ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶᠠᠨ ᠤ ᠣᠨᠴᠠ ᠤᠷᠢᠭᠰᠠᠨ ᠤᠯᠤᠰ ᠤᠨ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠤᠨ ᠬᠤᠪᠢᠶᠠᠷᠢ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠯᠦ ᠺᠦᠨ ᠲᠤᠰᠬᠠᠢ ᠰᠡᠳᠦᠪ ᠢᠶᠠᠷ ᠬᠢᠴᠢᠶᠡᠯᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/27
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ  ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ  ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠪᠠᠶᠢᠴᠠᠭᠠᠬᠤ ᠠᠵᠢᠯᠲᠠᠳ ᠤᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠢ ᠡᠷᠡᠰ ᠪᠠᠲᠤ ᠬᠦᠰᠡᠯᠡᠩ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ 10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠠᠴᠠ ᠤᠯᠤᠰ ᠤᠨ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠤᠨ ᠬᠤᠪᠢᠶᠠᠷᠢ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠯᠦ ᠺᠦᠨ ᠪᠥᠬᠦ ᠪᠠᠶᠢᠴᠠᠭᠠᠬᠤ ᠠᠵᠢᠯᠲᠠᠨ ᠳᠤ ᠲᠤᠰᠬᠠᠢ ᠰᠡᠳᠦᠪᠲᠦ ᠬᠢᠴᠢᠶᠡᠯ ᠵᠢᠭᠠᠬᠤ ᠶᠢ ᠣᠨᠴᠠ ᠤᠷᠢᠭᠰᠠᠨ ᠪᠠᠶᠢᠨ᠎ᠠ᠃     ︽ᠬᠠᠤᠯᠢᠵᠢᠯ ᠢ ᠴᠢᠩᠭᠠᠳᠬᠠᠬᠤ ᠳᠤ ᠡᠷᠬᠡᠪᠰᠢ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠶᠢ ᠴᠢᠬᠤᠯᠠᠴᠢᠯᠠᠬᠤ ᠳᠤ ᠡᠷᠬᠡᠪᠰᠢ ᠲᠤᠰᠬᠠᠢ ᠮᠡᠷᠭᠡᠵᠢᠯ ᠢ ᠡᠷᠬᠢᠮᠯᠡᠬᠦ ᠬᠡᠷᠡᠭᠲᠡᠢ︾᠂ ᠯᠦ ᠺᠦᠨ ᠳᠡᠳ᠋ ᠬᠤᠷᠢᠶᠠᠨ ᠳᠠᠷᠤᠭ᠎ᠠ ︽ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠬᠤᠪᠢᠷᠠᠭᠤᠯᠵᠤ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠬᠢᠨᠠᠯᠲᠠ ᠶᠢ ᠰᠠᠶᠢᠲᠤᠷ ᠬᠢᠬᠦ ᠬᠡᠷᠡᠭᠲᠡᠢ︾ᠭᠡᠬᠦ ᠰᠡᠳᠦᠪ ᠢᠶᠠᠷ ︽ᠬᠠᠤᠯᠢᠵᠢᠯ ᠤᠨ ᠪᠠᠶᠢᠭᠤᠯᠤᠯᠲᠠ ᠶᠢᠨ ᠶᠠᠪᠤᠴᠠ᠂ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠬᠤᠪᠢᠷᠠᠭᠤᠯᠬᠤ᠂ ᠡᠨᠡ ᠵᠢᠯ ᠤᠨ ᠪᠠᠶᠢᠴᠠᠭᠠᠬᠤ ᠠᠵᠢᠯ︾ᠭᠡᠬᠦ ᠭᠤᠷᠪᠠᠨ ᠶᠡᠭᠡ ᠭᠤᠣᠯ ᠰᠡᠳᠦᠪ ᠠᠴᠠ ᠨᠢᠭᠡ ᠤᠳᠠᠭ᠎ᠠ ᠶᠢᠨ ᠭᠤᠶᠢᠳᠠ ᠰᠠᠶᠢᠬᠠᠨ ᠭᠤᠣᠯ ᠰᠡᠳᠦᠪᠲᠦ ᠵᠢᠭᠠᠨ ᠰᠤᠷᠭᠠᠯᠲᠠ ᠶᠢ ᠥᠷᠨᠢᠭᠦᠯᠵᠡᠢ᠃ᠬᠢᠴᠢᠶᠡᠯ ᠵᠢᠭᠠᠬᠤ ᠳᠤ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢᠨ ᠪᠦᠷᠢᠯᠳᠦᠭᠰᠡᠨ ᠶᠠᠪᠤᠴᠠ ᠪᠠᠷ ᠭᠤᠣᠯ ᠰᠤᠳᠠᠰᠤ ᠪᠣᠯᠭᠠᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠳᠤ ᠰᠠᠭᠤᠷᠢᠯᠠᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠪᠠᠶᠢᠴᠠᠭᠠᠬᠤ ᠠᠵᠢᠯᠲᠠᠨ ᠬᠠᠤᠯᠢ ᠴᠠᠭᠠᠵᠠ ᠶᠢᠨ ᠣᠶᠢᠯᠠᠭᠠᠭᠳᠠᠬᠤᠨ ᠢᠶᠠᠨ ᠬᠡᠷᠬᠢᠨ ᠬᠤᠪᠢᠷᠠᠭᠤᠯᠵᠤ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠬᠢᠨᠠᠯᠲᠠ ᠶᠢ ᠰᠠᠶᠢᠲᠤᠷ ᠬᠢᠬᠦ ᠶᠢ ᠠᠮᠢᠳᠤᠯᠢᠭ ᠳᠦᠷᠰᠦᠯᠢᠭ ᠢᠶᠠᠷ ᠲᠠᠶᠢᠯᠪᠤᠷᠢᠯᠠᠪᠠ᠃     ᠬᠢᠴᠢᠶᠡᠯ ᠨᠢ ᠠᠰᠠᠭᠤᠯᠲᠠ ᠬᠠᠷᠢᠭᠤᠯᠲᠠ ᠶᠢᠨ ᠰᠣᠯᠢᠯᠴᠠᠭᠠᠨ ᠤ ᠬᠡᠯᠪᠡᠷᠢ ᠪᠠᠷ ᠳᠡᠮᠵᠢᠵᠦ᠂ ᠰᠤᠷᠤᠭᠴᠢᠳ ᠤᠨ ︽ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠶᠢ ᠬᠡᠷᠬᠢᠨ ᠣᠶᠢᠯᠠᠭᠠᠬᠤ᠂ ᠬᠡᠷᠬᠢᠨ ᠢᠳᠡᠪᠬᠢᠲᠡᠢ ᠪᠥᠭᠡᠳ ᠴᠢᠳᠠᠮᠠᠭᠠᠢ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠳᠠᠮᠵᠢᠭᠤᠯᠤᠨ ᠬᠠᠤᠯᠢ ᠪᠠᠷ ᠵᠠᠰᠠᠬᠤ  ᠶᠢᠨ ︽ᠦᠨᠳᠦᠰᠦ   ᠶᠢ ᠪᠠᠲᠤᠳᠬᠠᠬᠤ᠂ ᠵᠢᠱᠢᠯᠲᠡ  ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠯᠭᠠᠬᠤ︾ ᠪᠠᠲᠤᠯᠠᠭ᠎ᠠ  ᠶᠢᠨ ᠦᠢᠯᠡᠳᠦᠯ  ᠢ ᠪᠡᠶᠡᠯᠡᠭᠦᠯᠬᠦ᠂ ᠬᠡᠷᠬᠢᠨ ᠪᠣᠳᠠᠲᠠᠢ ᠠᠵᠢᠯ ᠤᠨ ᠳᠤᠮᠳᠠ ︽ᠠᠷᠠᠳ ᠲᠦᠮᠡᠨ  ᠢᠶᠠᠷ ᠭᠤᠣᠯ ᠪᠣᠯᠭᠠᠬᠤ ᠬᠠᠤᠯᠢ ᠪᠠᠷᠢᠬᠤ ᠣᠶᠢᠯᠠᠭᠠᠭᠳᠠᠬᠤᠨ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ  ᠶᠢ ᠭᠦᠨᠵᠡᠭᠡᠢ ᠰᠡᠳᠬᠢᠨ ᠪᠣᠳᠣᠯᠬᠢᠯᠠᠬᠤ  ᠶᠢ ᠰᠡᠩᠬᠡᠷᠡᠭᠦᠯᠵᠦ᠂ ᠰᠤᠷᠤᠭᠴᠢᠳ ᠤᠨ ︽ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠶᠢ ᠬᠡᠷᠬᠢᠨ ᠣᠶᠢᠯᠠᠭᠠᠬᠤ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ︽ᠵᠢᠷᠭᠤᠭᠠᠨ ᠶᠡᠭᠡ ᠠᠵᠢᠯᠯᠠᠭ᠎ᠠ︾ ︽ᠳᠥᠷᠪᠡᠨ ᠶᠡᠭᠡ ᠢᠨᠵᠧᠨᠧᠷᠢᠩ︾ ᠢ ᠥᠷᠨᠢᠭᠦᠯᠬᠦ ᠲᠤᠬᠠᠢ ᠭᠦᠨᠵᠡᠭᠡᠢ ᠪᠣᠳᠣᠯᠬᠢᠯᠠᠯ᠂ ᠠᠵᠢᠯ ᠤᠨ ᠣᠨᠣᠯᠵᠢᠬᠤᠨ ᠪᠠ ᠡᠭᠦᠷᠭᠡ ᠶᠢᠨ ᠱᠠᠭᠠᠷᠳᠠᠯᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠪᠠᠶᠢᠴᠠᠭᠠᠬᠤ ᠠᠵᠢᠯᠲᠠᠳ ᠢ ᠬᠠᠪᠰᠤᠷᠤᠨ ᠬᠠᠷᠠᠯᠲᠠ ᠶᠢ ᠨᠢ ᠤᠯᠠᠮ ᠨᠢᠭᠡ ᠠᠯᠬᠤᠮ ᠲᠣᠳᠣᠷᠬᠠᠶᠢᠯᠠᠨ᠂ ᠬᠦᠴᠦᠨ ᠢ ᠨᠢ ᠬᠤᠷᠠᠮᠳᠤᠭᠤᠯᠵᠤ᠂ ᠠᠵᠢᠯ ᠤᠨ ᠡᠭᠦᠷᠭᠡ ᠶᠢ ᠨᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃      ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠥᠪ ᠭᠤᠥᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ ᠃ᠠᠷᠠᠳ ᠲᠦᠮᠡᠨ ᠢᠶᠠᠷ ᠭᠤᠣᠯ ᠪᠣᠯᠭᠠᠬᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ ᠪᠠᠶᠢᠴᠠᠭᠠᠬᠤ ᠡᠭᠦᠷᠭᠡᠯᠡᠯ ᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠶᠢᠴᠠᠭᠠᠬᠤ ᠠᠵᠢᠯ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠬᠦᠴᠦᠷᠬᠡᠭ ᠢᠶᠠᠷ ᠢᠶᠠᠨ ᠤᠯᠤᠰ ᠲᠦᠷᠦ ᠶᠢᠨ ᠬᠦᠴᠦᠷᠬᠡᠭ ᠢ ᠢᠯᠡᠷᠡᠭᠦᠯᠵᠦ᠂ ᠪᠣᠳᠠᠲᠠᠢ ᠠᠵᠢᠯᠯᠠᠬᠤ ᠪᠠᠷ ᠦᠨᠡᠨᠴᠢ ᠰᠢᠳᠤᠷᠭᠤ ᠶᠢ ᠲᠠᠶᠢᠯᠪᠤᠷᠢᠯᠠᠵᠤ᠂ ᠠᠵᠢᠯ ᠤᠨ ᠠᠮᠵᠢᠯᠲᠠ ᠪᠠᠷ ᠢᠶᠠᠨ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭᠲᠡᠢ᠃ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠥᠨᠳᠥᠷ ᠵᠣᠭᠰᠣᠴᠠ ᠪᠠᠷ︽ᠲᠠᠪᠤᠨ ᠰᠢᠯᠭᠠᠷᠠᠭᠰᠠᠨ︾ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃     ᠡᠨᠡ ᠵᠢᠯ ᠪᠣᠯ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠠᠩᠬᠠᠨ ᠤ ᠵᠢᠯ ᠮᠥᠨ ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ ᠠᠵᠢᠯ ᠳᠤ ᠠᠭᠤᠰᠤᠯᠴᠠᠭᠤᠯᠵᠤ᠂ ᠪᠦᠬᠦ ᠣᠷᠣᠨ ᠤ ᠪᠠᠶᠢᠴᠠᠭᠠᠬᠤ ᠠᠵᠢᠯ ᠤᠨ︽1231︾ᠶᠡᠷᠦᠩᠬᠡᠢ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠵᠦ ᠪᠠᠲᠤᠯᠠᠨ᠎ᠠ᠃ 
 
ᠢᠷᠡᠯᠲᠡ᠄ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号