ ᠰᠠᠶᠢᠨ ᠬᠥᠭᠵᠢᠭᠡᠵᠦ᠂ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠃ ᠭᠤᠷᠪᠠ ᠳᠤ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ | ᠠᠬᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠥᠸᠧ ᠰᠧ ᠳ᠋ᠢ ᠼᠠᠢ ᠬᠥᠬᠡᠬᠤᠲᠠ ᠶᠢᠨ ᠬᠤᠪᠢᠶᠠᠷᠢ | ᠺᠣᠮᠫᠠᠨᠢ᠂ ᠪᠡᠭᠡᠵᠢᠩ ᠤᠨ ᠫᠢᠺᠠᠰᠰᠤ᠋ ᠶᠢᠨ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠢᠳᠡᠪᠬᠢᠲᠡᠢ ᠪᠠᠷ ᠰᠣᠯᠢᠯᠴᠠᠨ ᠰᠦᠪᠡᠭᠴᠢᠯᠡᠨ᠎ᠡ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠲᠠᠢ ᠬᠠᠮᠲᠤ ᠪᠠᠷ᠂ ᠬᠤᠲᠠ ᠶᠢᠨ | ᠵᠠᠰᠠᠭ ᠤᠨ ᠣᠷᠳᠣᠨ ᠳᠤ ︽ᠬᠥᠬᠡᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠥᠰᠥᠯ︾ ᠢ ᠬᠠᠮᠲᠤᠷᠠᠭᠰᠠᠨ ᠬᠤᠷᠠᠯ ᠤᠨ ᠬᠡᠯᠪᠡᠷᠢ ᠪᠠᠷ ᠳᠠᠮᠵᠢᠭᠤᠯᠤᠨ᠂ | ᠡᠯ᠎ᠡ ᠭᠤᠭᠴᠤᠭ᠎ᠠ ᠶᠢᠨ ᠠᠵᠢᠯ ᠤᠨ ᠡᠭᠦᠷᠭᠡ ᠶᠢ ᠰᠤᠳᠤᠯᠵᠤ᠂ ᠠᠵᠢᠯ ᠤᠨ ᠬᠡᠷᠡᠭᠵᠢᠭᠦᠯᠬᠦ ᠠᠷᠭ᠎ᠠ ᠵᠢᠴᠢ ᠬᠢᠨᠠᠯᠲᠠ | ᠲᠠᠯᠪᠢᠵᠤ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠤᠨ᠂ ᠲᠦᠷᠦᠭᠦᠯᠡᠨ ᠬᠢᠬᠦ ᠨᠢᠭᠡᠴᠡ᠂ ᠬᠠᠷᠢᠭᠤᠴᠠᠯᠭᠠᠲᠤ | ᠨᠢᠭᠡᠴᠡ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠪᠥᠬᠦ ᠲᠠᠯ᠎ᠠ ᠪᠠᠷ ᠲᠣᠬᠢᠷᠠᠭᠤᠯᠤᠯᠲᠠ | ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠵᠦᠢᠯ ᠳᠠᠷᠠᠭᠠᠯᠠᠨ | ᠠᠬᠢᠭᠤᠯᠵᠤ᠂ ᠲᠤᠷᠰᠢᠯᠲᠠ ᠶᠢᠨ ᠴᠢᠭ᠋ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠣᠲᠣ ᠪᠣᠯᠲᠠᠯ᠎ᠠ᠂ ᠮᠠᠨ ᠤ ᠬᠤᠲᠠ ᠳᠤ ᠨᠡᠶᠢᠲᠡ 15 ᠦᠢᠯᠡᠳᠪᠦᠷᠢᠯᠡᠯ ᠤᠨ ᠠᠵᠤ ᠠᠬᠤᠶᠢᠯᠠᠯ᠂ 36 | ᠵᠦᠢᠯ ᠤᠨ ᠦᠢᠯᠡᠳᠬᠦᠨ ᠨᠢ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠭᠡᠷᠡᠴᠢᠯᠡᠯ ᠭᠥᠷᠳᠡᠵᠦ᠂ ᠡᠭᠦᠨ ᠳᠤ | 26 ᠵᠦᠢᠯ ᠤᠨ ᠦᠢᠯᠡᠳᠬᠦᠨ ᠨᠢ ᠭᠤᠷᠪᠠᠨ ᠣᠳᠣᠨ ᠲᠠᠰ ᠤᠨ ᠭᠡᠷᠡᠴᠢᠯᠡᠯ ᠭᠥᠷᠳᠡᠵᠦ᠂ ᠤᠷᠢᠳᠴᠢᠯᠠᠨ ᠬᠤᠯᠢᠭᠰᠠᠨ | ᠡᠯᠡᠰᠦᠨ ᠡᠭᠡᠳᠡᠩ᠂ ᠤᠷᠢᠳᠴᠢᠯᠠᠨ ᠬᠤᠯᠢᠭᠰᠠᠨ ᠪᠧᠲ᠋ᠤᠨ᠂ ᠥᠪᠡᠷ ᠤᠨ ᠨᠢᠯᠴᠠᠭᠠᠶ ᠳᠠᠪᠬᠤᠷᠭ᠎ᠠ ᠶᠢᠨ ᠤᠰᠤ | ᠰᠡᠷᠭᠡᠶᠢᠯᠡᠬᠦ ᠡᠪᠬᠡᠮᠡᠯ ᠮᠠᠲ᠋ᠧᠷᠢᠶᠠᠯ ᠵᠡᠷᠭᠡ ᠣᠯᠠᠨ ᠵᠦᠢᠯ ᠤᠨ ᠬᠡᠯᠪᠡᠷᠢ ᠶᠢ ᠬᠠᠮᠤᠷᠤᠭᠰᠠᠨ ᠪᠠᠶᠢᠨ᠎ᠠ᠃ ᠪᠥᠬᠦ | ᠣᠷᠣᠨ ᠳᠤ ᠨᠡᠶᠢᠲᠡ 126 ᠵᠦᠢᠯ ᠤᠨ ᠪᠦᠲᠦᠭᠡᠭᠳᠡᠬᠦᠨ ᠢ ᠬᠥᠮᠥᠷᠭᠡ ᠳᠤ ᠣᠷᠣᠭᠤᠯᠵᠤ᠂ ᠡᠭᠦᠨ ᠳᠤ᠂ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠪᠦᠲᠦᠭᠡᠭᠳᠡᠬᠦᠨ ᠢ 64 ᠵᠦᠢᠯ᠂ ᠮᠠᠨ ᠤ ᠬᠤᠲᠠ 28 ᠵᠦᠢᠯ ᠤᠨ | ᠪᠦᠲᠦᠭᠡᠭᠳᠡᠬᠦᠨ ᠢ ᠬᠥᠮᠥᠷᠭᠡ ᠳᠤ ᠣᠷᠣᠭᠤᠯᠵᠤ᠂ 44% ᠶᠢ ᠡᠵᠡᠯᠡᠪᠡ︔ ᠰᠢᠨ᠎ᠡ ᠬᠡᠯᠪᠡᠷᠢ ᠶᠢᠨ ᠬᠡᠷᠡᠮ ᠤᠨ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ 21 ᠵᠦᠢᠯ᠂ ᠮᠠᠨ ᠤ ᠬᠤᠲᠠ ᠶᠢᠨ ᠬᠥᠮᠥᠷᠭᠡ ᠳᠤ ᠣᠷᠣᠭᠤᠯᠤᠭᠰᠠᠨ | ᠦᠢᠯᠡᠳᠬᠦᠨ 6 ᠵᠦᠢᠯ ᠪᠠᠶᠢᠵᠤ᠂ 30% ᠶᠢ ᠡᠵᠡᠯᠡᠨ᠎ᠡ︔ ᠣᠷᠣᠨ ᠤ ᠭᠠᠳᠠᠨᠠᠬᠢ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ 41 ᠵᠦᠢᠯ ᠪᠠᠶᠢᠵᠤ᠂ ᠮᠠᠨ ᠤ ᠬᠤᠲᠠ 16 ᠵᠦᠢᠯ ᠢ ᠬᠥᠮᠥᠷᠭᠡ ᠳᠤ | ᠲᠠᠨᠢᠯᠴᠠᠭᠤᠯᠤᠨ ᠣᠷᠣᠭᠤᠯᠵᠤ᠂ 39% ᠶᠢ ᠡᠵᠡᠯᠡᠪᠡ᠃ ᠮᠠᠨ ᠤ ᠬᠤᠲᠠ ᠶᠢᠨ ᠭᠡᠷᠡᠴᠢᠯᠡᠨ ᠮᠠᠭᠠᠳᠯᠠᠭᠰᠠᠨ ᠪᠠ | ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠨᠢ ᠴᠥᠮ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠵᠠᠢ᠃ | ᠡᠭᠦᠨ ᠤ ᠬᠠᠮᠲᠤ᠂ ᠮᠠᠨ ᠤ ᠬᠤᠲᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠨᠢ ᠴᠥᠮ ᠪᠣᠬᠢᠷᠲᠤᠯ ᠦᠭᠡᠢ | ᠪᠠᠷᠢᠯᠭ᠎ᠠ ᠪᠠᠶᠢᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠠᠯᠠᠪᠠᠶ ᠨᠢ 244.58 ᠲᠦᠮᠡᠨ ᠲᠡᠭᠰᠢ ᠳᠥᠷᠪᠡᠯᠵᠢᠨ | ᠮᠧᠲᠷ ᠲᠤ ᠬᠥᠷᠪᠡ᠃ ᠡᠭᠦᠨ ᠳᠤ᠂ ᠨᠢᠭᠡ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ 137.11 ᠲᠦᠮᠡᠨ | ᠲᠡᠭᠰᠢ ᠳᠥᠷᠪᠡᠯᠵᠢᠨ ᠮᠧᠲᠷ᠂ ᠬᠤᠶᠠᠷ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ 13.27 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠣᠳᠣᠨ ᠲᠠᠰ ᠤᠨ ᠪᠣᠬᠢᠷᠲᠤᠯ | ᠦᠭᠡᠢ ᠪᠠᠷᠢᠯᠭ᠎ᠠ ᠶᠢᠨ ᠬᠠᠷᠢᠴᠠᠯ 60% ᠳᠤ ᠬᠦᠷᠴᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠭᠰᠡᠨ ᠪᠠᠷᠢᠯᠭ᠎ᠠ ᠶᠢᠨ ᠲᠠᠯᠠᠪᠠᠶ 143.2 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃ | | ᠬᠠᠮᠢᠶᠠᠷᠤᠭᠴᠢ ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠢᠦᠢ ᠲᠢᠶ᠋ᠧ ᠯᠢᠨ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠰᠠᠯᠠᠭᠠᠨ ᠤ | ᠵᠠᠩ ᠸᠧᠢ ᠰᠠᠯᠠᠭᠠᠨ ᠳᠠᠷᠤᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭᠠᠨ ᠤ ᠶᠠᠨ ᠫᠧᠩ ᠰᠢᠦᠢ | ᠳᠡᠳ᠋ ᠰᠠᠯᠠᠭᠠᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠲᠠᠯᠠᠷᠬᠠᠵᠤ ᠪᠠᠶᠢᠨ᠎ᠠ᠃ | | | |