ᠦᠰᠦᠭ ᠢᠶᠠᠷ ᠥᠭᠦᠯᠡᠬᠦᠢ᠄ ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/26
ᠨᠢᠭᠡ᠂ ᠲᠣᠭᠲᠠᠭᠠᠭᠰᠠᠨ ᠠᠬᠤᠢ ᠪᠠᠶᠢᠳᠠᠯ ᠤᠨ ᠦᠨᠳᠦᠰᠦᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠬᠦᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ᠠᠷᠠᠳ ᠤᠨ ᠶᠠᠪᠤᠳᠠᠯ ᠤᠨ ᠶᠠᠮᠤᠨ ᠤ ︽ᠨᠠᠰᠤᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠷᠭ᠎ᠠ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠪᠠᠶᠢᠭᠤᠯᠤᠮᠵᠢ ᠶᠢᠨ ᠨᠥᠬᠦᠪᠦᠷᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠠᠵᠢᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾  ᠶᠢ ᠲᠣᠭᠲᠠᠭᠠᠪᠠ᠃ᠬᠤᠶᠠᠷ᠂ ᠲᠣᠭᠲᠠᠭᠠᠭᠰᠠᠨ ᠶᠠᠪᠤᠴᠠ     ᠬᠤᠰᠢᠭᠤᠨ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ 2023 ᠣᠨ ᠤ 10 ᠰᠠᠷ᠎ᠠ ᠶᠢᠨ 26 ᠤ ᠡᠳᠦᠷ ︽ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠨᠡᠶᠢᠲᠡᠯᠡᠪᠡ᠃ᠭᠤᠷᠪᠠ᠂ ᠭᠤᠣᠯ ᠠᠭᠤᠯᠭ᠎ᠠ     ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠶᠡᠷᠦᠩᠬᠡᠢ ᠳᠦᠷᠢᠮ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠠᠩᠰᠠᠯᠠᠯᠲᠠ᠂ ᠦᠢᠯᠡᠴᠢᠯᠡᠭᠡᠨ ᠤ ᠶᠠᠰᠤ ᠴᠢᠨᠠᠷ᠂ ᠵᠡᠷᠭᠡ ᠳᠡᠰ ᠢ ᠦᠨᠡᠯᠡᠨ ᠲᠣᠭᠲᠠᠭᠠᠬᠤ᠂ ᠨᠥᠬᠦᠪᠦᠷᠢ ᠭᠤᠶᠤᠴᠢᠯᠠᠬᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠵᠢᠴᠢ ᠪᠣᠳᠠᠲᠠᠢ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠨᠡᠬᠡᠮᠵᠢᠯᠡᠬᠦ᠂ ᠳᠠᠭᠠᠯᠳᠤᠭᠤᠯᠤᠭᠰᠠᠨ ᠳᠦᠷᠢᠮ ᠵᠡᠷᠭᠡ ᠲᠠᠪᠤᠨ ᠬᠡᠰᠡᠭ ᠲᠤ ᠨᠡᠶᠢᠲᠡ ᠠᠷᠪᠠᠨ ᠲᠤᠯᠤᠭᠠᠨ ᠵᠦᠢᠯ ᠬᠤᠪᠢᠶᠠᠵᠤ᠂ ᠭᠤᠣᠯ ᠠᠭᠤᠯᠭ᠎ᠠ ᠳᠤ᠄     ︵ᠨᠢᠭᠡ︶ ᠶᠡᠷᠦᠩᠬᠡᠢ ᠳᠦᠷᠢᠮ     ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ 1 ︱ 4 ᠳ᠋ᠦᠭᠡᠷ ᠵᠦᠢᠯ ᠪᠣᠯ ᠶᠡᠷᠦᠩᠬᠡᠢ ᠳᠦᠷᠢᠮ ᠤᠨ ᠴᠢᠨᠠᠷᠲᠠᠢ ᠵᠦᠢᠯ ᠵᠤᠷᠪᠤᠰ ᠪᠣᠯᠣᠨ᠎ᠠ᠂ ᠡᠭᠦᠨ ᠳᠤ ᠭᠤᠣᠯᠳᠠᠭᠤ ᠲᠣᠭᠲᠠᠭᠠᠬᠤ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠲᠠ ᠶᠢᠨ ᠠᠭᠤᠯᠭ᠎ᠠ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃     ︵ᠬᠤᠶᠠᠷ︶ ᠨᠠᠰᠤᠵᠢᠯ ᠤᠨ ᠪᠠᠶᠢᠭᠤᠯᠤᠮᠵᠢ ᠶᠢ ᠳᠠᠩᠰᠠᠯᠠᠭᠤᠯᠬᠤ᠂ ᠦᠢᠯᠡᠴᠢᠯᠡᠭᠡᠨ ᠤ ᠶᠠᠰᠤ ᠴᠢᠨᠠᠷ᠂ ᠵᠡᠷᠭᠡ ᠳᠡᠰ ᠢ ᠦᠨᠡᠯᠡᠨ ᠲᠣᠭᠲᠠᠭᠠᠬᠤ᠂ ᠨᠥᠬᠦᠪᠦᠷᠢ ᠣᠯᠭᠤᠬᠤ ᠭᠤᠶᠤᠴᠢᠯᠠᠯ     ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ 5 ᠳ᠋ᠤᠭᠠᠷ ᠵᠦᠢᠯ ᠠᠴᠠ 8 ᠳ᠋ᠤᠭᠠᠷ ᠵᠦᠢᠯ ᠳᠤ ᠭᠤᠣᠯᠳᠠᠭᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠳᠠᠩᠰᠠᠯᠠᠬᠤ ᠪᠠ ᠳᠠᠩᠰᠠᠯᠠᠭᠤᠯᠬᠤ ᠶᠢ ᠵᠣᠯᠭᠠᠭᠤᠯᠬᠤ᠂ ᠦᠢᠯᠡᠴᠢᠯᠡᠭᠡᠨ ᠤ ᠶᠠᠰᠤ ᠴᠢᠨᠠᠷ᠂ ᠵᠡᠷᠭᠡ ᠳᠡᠰ ᠢ ᠦᠨᠡᠯᠡᠨ ᠲᠣᠭᠲᠠᠭᠠᠬᠤ᠂ ᠨᠥᠬᠦᠪᠦᠷᠢ ᠭᠤᠶᠤᠴᠢᠯᠠᠬᠤ ᠠᠵᠢᠯ ᠢ ᠰᠠᠶᠢᠲᠤᠷ ᠬᠢᠨ᠎ᠡ ᠭᠡᠵᠦ ᠲᠣᠭᠲᠠᠭᠠᠵᠠᠢ᠃     ︵ᠭᠤᠷᠪᠠ︶ ᠠᠶᠤᠯ ᠦᠭᠡᠢ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠬᠢᠭᠡᠳ ᠪᠣᠳᠠᠲᠠᠢ ᠡᠭᠦᠷᠭᠡ ᠬᠠᠷᠢᠭᠤᠴᠠᠯᠭ᠎ᠠ     ︽ ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ 9 ᠳ᠋ᠦᠭᠡᠷ ᠵᠦᠢᠯ ᠠᠴᠠ 11 ᠳ᠋ᠦᠭᠡᠷ ᠵᠦᠢᠯ ᠳᠤ ᠭᠤᠣᠯᠳᠠᠭᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠲᠡᠭᠦᠨ ᠤ ᠬᠠᠤᠯᠢ ᠶᠢᠨ ᠡᠷᠬᠡᠲᠡᠨ ᠤ ᠡᠭᠦᠷᠭᠡ ᠬᠠᠷᠢᠭᠤᠴᠠᠯᠭ᠎ᠠ᠂ ᠰᠢᠶᠠᠩ ᠪᠠᠯᠭᠠᠰᠤ ︵ᠣᠷᠣᠨ ᠪᠦᠰᠡ ᠶᠢᠨ ᠦᠢᠯᠡᠴᠢᠯᠡᠭᠡᠨ ᠤ ᠲᠥᠪ︶ ᠶᠢᠨ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃     ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ     ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ 12 ᠳ᠋ᠤᠭᠠᠷ ᠵᠦᠢᠯ ᠠᠴᠠ 15 ᠳ᠋ᠤᠭᠠᠷ ᠵᠦᠢᠯ ᠳᠤ ᠭᠤᠣᠯᠳᠠᠭᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠲᠡᠭᠦᠨ ᠤ ᠬᠠᠤᠯᠢ ᠶᠢᠨ ᠡᠷᠬᠡᠲᠡᠨ᠂ ᠠᠷᠠᠳ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠲᠡᠭᠦᠨ ᠤ ᠬᠠᠤᠯᠢ ᠶᠢᠨ ᠡᠷᠬᠡᠲᠡᠨ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠢᠶᠠᠩ ᠪᠠᠯᠭᠠᠰᠤ ︵ᠣᠷᠣᠨ ᠪᠦᠰᠡ ᠶᠢᠨ ᠦᠢᠯᠡᠴᠢᠯᠡᠭᠡᠨ ᠤ ᠲᠥᠪ︶᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠳᠤ ᠣᠯᠭᠤᠬᠤ ᠰᠢᠳᠬᠡᠯ ᠢ ᠲᠣᠳᠣᠷᠬᠠᠶᠢᠯᠠᠪᠠ᠃     ︵ᠲᠠᠪᠤ︶ ᠳᠠᠭᠠᠯᠳᠤᠭᠤᠯᠤᠭᠰᠠᠨ ᠳᠦᠷᠢᠮ     ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ16 ᠳ᠋ᠤᠭᠠᠷ ᠵᠦᠢᠯ ᠠᠴᠠ 17 ᠳ᠋ᠤᠭᠠᠷ ᠵᠦᠢᠯ ᠳᠤ ᠤᠯᠤᠰ ᠠᠴᠠ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ ᠣᠨᠴᠠᠭᠠᠶ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠶᠣᠰᠣᠭᠠᠷ ᠭᠦᠢᠴᠡᠳᠬᠡᠨ᠎ᠡ᠃ ᠲᠤᠰ ︽ᠲᠦᠮᠡᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号