ᠸᠠᠩ ᠵᠥᠩ ᠭᠠᠩ ᠪᠠᠢ ᠮᠢᠶᠣᠣ ᠽᠢ ᠪᠠᠯᠭᠠᠰᠤᠨ ᠳᠤ ᠭᠦᠨᠵᠡᠭᠡᠶᠢᠷᠡᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/10/27
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠦᠨᠡᠨᠬᠦ ᠬᠦᠴᠦ ᠣᠷᠣᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃10 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠵᠥᠩ ᠭᠠᠩ ᠨᠥᠬᠦᠷ ᠪᠠᠢ ᠮᠢᠶᠣᠣ ᠽᠢ ᠪᠠᠯᠭᠠᠰᠤᠨ ᠳᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠥᠷᠨᠢᠭᠦᠯᠪᠡ᠃ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠨᠢ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠪᠠᠷ ᠶᠡᠷᠦᠩᠬᠡᠢ ᠱᠠᠭᠠᠷᠳᠠᠯᠭ᠎ᠠ ᠪᠣᠯᠭᠠᠵᠤ᠂ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ᠂ ᠵᠠᠩ ᠰᠤᠷᠲᠠᠯ ᠢ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠬᠤ᠂ ᠵᠣᠷᠢᠯᠲᠠ ᠶᠢ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠪᠣᠳᠠᠲᠠᠢ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠵᠥᠩ ᠭᠠᠩ ᠴᠢᠬᠤᠯᠠᠴᠢᠯᠠᠬᠤ ᠳᠠᠭᠠᠨ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠨ ᠭᠦᠨᠵᠡᠭᠡᠢ ᠡᠵᠡᠮᠰᠢᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃ᠨᠠᠮ ᠤᠨ ᠰᠢᠨ᠎ᠡ ᠡᠭᠦᠳᠦᠯᠲᠡ ᠶᠢᠨ ᠣᠨᠣᠯ ᠢ ᠰᠤᠷᠤᠯᠴᠠᠨ ᠲᠤᠤᠱᠯᠠᠭᠤᠯᠬᠤ  ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠲᠠᠢ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ᠤᠬᠠᠮᠰᠠᠷ ᠠᠴᠠ ᠪᠠᠨ ᠤᠯᠠᠨ ᠲᠦᠮᠡᠨᠴᠢ ᠦᠵᠡᠯᠲᠡ᠂ ᠤᠯᠠᠨ ᠲᠦᠮᠡᠨᠴᠢ ᠱᠤᠭᠤᠮ ᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠨ ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠢ ᠬᠢᠵᠦ᠂ ᠰᠡᠳᠬᠢᠯ ᠢᠶᠠᠷ ᠢᠶᠠᠨ ᠰᠡᠳᠬᠢᠯ ᠢ ᠨᠢ ᠮᠡᠳᠡᠯᠴᠡᠨ᠂ ᠪᠠᠶᠢᠷᠢ ᠰᠣᠯᠢᠵᠤ ᠰᠡᠳᠬᠢᠵᠦ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ︽ᠠᠷᠠᠳ ᠤᠨ ᠬᠦᠰᠡᠯ ᠱᠠᠭᠠᠷᠳᠠᠯᠭ᠎ᠠ ᠪᠠᠷ ᠥᠪᠡᠷ ᠤᠨ ᠬᠢ ᠪᠠᠨ ᠪᠣᠯᠭᠠᠬᠤ︾᠂ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ︾ ᠶᠢ ᠨᠡᠩ ᠰᠠᠶᠢᠲᠤᠷ ᠪᠡᠶᠡᠯᠡᠭᠦᠯᠵᠦ᠂ ᠪᠦᠬᠦ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ᠂︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠪᠠᠢ ᠮᠢᠶᠣᠣ ᠽᠢ ᠪᠠᠯᠭᠠᠰᠤᠨ ᠤ ᠰᠢᠨ᠎ᠡ ᠬᠤᠪᠢ ᠨᠡᠮᠡᠷᠢ ᠦᠵᠡᠭᠦᠯᠪᠡ᠃ᠳᠠᠷᠠᠭ᠎ᠠ ᠶᠢᠨ ᠠᠯᠬᠤᠮ ᠳᠤ᠂ ᠮᠠᠨ ᠤ ᠪᠠᠯᠭᠠᠰᠤ ᠲᠤᠰ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠣᠯᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ᠂ ᠨᠡᠶᠢᠭᠡᠮ ᠤᠨ ᠵᠥᠷᠢᠴᠡᠯ ᠢ ᠠᠷᠢᠯᠭᠠᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠴᠢᠩᠭᠠᠳᠬᠠᠬᠤ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠤᠯᠠᠨ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤᠮᠳᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯ ᠬᠢᠬᠦ ᠬᠡᠷᠡᠭᠲᠡᠢ᠃ 
 
ᠢᠷᠡᠯᠲᠡ᠄ ᠪᠠᠢ ᠮᠢᠶᠣᠣ ᠽᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号