ᠭᠤᠣᠯ ᠰᠡᠳᠦᠪ᠄ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠤᠯᠭ᠎ᠠ ᠶᠢ ᠵᠠᠳᠠᠯᠠᠬᠤ | ᠴᠠᠭ᠄ 2023 ︱ 10 ︱ 29 10᠄ 45 | ᠵᠣᠴᠢᠨ᠄ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ | ᠬᠠᠷᠢᠭᠤᠴᠠᠯᠭᠠᠲᠠᠨ ᠭᠦᠸᠧ ᠶᠦᠨ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | | | ᠬᠠᠮᠢᠶᠠᠷᠤᠭᠴᠢ ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ ᠄ | ᠲᠡᠭᠡᠪᠡᠯ ᠶᠠᠭᠤ ᠶᠢ ᠨᠠᠰᠤᠵᠢᠯ ᠤᠨ ᠦᠨᠳᠦᠰᠦᠨ ᠳᠠᠭᠠᠳᠬᠠᠯ ᠭᠡᠬᠦ ᠪᠣᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ: | ᠨᠠᠰᠤᠵᠢᠯ ᠤᠨ ᠦᠨᠳᠦᠰᠦᠨ ᠳᠠᠭᠠᠳᠬᠠᠯ ᠢ ᠪᠠᠰᠠ ᠤᠯᠤᠰ ᠤᠨ ᠨᠠᠰᠤᠵᠢᠯ ᠤᠨ ᠦᠨᠳᠦᠰᠦᠨ ᠳᠠᠭᠠᠳᠬᠠᠯ | ᠭᠡᠳᠡᠭ᠃ ᠲᠡᠷᠡ ᠪᠣᠯ ᠤᠯᠤᠰ ᠤᠨ ᠨᠢᠭᠡᠳᠦᠯᠲᠡᠢ ᠲᠥᠷᠥ ᠶᠢᠨ ᠪᠣᠳᠣᠯᠭ᠎ᠠ ᠶᠣᠰᠣᠭᠠᠷ ᠠᠯᠪᠠᠳᠠᠯᠭ᠎ᠠ ᠪᠠᠷ | ᠬᠡᠷᠡᠭᠵᠢᠭᠦᠯᠦᠭᠰᠡᠨ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠦᠨᠳᠦᠰᠦᠨ | ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠨᠢᠭᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠪᠣᠯᠣᠨ᠎ᠠ᠃ ᠮᠠᠨ ᠤ ᠤᠯᠤᠰ ᠲᠤ᠂ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ | ᠳᠦᠷᠢᠮ ᠪᠣᠯ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠤᠨ ᠰᠢᠰᠲ᠋ᠧᠮ ᠤᠨ ᠴᠢᠬᠤᠯᠠ ᠪᠦᠷᠢᠯᠳᠦᠭᠦᠨ | ᠬᠡᠰᠡᠭ ᠮᠥᠨ᠃ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠠᠶᠢᠭᠤᠯᠬᠤ ᠪᠠ | ᠢᠯᠡᠭᠦᠦ ᠲᠤᠰᠢᠶᠠᠪᠠᠯ ᠢᠯᠡᠭᠦᠦ ᠣᠯᠬᠤ᠂ ᠣᠷᠳᠣ ᠲᠤᠰᠢᠶᠠᠪᠠᠯ ᠢᠯᠡᠭᠦᠦ ᠣᠯᠬᠤ ᠤᠷᠮᠠᠰᠢᠭᠤᠯᠬᠤ ᠲᠣᠭᠲᠠᠴᠠ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ | ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠶᠢ ᠪᠠᠲᠤᠯᠠᠬᠤ ᠨᠢ ᠰᠠᠭᠤᠭᠠᠯᠢ ᠠᠷᠠᠳ ᠤᠨ | ᠨᠠᠰᠤᠲᠠᠶᠢᠴᠤᠳ ᠤᠨ ᠬᠤᠶᠢᠰᠢᠳᠠ ᠶᠢᠨ ᠵᠣᠪᠠᠨᠢᠯ ᠢ ᠠᠷᠢᠯᠭᠠᠬᠤ ᠳᠤ ᠠᠰᠢᠭᠲᠠᠢ ᠶᠤᠮ᠃ | ᠬᠥᠲᠥᠯᠥᠭᠴᠢ : | ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ ᠨᠢ | ᠶᠠᠭᠤ ᠪᠤᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ : | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ 2014 | ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠵᠢᠴᠢ | ᠲᠡᠭᠦᠨ ᠤ ᠠᠵᠢᠯᠲᠠᠨ ᠢ ᠪᠠᠭᠲᠠᠭᠠᠭᠰᠠᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ | ᠳᠦᠷᠢᠮ ᠨᠢ ᠬᠤᠲᠠ ᠪᠠᠯᠭᠠᠰᠤᠨ ᠤ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠢ | ᠬᠠᠮᠤᠷᠤᠨ᠎ᠠ᠂ ᠡᠭᠦᠨ ᠳᠤ ᠬᠤᠲᠠ ᠪᠠᠯᠭᠠᠰᠤᠨ ᠤ ᠡᠯ᠎ᠡ ᠲᠥᠷᠥᠯ ᠤᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ | ᠂ ᠠᠵᠤ ᠠᠬᠤᠶᠢᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ | ᠠᠵᠢᠯᠲᠠᠨ ᠠᠵᠢᠯᠴᠢᠨ᠂ ᠬᠤᠲᠠ ᠪᠠᠯᠭᠠᠰᠤᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ | ᠠᠮᠢᠳᠤᠯᠢᠭ ᠢᠶᠠᠷ ᠠᠵᠢᠯ ᠣᠯᠣᠭᠰᠠᠳ ᠪᠣᠯ ᠴᠥᠮ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ ᠪᠣᠯᠣᠨ᠎ᠠ᠃ | ᠬᠥᠲᠥᠯᠥᠭᠴᠢ : | ᠮᠠᠨ ᠤ ᠤᠯᠤᠰ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠤᠨ | ᠵᠠᠭᠪᠤᠷ ᠨᠢ ᠶᠠᠮᠠᠷ ᠪᠠᠶᠢᠳᠠᠭ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ : | 1995 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠢ ᠮᠡᠳᠡᠭᠳᠡᠯ︾ ᠢ ᠨᠡᠶᠢᠲᠡᠯᠡᠵᠦ᠂ ᠨᠡᠶᠢᠭᠡᠮ ᠤᠨ ᠨᠢᠭᠡᠳᠦᠯᠲᠡᠢ ᠭᠠᠷ ᠤᠨ ᠦᠰᠦᠭ ᠵᠢᠷᠤᠬᠤ ᠪᠠ ᠬᠤᠪᠢ ᠬᠥᠮᠥᠨ ᠤ | ᠲᠠᠩᠰᠠᠨ ᠡᠷᠦᠭᠡ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠨ᠎ᠡ ᠵᠠᠭᠪᠤᠷ ᠢ | 1997 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠢ ᠳᠦᠷᠢᠮ ᠢ ᠪᠠᠶᠢᠭᠤᠯᠬᠤ ᠲᠤᠬᠠᠢ | ᠲᠣᠭᠲᠠᠭᠠᠯ︾ ᠢ ᠨᠡᠶᠢᠲᠡᠯᠡᠵᠦ᠂ ᠨᠢᠭᠡᠳᠦᠯᠲᠡᠢ ᠳᠦᠷᠢᠮ ᠢ ᠬᠡᠷᠡᠭᠵᠢᠭᠦᠯᠬᠦ ᠶᠢ ᠭᠤᠷᠪᠠᠨ ᠲᠠᠯ᠎ᠠ ᠠᠴᠠ ᠴᠢᠬᠤᠯᠠᠴᠢᠯᠠᠵᠠᠢ᠂ | ᠲᠤᠬᠠᠶᠢᠯᠠᠪᠠᠯ ᠠᠵᠤ ᠠᠬᠤᠶᠢᠯᠠᠯ ᠪᠠ ᠬᠤᠪᠢ ᠬᠥᠮᠥᠨ ᠤ ᠪᠠᠴᠢᠮ ᠵᠠᠷᠤᠳᠠᠯ ᠤᠨ ᠬᠠᠷᠢᠴᠠᠯ ᠢ ᠨᠢᠭᠡᠳᠬᠡᠬᠦ᠂ ᠬᠤᠪᠢ | ᠬᠥᠮᠥᠨ ᠤ ᠲᠠᠩᠰᠠᠨ ᠡᠷᠦᠭᠡ ᠶᠢᠨ ᠬᠡᠪᠴᠢᠶ᠎ᠡ ᠶᠢ ᠨᠢᠭᠡᠳᠬᠡᠬᠦ ᠪᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠪᠤᠳᠤᠵᠤ ᠣᠯᠭᠤᠬᠤ ᠨᠢᠭᠡᠳᠦᠯᠲᠡᠢ ᠠᠷᠭ᠎ᠠ ᠶᠢ ᠬᠡᠷᠡᠭᠵᠢᠭᠦᠯᠵᠡᠢ᠃ 2011 ᠣᠨ ᠤ 7 ᠰᠠᠷ᠎ᠠ ᠶᠢᠨ 1 ᠤ | ᠡᠳᠦᠷ ᠠᠴᠠ ᠬᠡᠷᠡᠭᠵᠢᠭᠦᠯᠦᠭᠰᠡᠨ ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠠᠷᠪᠠᠨ ᠨᠢᠭᠡᠳᠦᠭᠡᠷ ᠵᠦᠢᠯ ᠤᠨ | ᠨᠢᠭᠡᠳᠦᠭᠡᠷ ᠪᠠᠳᠠᠭ ᠲᠤ᠄︽ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠨᠡᠶᠢᠭᠡᠮ ᠤᠨ ᠨᠢᠭᠡᠳᠦᠯᠲᠡᠢ | ᠴᠤᠭᠯᠠᠭᠤᠯᠬᠤ ᠪᠠ ᠬᠤᠪᠢ ᠬᠥᠮᠥᠨ ᠤ ᠲᠠᠩᠰᠠᠨ ᠡᠷᠦᠭᠡ ᠶᠢ ᠤᠶᠠᠯᠳᠤᠭᠤᠯᠬᠤ ᠶᠢ ᠬᠡᠷᠡᠭᠵᠢᠭᠦᠯᠦᠨ᠎ᠡ᠃ ᠡᠨᠡ ᠬᠦ | ᠲᠣᠭᠲᠠᠭᠠᠯ ᠨᠢ ᠬᠠᠤᠯᠢ ᠴᠠᠭᠠᠵᠠ ᠶᠢᠨ ᠬᠡᠯᠪᠡᠷᠢ ᠪᠠᠷ ᠮᠠᠨ ᠤ ᠤᠯᠤᠰ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠵᠠᠭᠪᠤᠷ ᠢ ᠲᠣᠳᠣᠷᠬᠠᠶᠢᠯᠠᠭᠰᠠᠨ ᠪᠠᠶᠢᠨ᠎ᠠ᠃ ︽ | ᠨᠢᠭᠡᠳᠦᠯᠲᠡᠢ ᠪᠠ ᠲᠠᠩᠰᠠ ᠶᠢ ᠤᠶᠠᠯᠳᠤᠭᠤᠯᠬᠤ︾ ᠶᠢᠨ ᠣᠨᠴᠠᠯᠢᠭ ᠪᠣᠯ ᠠᠵᠤ ᠠᠬᠤᠶᠢᠯᠠᠯ ᠪᠠ ᠬᠤᠪᠢ ᠬᠥᠮᠥᠨ | ᠬᠠᠮᠲᠤ ᠪᠠᠷ ᠰᠦᠢᠳᠬᠡᠯ ᠨᠡᠮᠡᠵᠦ᠂ ᠬᠥᠮᠥᠨ ᠨᠢᠭᠡᠪᠦᠷᠢ ᠳᠤ ᠴᠠᠯᠢᠩ ᠤᠨ ᠵᠣᠬᠢᠬᠤ ᠵᠠᠭᠤᠨ ᠤ ᠬᠠᠷᠢᠴᠠᠯ ᠢᠶᠠᠷ ᠬᠤᠪᠢ | ᠬᠥᠮᠥᠨ ᠤ ᠲᠠᠩᠰᠠᠨ ᠡᠷᠦᠬᠡ ᠪᠠᠶᠢᠭᠤᠯᠵᠤ ᠥᠭᠭᠦᠨ᠎ᠡ᠄ ᠦᠯᠡᠳᠡᠭᠰᠡᠨ ᠬᠡᠰᠡᠭ ᠨᠢ ᠨᠢᠭᠡᠳᠦᠯᠲᠡᠢ ᠲᠥᠯᠥᠪᠯᠡᠬᠦ ᠰᠠᠭᠤᠷᠢ | ᠮᠥᠩᠭᠦ ᠪᠠᠶᠢᠵᠤ᠂ ᠳᠠᠭᠠᠳᠬᠠᠯ ᠳᠤ ᠣᠷᠣᠯᠴᠠᠭᠰᠠᠨ ᠪᠣᠶ ᠪᠦᠬᠦᠢ ᠬᠥᠮᠥᠰ ᠤᠨ ᠬᠠᠮᠲᠤ ᠶᠢᠨ ᠰᠠᠭᠤᠷᠢ ᠮᠥᠩᠭᠦ | ᠪᠣᠯᠣᠨ᠎ᠠ᠃ ᠨᠠᠰᠤᠨ ᠤ ᠠᠮᠠᠷᠠᠯᠲᠠ ᠠᠪᠬᠤ ᠨᠥᠬᠦᠴᠡᠯ ᠳᠤ ᠬᠦᠷᠦᠭᠰᠡᠠ ᠤ ᠲᠡᠷᠠᠭ᠎ᠠ ᠵᠣᠬᠢᠴᠠᠩᠭᠤᠢ ᠬᠠᠷᠠᠭᠠᠯᠵᠠᠯ | ᠬᠦᠷᠲᠡᠵᠦ ᠪᠣᠯᠣᠨ᠎ᠠ᠃ | ᠬᠥᠲᠥᠯᠥᠭᠴᠢ : | ᠠᠮᠢᠳᠤᠯᠢᠭ ᠢᠶᠠᠷ ᠠᠵᠢᠯ ᠣᠯᠣᠭᠰᠠᠳ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠬᠡᠷᠬᠢᠨ ᠣᠷᠣᠯᠴᠠᠬᠤ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ᠄ | ︽ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 27 ᠳ᠋ᠤᠭᠠᠷ | ᠲᠣᠭᠠᠲᠤ︶ ᠤᠨ ᠲᠣᠭᠲᠠᠭᠠᠯ ᠶᠣᠰᠣᠭᠠᠷ᠂ ᠠᠮᠢᠳᠤᠯᠢᠭ ᠢᠶᠠᠷ ᠠᠵᠢᠯ ᠣᠯᠣᠭᠰᠠᠳ ᠲᠤ ᠬᠤᠪᠢ ᠶᠢᠨ ᠡᠵᠡᠩᠨᠡᠯᠲᠡ᠂ | ᠪᠦᠬᠦᠯᠢ ᠡᠳᠦᠷ ᠤᠨ ᠪᠤᠰᠤ ᠳᠦᠷᠢᠮᠲᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠵᠡᠷᠭᠡ ᠠᠵᠢᠯ | ᠡᠷᠬᠢᠯᠡᠭᠰᠡᠳ ᠢ ᠪᠠᠭᠲᠠᠭᠠᠨ᠎ᠠ᠃ ᠮᠠᠨ ᠤ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠠᠩᠬ᠎ᠠ ᠤᠳᠠᠭ᠎ᠠ ᠣᠷᠣᠯᠴᠠᠭᠰᠠᠨ ᠠᠮᠢᠳᠤᠯᠢᠭ ᠢᠶᠠᠷ ᠠᠵᠢᠯ | ᠣᠯᠣᠭᠰᠠᠳ ᠥᠪᠡᠷ ᠤᠨ ᠪᠡᠶ᠎ᠡ ᠶᠢᠨ ᠦᠨᠡᠮᠯᠡᠯ ︵ᠣᠷᠣᠰᠢᠨ ᠰᠠᠭᠤᠬᠤ ᠦᠨᠡᠮᠯᠡᠯ︶ ᠪᠤᠶᠤ ᠨᠡᠶᠢᠭᠡᠮ ᠤᠨ | ᠳᠠᠭᠠᠳᠬᠠᠯ ᠤᠨ ᠺᠠᠷᠲ ᠢᠶᠠᠨ ᠠᠪᠴᠤ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠲᠥᠪ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠤᠶᠤ ᠬᠡᠰᠡᠭ ᠨᠡᠶᠢᠭᠡᠮ ᠲᠣᠭᠤᠷᠢᠭ ᠲᠤ ᠬᠦᠷᠴᠦ ᠣᠶᠢᠷ᠎ᠠ | ᠬᠠᠪᠢ ᠳᠠᠭᠠᠨ ᠬᠢᠨᠠᠨ ᠲᠣᠭᠲᠠᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠤ ᠠᠮᠢᠳᠤᠯᠢᠭ ᠢᠶᠠᠷ ᠠᠵᠢᠯ ᠣᠯᠬᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠰ ᠢ ᠬᠠᠷᠢᠶ᠎ᠠ ᠬᠤᠰᠢᠭᠤ | ᠰᠢᠶᠠᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠣᠶᠢᠷ᠎ᠠ ᠬᠠᠪᠢ ᠳᠤᠨᠢ | ᠭᠦᠢᠴᠡᠳᠬᠡᠵᠦ᠂ ᠬᠢᠨᠠᠨ ᠲᠣᠭᠲᠠᠭᠠᠭᠰᠠᠨ ᠮᠡᠳᠡᠭᠡ ᠵᠠᠩᠭᠢ ᠶᠢ ᠪᠣᠶ ᠪᠣᠯᠭᠠᠭᠰᠠᠨ ᠤ ᠳᠠᠷᠠᠭ᠎ᠠ ᠳᠠᠬᠢᠨ ᠭᠠᠶᠢᠯᠢ ᠶᠢᠨ | ᠶᠠᠪᠤᠳᠠᠯ ᠤᠨ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ ᠠᠷᠭ᠎ᠠ ᠵᠠᠮ ᠢᠶᠠᠷ | ᠰᠦᠢᠳᠬᠡᠯ ᠲᠤᠰᠢᠶᠠᠨ᠎ᠠ᠃ ᠠᠮᠢᠳᠤᠯᠢᠭ ᠢᠶᠠᠷ ᠠᠵᠢᠯ ᠣᠯᠣᠭᠰᠠᠳ ᠤᠨ ᠪᠡᠶ᠎ᠡ ᠬᠡᠮ ᠢᠶᠠᠷ ᠬᠡᠪ ᠤᠨ ᠶᠣᠰᠣᠭᠠᠷ | ᠲᠤᠰᠢᠶᠠᠭᠰᠠᠨ 2023 ᠣᠨ ᠤ ᠪᠥᠬᠦ ᠵᠢᠯ ᠤᠨ ᠠᠮᠢᠳᠤᠯᠢᠭ ᠢᠶᠠᠷ ᠠᠵᠢᠯ ᠣᠯᠣᠭᠰᠠᠳ ᠬᠢᠨᠠᠨ ᠲᠣᠭᠲᠠᠭᠠᠬᠤ | ᠴᠢᠬᠤᠯᠠ ᠦᠭᠡᠢ ᠪᠠᠷ ᠰᠦᠢᠳᠬᠡᠯ ᠲᠤᠰᠢᠶᠠᠬᠤ ᠲᠠᠰ ᠢᠶᠠᠨ ᠥᠪᠡᠰᠦᠪᠡᠨ ᠰᠣᠩᠭᠤᠵᠤ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠤᠨ ᠰᠦᠢᠳᠬᠡᠯ ᠲᠤᠰᠢᠶᠠᠬᠤ ᠠᠷᠭ᠎ᠠ ᠵᠠᠮ ᠢᠶᠠᠷ ᠰᠦᠢᠳᠬᠡᠯ ᠲᠤᠰᠢᠶᠠᠵᠤ ᠪᠣᠯᠣᠨ᠎ᠠ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠵᠦᠢᠯ ᠤᠨ ᠵᠠᠭᠪᠤᠷ ᠢ ᠰᠣᠩᠭᠤᠵᠤ ᠰᠦᠢᠳᠬᠡᠯ ᠲᠤᠰᠢᠶᠠᠵᠤ | ᠪᠣᠯᠣᠨ᠎ᠠ᠃ | ᠬᠥᠲᠥᠯᠥᠭᠴᠢ ᠄ | ᠬᠥᠮᠥᠨ ᠬᠡᠷᠡᠭᠯᠡᠬᠦ ᠨᠢᠭᠡᠴᠢ ᠨᠠᠰᠤᠵᠢᠯ ᠤᠨ ᠦᠨᠳᠦᠰᠦᠨ ᠳᠠᠭᠠᠳᠬᠠᠯ ᠤᠨ ᠵᠠᠷᠤᠳᠠᠯ ᠢ ᠬᠡᠷᠬᠢᠨ ᠲᠤᠰᠢᠶᠠᠬᠤ ᠪᠣᠶ | ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠠᠷᠪᠠᠨ ᠬᠤᠶᠠᠳᠤᠭᠠᠷ ᠵᠦᠢᠯ ᠤᠨ ᠨᠢᠭᠡᠳᠦᠭᠡᠷ | ᠪᠠᠳᠠᠭ ᠲᠤ᠄︽ᠬᠥᠮᠥᠨ ᠬᠡᠷᠡᠭᠯᠡᠬᠦ ᠨᠢᠭᠡᠴᠢ ᠨᠢ ᠤᠯᠤᠰ ᠠᠴᠠ ᠲᠣᠭᠲᠠᠭᠠᠭᠰᠠᠨ ᠲᠤᠰ ᠨᠢᠭᠡᠴᠢ ᠶᠢᠨ ᠠᠵᠢᠯᠲᠠᠨ | ᠠᠵᠢᠯᠴᠢᠨ ᠤ ᠴᠠᠯᠢᠩ ᠤᠨ ᠶᠡᠷᠦᠩᠬᠡᠢ ᠲᠣᠭᠠᠨ ᠤ ᠬᠠᠷᠢᠴᠠᠯ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠤᠨ ᠵᠠᠷᠤᠳᠠᠯ ᠢ ᠲᠤᠰᠢᠶᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠬᠤ ᠬᠡᠷᠡᠭᠲᠡᠢ︾ ᠭᠡᠵᠦ ᠲᠣᠭᠲᠠᠭᠠᠵᠠᠢ᠃ ᠬᠥᠮᠥᠨ ᠬᠡᠷᠡᠭᠯᠡᠬᠦ | ᠨᠢᠭᠡᠴᠡ ᠶᠢᠨ ᠰᠦᠢᠳᠬᠡᠯ ᠲᠤᠰᠢᠶᠠᠬᠤ ᠬᠠᠷᠢᠴᠠᠯ᠂ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠢᠭᠡᠳᠦᠯᠲᠡᠢ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ ﹇1997﹈ 26 ᠳ᠋ᠤᠭᠠᠷ ᠲᠣᠭᠠᠲᠤ︶ ᠤᠨ | ᠲᠣᠭᠲᠠᠭᠠᠯ ᠢ ᠦᠨᠳᠦᠰᠦᠯᠡᠪᠡᠯ᠂ ᠠᠵᠤ ᠠᠬᠤᠶᠢᠯᠠᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠠᠷᠤᠳᠠᠯ ᠲᠤᠰᠢᠶᠠᠬᠤ ᠬᠠᠷᠢᠴᠠᠯ ᠢ ᠡᠩ ᠤᠨ ᠪᠠᠶᠢᠳᠠᠯ ᠳᠤ ᠠᠵᠤ ᠠᠬᠤᠶᠢᠯᠠᠯ ᠤᠨ ᠴᠠᠯᠢᠩ ᠤᠨ ᠪᠥᠬᠦ | ᠲᠣᠭᠠᠨ ᠤ 20% ᠠᠴᠠ ᠬᠡᠲᠦᠷᠡᠭᠦᠯᠵᠦ ᠪᠣᠯᠬᠤ ᠦᠭᠡᠢ᠂ ︽ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠦᠷᠭᠦᠯᠵᠢᠯᠡᠨ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠬᠤ ᠲᠤᠬᠠᠢ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2018﹈ 25 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2018 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠨᠢᠭᠡᠴᠡ ᠶᠢᠨ ᠵᠠᠷᠤᠳᠠᠯ ᠲᠤᠰᠢᠶᠠᠬᠤ ᠬᠠᠷᠢᠴᠠᠯ ᠢ 20% ᠠᠴᠠ ︽ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠪᠠᠭᠤᠷᠠᠭᠤᠯᠬᠤ ᠶᠡᠷᠦᠩᠬᠡᠶᠢᠯᠡᠭᠰᠡᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 13 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ 2019 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ︵ᠠᠵᠤ | ᠠᠬᠤᠶᠢᠯᠠᠯ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ | ᠪᠠᠭᠲᠠᠨ᠎ᠠ︶ ᠤᠨ ᠨᠢᠭᠡᠴᠡ ᠶᠢᠨ ᠰᠦᠢᠳᠬᠡᠯ ᠲᠤᠰᠢᠶᠠᠬᠤ ᠬᠠᠷᠢᠴᠠᠯ ᠢ 16% ᠪᠣᠯᠲᠠᠯ᠎ᠠ ᠨᠢᠭᠡᠳᠦᠯᠲᠡᠢ | ᠪᠠᠭᠤᠷᠠᠭᠤᠯᠵᠤ᠂ ᠪᠣᠳᠠᠲᠠᠢ ᠬᠠᠷᠢᠴᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠬᠥᠲᠥᠯᠥᠭᠴᠢ ᠄ | ᠠᠵᠢᠯᠲᠠᠨ ᠠᠵᠢᠯᠴᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠵᠠᠷᠤᠳᠠᠯ ᠢ ᠬᠡᠷᠬᠢᠨ ᠲᠤᠰᠢᠶᠠᠬᠤ ᠪᠤᠶ ︖ | | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠠᠷᠪᠠᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ | ︽ᠠᠵᠢᠯᠲᠠᠨ ᠠᠵᠢᠯᠴᠢᠨ ᠤᠯᠤᠰ ᠠᠴᠠ ᠲᠣᠭᠲᠠᠭᠠᠭᠰᠠᠨ ᠲᠤᠰ ᠬᠥᠮᠥᠨ ᠤ ᠴᠠᠯᠢᠩ ᠤᠨ ᠬᠠᠷᠢᠴᠠᠯ ᠢᠶᠠᠷ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠲᠤᠰᠢᠶᠠᠵᠤ᠂ ᠬᠤᠪᠢ ᠬᠥᠮᠥᠨ ᠤ ᠲᠠᠩᠰᠠᠨ | ᠡᠷᠦᠭᠡ ᠳᠤ ᠲᠡᠮᠳᠡᠭᠯᠡᠨ ᠣᠷᠣᠭᠤᠯᠬᠤ ᠬᠡᠷᠡᠭᠲᠡᠢ︾ ᠭᠡᠵᠦ ᠲᠣᠭᠲᠠᠭᠠᠵᠠᠢ᠃ ᠣᠳᠣᠬᠠᠨ ᠳᠤ᠂ ᠪᠥᠬᠦ ᠤᠯᠤᠰ ᠤᠨ ᠡᠯ᠎ᠡ | ᠭᠠᠵᠠᠷ ᠤᠨ ᠠᠵᠢᠯᠲᠠᠨ ᠠᠵᠢᠯᠴᠢᠨ ᠤ ᠬᠤᠪᠢ ᠬᠥᠮᠥᠨ ᠤ ᠰᠦᠢᠳᠬᠡᠯ ᠲᠤᠰᠢᠶᠠᠬᠤ ᠬᠠᠷᠢᠴᠠᠯ ᠢ ᠲᠣᠰ ᠬᠥᠮᠥᠨ ᠤ | ᠰᠦᠢᠳᠬᠡᠯ ᠲᠤᠰᠢᠶᠠᠬᠤ ᠴᠠᠯᠢᠩ ᠤᠨ 8% ᠪᠠᠷ ᠨᠢᠭᠡᠳᠦᠯᠲᠡᠢ ᠪᠣᠯᠭᠠᠵᠤ᠂ ᠬᠥᠮᠥᠨ ᠬᠡᠷᠡᠭᠯᠡᠬᠦ ᠨᠢᠭᠡᠴᠡ ᠠᠴᠠ | ᠠᠵᠢᠯᠲᠠᠨ ᠠᠵᠢᠯᠴᠢᠨ ᠤ ᠬᠤᠪᠢ ᠬᠥᠮᠥᠨ ᠤ ᠴᠠᠯᠢᠩ ᠠᠴᠠ ᠣᠷᠣᠯᠠᠨ ᠰᠠᠭᠤᠯᠭᠠᠵᠤ ᠣᠷᠣᠯᠠᠨ ᠲᠤᠰᠢᠶᠠᠨ᠎ᠠ᠃ | ᠳᠠᠭᠠᠳᠬᠠᠯ ᠳᠤ ᠣᠷᠣᠯᠴᠠᠭᠰᠠᠨ ᠨᠢᠭᠡᠴᠡ ᠰᠠᠷ᠎ᠠ ᠪᠠᠷ ᠬᠢᠨᠠᠨ ᠲᠣᠭᠲᠠᠭᠠᠵᠤ᠂ ᠰᠠᠷ᠎ᠠ ᠪᠦᠷᠢ ᠶᠢᠨ 1-20 ᠤ ᠡᠳᠦᠷ | ᠪᠣᠯ ᠭᠦᠢᠴᠡᠳᠬᠡᠬᠦ ᠠᠵᠢᠯᠲᠠᠨ ᠤ ᠨᠡᠮᠡᠭᠳᠡᠵᠦ ᠬᠠᠰᠤᠭᠳᠠᠬᠤ ᠵᠡᠷᠭᠡ ᠣᠯᠠᠨ ᠨᠡᠶᠢᠲᠡ ᠶᠢᠨ ᠲᠤᠬᠠᠶᠢᠯᠠᠭᠰᠠᠨ ᠠᠵᠢᠯ ᠤᠨ | ᠴᠠᠭ ᠪᠣᠯᠣᠨ᠎ᠠ᠂ ᠬᠡᠷᠪᠡ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ | ᠲᠣᠬᠢᠶᠠᠯᠳᠤᠪᠠᠯ ᠭᠦᠢᠴᠡᠳᠬᠡᠬᠦ ᠴᠠᠭ ᠢ ᠤᠷᠲᠤᠳᠬᠠᠨ᠎ᠠ᠃ | ᠬᠥᠲᠥᠯᠥᠭᠴᠢ ᠄ | ᠨᠢᠭᠡᠴᠡ ᠶᠢᠨ ᠢᠶᠠᠨ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠶᠠᠪᠤᠴᠠ ᠶᠢ | ᠲᠠᠨᠢᠯᠴᠠᠭᠤᠯᠤᠭᠠᠳ ᠥᠭᠭᠦᠨ᠎ᠡ ᠦᠦ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ᠄ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠠᠯᠪᠠᠨ ᠤ ᠰᠦᠯᠵᠢᠶ᠎ᠡ ᠳᠤ ᠭᠠᠷᠴᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠦᠯᠵᠢᠶ᠎ᠡ ᠶᠢᠨ ᠬᠡᠷᠡᠭ ᠡᠷᠭᠢᠯᠡᠬᠦ ᠶᠡᠭᠡ ᠲᠢᠩᠬᠢᠮ ᠤᠨ ᠪᠤᠯᠤᠩ ᠳᠤ ᠭᠠᠷᠴᠤ ︽ᠨᠢᠭᠡᠴᠡ ᠶᠢᠨ ᠰᠦᠯᠵᠢᠶ᠎ᠡ ᠶᠢᠨ | ᠲᠢᠩᠬᠢᠮ︾ ᠢ ᠲᠣᠪᠴᠢᠳᠠᠪᠠᠯ ︽ᠬᠥᠬᠡᠬᠤᠲᠠ︾ ᠶᠢ ᠰᠣᠩᠭᠤᠵᠤ ︽ᠨᠢᠭᠡᠴᠡ ᠶᠢᠨ ᠠᠩᠬ᠎ᠠ ᠤᠳᠠᠭ᠎ᠠ | ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︾ ᠶᠢ ᠲᠣᠪᠴᠢᠳᠠᠪᠠᠯ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠪᠠᠯ | ᠪᠣᠯᠴᠢᠬᠠᠨ᠎ᠠ᠃ | ᠬᠥᠲᠥᠯᠥᠭᠴᠢ ᠄ | ᠰᠦᠢᠳᠬᠡᠯ ᠲᠤᠰᠢᠶᠠᠬᠤ ᠨᠢᠭᠡᠴᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ | ᠲᠤᠰᠢᠶᠠᠭᠰᠠᠨ ᠦᠭᠡᠢ ᠪᠤᠶᠤ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠭᠰᠠᠨ ᠦᠭᠡᠢ ᠪᠠᠶᠢᠪᠠᠯ ᠬᠡᠷᠬᠢᠨ | ᠰᠢᠳᠬᠡᠬᠦ ᠪᠤᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︽ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠲᠦᠷ ᠬᠡᠷᠡᠭᠵᠢᠭᠦᠯᠬᠦ ᠳᠦᠷᠢᠮ︾ | ᠤᠨ ᠲᠣᠭᠲᠠᠭᠠᠯ ᠢ ᠦᠨᠳᠦᠰᠦᠯᠡᠪᠡᠯ᠂ ᠰᠦᠢᠳᠬᠡᠯ ᠲᠤᠰᠢᠶᠠᠬᠤ ᠨᠢᠭᠡᠴᠢ ᠨᠢ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠤᠶᠤ ᠣᠷᠣᠯᠠᠨ ᠰᠠᠭᠤᠯᠭᠠᠨ ᠠᠪᠴᠤ ᠣᠷᠣᠯᠠᠨ | ᠲᠤᠰᠢᠶᠠᠭᠰᠠᠨ ᠦᠭᠡᠢ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ; | ᠬᠤᠭᠤᠴᠠᠭ᠎ᠠ ᠬᠡᠲᠦᠷᠡᠲᠡᠯ᠎ᠡ ᠮᠥᠨ ᠬᠦ ᠲᠤᠰᠢᠶᠠᠭᠰᠠᠨ ᠦᠭᠡᠢ ᠪᠠᠶᠢᠪᠠᠯ᠂ ᠨᠥᠬᠦᠵᠦ ᠲᠤᠰᠢᠶᠠᠭᠠᠳᠤᠢ ᠲᠤᠭ᠎ᠠ | ᠬᠡᠮᠵᠢᠶ᠎ᠡ ᠠᠴᠠ ᠭᠠᠳᠠᠨ᠎ᠠ᠂ 2011 ᠣᠨ ᠤ 7 ᠰᠠᠷ᠎ᠠ ᠶᠢᠨ 1 ᠤ ᠡᠳᠦᠷ ᠠᠴᠠ ᠡᠮᠦᠨ᠎ᠡ ᠳᠠᠭᠠᠳᠬᠠᠯ ᠳᠤ | ᠣᠷᠣᠯᠴᠠᠭᠰᠠᠨ ᠨᠢᠭᠡᠴᠢ ᠶᠢᠨ ᠲᠤᠬᠠᠢ ᠶᠢᠨ ᠦᠶ᠎ᠡ ᠳᠤ ᠪᠤᠢ ᠪᠣᠯᠤᠭᠰᠠᠨ ᠥᠷᠢᠲᠦᠭᠰᠡᠨ ᠵᠠᠷᠤᠳᠠᠯ ᠢ ᠲᠤᠰᠢᠶᠠᠭᠠᠳᠤᠢ | ᠡᠳᠦᠷ ᠠᠴᠠ ᠡᠬᠢᠯᠡᠨ ᠡᠳᠦᠷ ᠪᠦᠷᠢ ᠮᠢᠩᠭᠠᠨ ᠤ ᠬᠤᠶᠠᠷ ᠬᠤᠪᠢ ᠶᠢᠨ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠨᠡᠮᠡᠵᠦ ᠬᠤᠷᠢᠶᠠᠨ᠎ᠠ᠃ 2011 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ | ︽ᠨᠡᠶᠢᠭᠡᠮ ᠤᠨ ᠳᠠᠭᠠᠳᠬᠠᠯ ᠤᠨ ᠬᠠᠤᠯᠢ︾ ᠶᠢ ᠬᠡᠷᠡᠭᠵᠢᠭᠦᠯᠦᠭᠰᠡᠨ ᠤ ᠲᠠᠷᠠᠭ᠎ᠠ᠂ ᠬᠥᠮᠥᠨ ᠬᠡᠷᠡᠭᠯᠡᠬᠦ ᠨᠢᠭᠡᠴᠢ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠲᠤᠰᠢᠶᠠᠭᠰᠠᠨ ᠦᠭᠡᠢ | ᠪᠠᠶᠢᠪᠠᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠬᠤᠷᠢᠶᠠᠬᠤ ᠪᠠᠶᠢᠭᠤᠯᠤᠮᠵᠢ ᠠᠴᠠ ᠵᠠᠷᠯᠢᠭᠳᠠᠵᠤ | ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠬᠤ ᠪᠤᠶᠤ ᠭᠦᠢᠴᠡᠭᠡᠯᠭᠡᠬᠦ ᠶᠢᠨ ᠬᠠᠮᠲᠤ ᠲᠤᠰᠢᠶᠠᠭᠠᠳᠤᠢ | ᠡᠳᠦᠷ ᠠᠴᠠ ᠡᠬᠢᠯᠡᠨ ᠡᠳᠦᠷ ᠪᠦᠷᠢ ᠲᠦᠮᠡᠨ ᠬᠤᠪᠢ ᠶᠢᠨ ᠲᠠᠪᠤ ᠪᠠᠷ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠨᠡᠮᠡᠵᠦ ᠬᠤᠷᠢᠶᠠᠨ᠎ᠠ; ᠬᠤᠭᠤᠴᠠᠭ᠎ᠠ ᠬᠡᠲᠦᠷᠡᠲᠡᠯ᠎ᠡ ᠮᠥᠨ ᠲᠤᠰᠢᠶᠠᠬᠤ ᠤᠶᠢᠭᠡᠢ ᠪᠠᠶᠢᠪᠠᠯ᠂ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠢᠶᠠᠭᠠᠳᠤᠢ ᠲᠣᠭᠠᠨ ᠤ ᠬᠢᠨᠢ ᠨᠢᠭᠡ | ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠡᠭᠦᠨ ᠤ | ᠬᠠᠮᠲᠤ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠪᠤᠰᠤᠳ ᠬᠥᠮᠥᠨ ᠢ 5000 | ᠲᠥᠭᠦᠷᠢᠭ ᠠᠴᠠ ᠳᠡᠭᠡᠭᠰᠢ 20000 ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠵᠠᠷᠤᠳᠠᠯ | ᠲᠤᠰᠢᠶᠠᠬᠤ ᠨᠢᠭᠡᠴᠢ ᠬᠤᠭᠤᠴᠠᠭ᠎ᠠ ᠬᠡᠲᠦᠷᠡᠲᠡᠯ᠎ᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ᠂ | ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠦᠴᠦᠨ ᠦᠭᠡᠢ ᠲᠤᠰᠢᠶᠠᠬᠤ ᠶᠢ ᠲᠡᠪᠴᠢᠭᠰᠡᠨ | ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠯ ᠭᠠᠷᠭᠠᠵᠤ ᠬᠠᠤᠯᠢ ᠶᠣᠰᠣᠭᠠᠷ | ᠠᠯᠪᠠᠳᠠᠨ | ᠬᠥᠲᠥᠯᠥᠭᠴᠢ ᠄ | ᠠᠰᠠᠭᠤᠬᠤ ᠨᠢ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠬᠦᠷᠢᠶ᠎ᠡ ᠬᠡᠪᠴᠢᠶ᠎ᠡ ᠨᠢ ᠬᠡᠳᠦᠢ ᠪᠣᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠠᠯᠪᠠᠲᠠᠨ ᠤ ᠬᠠᠤᠯᠢ ᠶᠢᠨ ᠶᠣᠰᠣᠭᠠᠷ ᠬᠠᠮᠢᠶᠠᠷᠴᠤ ᠪᠠᠶᠢᠭ᠎ᠠ ᠨᠢᠭᠡᠴᠢ ᠵᠢᠴᠢ ᠲᠡᠭᠦᠨ ᠤ ᠣᠷᠣᠨ ᠲᠣᠭᠠᠨ ᠤ | ᠳᠣᠲᠣᠷᠠᠬᠢ ᠠᠵᠢᠯᠲᠠᠨ; ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠢ | ︶ ᠵᠢᠴᠢ ᠲᠡᠭᠦᠨ ᠤ ᠣᠷᠣᠨ ᠲᠣᠭᠠᠨ ᠤ ᠳᠣᠲᠣᠷᠠᠬᠢ ᠠᠵᠢᠯᠲᠠᠨ ᠃ ᠲᠥᠷᠥᠯ ᠬᠤᠪᠢᠶᠠᠨ ᠥᠭᠡᠷᠡᠴᠢᠯᠡᠭᠰᠡᠨ ᠤ | ᠳᠠᠷᠠᠭ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠤᠨ ᠠᠵᠢᠯ ᠦᠢᠯᠡᠰ ᠤᠨ | ᠨᠢᠭᠡᠴᠡ ᠵᠢᠴᠢ ᠲᠡᠭᠦᠨ ᠤ ᠣᠷᠣᠨ ᠲᠣᠭᠠᠨ ᠤ ᠳᠣᠲᠣᠷᠠᠬᠢ ᠠᠵᠢᠯᠲᠠᠨ ᠢᠶᠠᠷ ᠲᠣᠭᠲᠠᠭᠠᠨ᠎ᠠ᠃ ᠣᠳᠣᠬᠠᠨ ᠳᠤ | ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠳᠤ ᠬᠤᠪᠢᠶᠠᠭᠳᠠᠵᠤ ᠪᠠᠶᠢᠭ᠎ᠠ ᠪᠣᠯᠪᠠᠴᠤ ᠠᠵᠤ ᠠᠬᠤᠶᠢᠯᠠᠯ ᠤᠨ | ᠳᠦᠷᠢᠮ ᠢ ᠬᠠᠷᠠᠬᠠᠨ ᠥᠭᠡᠷᠡᠴᠢᠯᠡᠭᠡᠳᠦᠢ ᠠᠵᠢᠯ ᠦᠢᠯᠡᠰ ᠤᠨ ᠨᠢᠭᠡᠴᠡ ᠶᠢᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠢ ᠮᠥᠨ ᠬᠦ | ᠦᠷᠭᠦᠯᠵᠢᠯᠡᠨ ᠣᠷᠣᠯᠴᠠᠬᠤ ᠬᠡᠷᠡᠭᠲᠡᠢ ᠃ ᠬᠠᠷᠠᠬᠠᠨ ᠣᠷᠣᠯᠴᠠᠭᠠᠳᠤᠢ ᠪᠣᠯ ᠠᠯᠪᠠᠨ ᠪᠠᠶᠢᠭᠤᠯᠤᠯᠭ᠎ᠠ ᠠᠵᠢᠯ | ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠲᠦᠷ ᠣᠷᠣᠯᠴᠠᠵᠤ᠂ ᠲᠡᠭᠦᠨ ᠢ ᠠᠵᠤ | ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢ ᠨᠢ ᠥᠭᠡᠷᠡᠴᠢᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠬᠡᠪᠴᠢᠶᠡᠨ ᠳᠤ ᠣᠷᠣᠭᠤᠯᠤᠨ᠎ᠠ᠃ | ᠬᠥᠲᠥᠯᠥᠭᠴᠢ ᠄ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠨᠢ ᠬᠡᠳᠦᠨ ᠲᠠᠯ᠎ᠠ ᠠᠴᠠ ᠪᠤᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠪᠠᠶᠢᠭᠤᠯᠤᠯᠭ᠎ᠠ ᠨᠢᠭᠡᠴᠡ ᠶᠢᠨ ᠠᠵᠢᠯᠲᠠᠨ ᠤ ᠰᠦᠢᠳᠬᠡᠯ ᠲᠤᠰᠢᠶᠠᠬᠤ ᠴᠠᠯᠢᠩ ᠤᠨ ᠲᠥᠷᠥᠯ ᠵᠦᠢᠯ ᠳᠤ᠄ | ᠦᠨᠳᠦᠰᠦᠨ ᠴᠠᠯᠢᠩ ︵ᠲᠤᠰᠢᠶᠠᠯ᠂ ᠲᠠᠰ ᠤᠨ ᠴᠠᠯᠢᠩ︶᠂ ᠤᠯᠤᠰ ᠠᠴᠠ ᠨᠢᠭᠡᠳᠦᠯᠲᠡᠢ ᠲᠣᠭᠲᠠᠭᠠᠭᠰᠠᠨ ᠨᠡᠮᠡᠭᠦᠷᠢ | ᠨᠥᠬᠦᠪᠦᠷᠢ ︵ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠨᠡᠮᠡᠭᠦᠷᠢ ᠵᠢᠴᠢ ᠤᠯᠤᠰ ᠠᠴᠠ ᠨᠢᠭᠡᠳᠦᠯᠲᠡᠢ | ᠲᠣᠭᠲᠠᠭᠠᠭᠰᠠᠨ ᠤᠤᠯ ᠤᠨ ᠠᠵᠢᠯ ᠠᠴᠠ ᠪᠠᠨ ᠪᠠᠭᠤᠭᠰᠠᠨ ᠵᠠᠷᠤᠳᠠᠯ ᠢ ᠪᠤᠳᠤᠵᠤ ᠣᠯᠭᠤᠬᠤ ᠰᠠᠭᠤᠷᠢ ᠲᠤᠭ᠎ᠠ ᠳᠤ | ᠣᠷᠣᠭᠤᠯᠤᠭᠰᠠᠨ ᠲᠥᠷᠥᠯ ᠵᠦᠢᠯ ᠪᠠᠭᠲᠠᠨ᠎ᠠ︶᠂ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠨᠥᠬᠦᠪᠦᠷᠢ ︵ | ᠭᠠᠵᠠᠷ ᠣᠷᠣᠨ ᠤ ᠨᠡᠮᠡᠯᠲᠡ ᠨᠡᠮᠡᠭᠦᠷᠢ︶᠂ ᠵᠢᠯ ᠤᠨ ᠡᠴᠦᠰ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠤᠨ | ᠮᠥᠩᠭᠦ ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ ᠲᠤᠰᠢᠶᠠᠬᠤ ᠴᠠᠯᠢᠩ ᠤᠨ ᠲᠥᠷᠥᠯ | ᠵᠦᠢᠯ ᠳᠤ᠄ ᠦᠨᠳᠦᠰᠦᠨ ᠴᠠᠯᠢᠩ ︵ᠠᠵᠢᠯ ᠤᠨ ᠪᠠᠶᠢᠷᠢ᠂ ᠴᠠᠯᠢᠩ ᠤᠨ ᠲᠠᠰ ᠤᠨ ᠴᠠᠯᠢᠩ︶᠂ ᠤᠯᠤᠰ ᠠᠴᠠ | ᠨᠢᠭᠡᠳᠦᠯᠲᠡᠢ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠦᠷᠢ ᠮᠥᠩᠭᠦ ︵ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ | ᠣᠷᠣᠨ ᠤ ᠨᠡᠮᠡᠭᠦᠷᠢ ᠮᠥᠩᠭᠦ ᠵᠢᠴᠢ ᠤᠯᠤᠰ ᠠᠴᠠ ᠨᠢᠭᠡᠳᠦᠯᠲᠡᠢ ᠲᠣᠭᠲᠠᠭᠠᠭᠰᠠᠨ ᠤᠤᠯ ᠤᠨ ᠠᠵᠢᠯ ᠠᠴᠠ ᠪᠠᠨ | ᠪᠠᠭᠤᠵᠤ ᠠᠮᠠᠷᠠᠭᠰᠠᠨ ᠵᠠᠷᠤᠳᠠᠯ ᠢ ᠪᠤᠳᠤᠵᠤ ᠣᠯᠭᠤᠬᠤ ᠰᠠᠭᠤᠷᠢ ᠲᠤᠭ᠎ᠠ ᠳᠤ ᠣᠷᠣᠭᠤᠯᠤᠭᠰᠠᠨ ᠲᠥᠷᠥᠯ ᠵᠦᠢᠯ | ᠪᠠᠭᠲᠠᠨ᠎ᠠ︶᠂ ᠠᠵᠢᠯ ᠤᠨ ᠪᠦᠲᠦᠮᠵᠢ ᠶᠢᠨ ᠴᠠᠯᠢᠩ ᠪᠠᠭᠲᠠᠨ᠎ᠠ᠃ | ᠬᠥᠲᠥᠯᠥᠭᠴᠢ ᠄ | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠬᠠᠷᠢᠴᠠᠯ ᠨᠢ | ᠬᠡᠳᠦᠢ ᠶᠢ ᠡᠵᠡᠯᠡᠬᠦ ᠪᠤᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠨᠢᠭᠡᠴᠡ ᠶᠢᠨ ᠰᠦᠢᠳᠬᠡᠯ ᠲᠤᠰᠢᠶᠠᠬᠤ ᠬᠠᠷᠢᠴᠠᠯ ᠨᠢ 16% ᠪᠠᠶᠢᠵᠤ᠂ ᠬᠤᠪᠢ ᠬᠥᠮᠥᠨ ᠤ | ᠰᠦᠢᠳᠬᠡᠯ ᠲᠤᠰᠢᠶᠠᠬᠤ ᠬᠠᠷᠢᠴᠠᠯ ᠨᠢ 8% ᠪᠣᠯᠣᠨ᠎ᠠ᠃ ᠠᠵᠢᠯ ᠮᠡᠷᠭᠡᠵᠢᠯ ᠤᠨ ᠣᠨ ᠤ ᠮᠥᠩᠭᠦ ᠶᠢᠨ ᠨᠢᠭᠡᠴᠡ ᠶᠢᠨ | ᠰᠦᠢᠳᠬᠡᠯ ᠲᠤᠰᠢᠶᠠᠬᠤ ᠬᠠᠷᠢᠴᠠᠯ ᠨᠢ 8%᠂ ᠬᠤᠪᠢ ᠬᠥᠮᠥᠨ ᠤ ᠰᠦᠢᠳᠬᠡᠯ ᠲᠤᠰᠢᠶᠠᠬᠤ ᠬᠠᠷᠢᠴᠠᠯ ᠨᠢ 4% | ᠪᠣᠯᠣᠨ᠎ᠠ᠃ | ᠬᠥᠲᠥᠯᠥᠭᠴᠢ ᠄ | ᠨᠠᠰᠤᠨ ᠤ ᠠᠮᠠᠷᠠᠯᠲᠠ ᠶᠢᠨ ᠬᠠᠷᠠᠭᠠᠯᠵᠠᠯ ᠤᠨ ᠲᠠᠯ᠎ᠠ ᠪᠠᠷ᠂ 2023 ᠣᠨ ᠤ ᠴᠠᠯᠢᠩ ᠲᠣᠬᠢᠷᠠᠭᠤᠯᠬᠤ ᠲᠥᠷᠥ ᠶᠢᠨ | ᠪᠣᠳᠣᠯᠭ᠎ᠠ ᠶᠢᠨ ᠪᠣᠳᠠᠲᠠᠢ ᠲᠠᠯ᠎ᠠ ᠪᠠᠷ ᠶᠠᠭᠤ ᠶᠠᠭᠤ ᠪᠠᠶᠢᠬᠤ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︵1︶ ᠲᠣᠬᠢᠷᠠᠭᠤᠯᠤᠯᠲᠠ ᠬᠢᠬᠦ ᠬᠡᠪᠴᠢᠶ᠎ᠡ᠄ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠠᠵᠤ | ᠠᠬᠤᠶᠢᠯᠠᠯ 2022 ᠣᠨ ᠠᠴᠠ ᠡᠮᠦᠨ᠎ᠡ ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠵᠤ ᠠᠮᠠᠷᠠᠬᠤ ︵ᠠᠵᠢᠯ | ᠠᠴᠠ ᠪᠠᠨ ᠪᠠᠭᠤᠬᠤ︶ ᠭᠠᠷᠳᠠᠮ ᠭᠦᠢᠴᠡᠳᠬᠡᠬᠦ ᠶᠢᠨ ᠬᠠᠮᠲᠤ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ︵ᠠᠵᠢᠯ ᠠᠴᠠ ᠪᠠᠨ ᠵᠣᠭᠰᠣᠭᠰᠠᠨ ᠠᠮᠢᠳᠤᠷᠠᠯ ᠤᠨ ᠵᠠᠷᠤᠳᠠᠯ︶ ᠠᠪᠴᠤ ᠪᠠᠶᠢᠭ᠎ᠠ ᠠᠵᠢᠯ ᠠᠴᠠ ᠪᠠᠨ | ᠪᠠᠭᠤᠵᠤ ᠠᠮᠠᠷᠠᠭᠰᠠᠳ ︵ᠠᠵᠢᠯ ᠠᠴᠠ ᠪᠠᠨ ᠪᠠᠭᠤᠭᠰᠠᠨ ᠬᠥᠮᠥᠰ︶᠃ ︵2︶ ᠲᠣᠬᠢᠷᠠᠭᠤᠯᠬᠤ ᠪᠠᠷᠢᠮᠵᠢᠶ᠎ᠠ᠄ | ᠲᠣᠭᠲᠠᠭᠰᠠᠨ ᠨᠤᠷᠮ᠎ᠠ ᠪᠠᠷ ᠲᠣᠬᠢᠷᠠᠭᠤᠯᠤᠨ᠎ᠠ᠄ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠬᠥᠮᠥᠨ ᠪᠦᠷᠢ ᠳᠤ | ᠰᠠᠷ᠎ᠠ ᠳᠤ 37.5 ᠲᠥᠭᠦᠷᠢᠭ ᠨᠡᠮᠡᠭᠳᠡᠭᠦᠯᠦᠨ᠎ᠡ᠃ ᠬᠤᠯᠪᠣᠭᠳᠠᠭᠤᠯᠤᠨ ᠲᠣᠬᠢᠷᠠᠭᠤᠯᠤᠨ᠎ᠠ᠄ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠤ ᠲᠣᠬᠢᠷᠠᠭᠤᠯᠤᠯᠲᠠ ᠶᠣᠰᠣᠭᠠᠷ᠂ ᠲᠣᠰ ᠬᠥᠮᠥᠨ ᠤ 2022 | ᠣᠨ ᠤ 12 ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠤ 1. | 7% ᠪᠠᠷ ᠦᠨᠳᠦᠰᠦᠨ ᠨᠠᠰᠤᠵᠢᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢᠨ ᠲᠣᠬᠢᠷᠠᠭᠤᠯᠤᠯᠲᠠ | ᠶᠣᠰᠣᠭᠠᠷ᠂ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ 15 ᠵᠢᠯ ᠵᠢᠴᠢ ᠲᠡᠭᠦᠨ ᠠᠴᠠ ᠳᠣᠷᠣᠭᠰᠢᠬᠢ | ᠬᠡᠰᠡᠭ ᠲᠤ᠂ ᠨᠢᠭᠡ ᠵᠢᠯ ᠳᠤ 0.5 ᠲᠥᠭᠦᠷᠢᠭ ᠨᠡᠮᠡᠭᠳᠡᠭᠦᠯᠦᠨ᠎ᠡ ᠃ 16 ᠵᠢᠯ ᠠᠴᠠ 30 ᠵᠢᠯ ᠤᠨ | ᠬᠤᠭᠤᠷᠣᠨᠳᠣᠬᠢ ᠬᠡᠰᠡᠭ ᠲᠤ ᠨᠢᠭᠡ ᠵᠢᠯ ᠳᠤ 1 ᠲᠥᠭᠦᠷᠢᠭ ᠨᠡᠮᠡᠭᠳᠡᠨ᠎ᠡ; 31 ᠵᠢᠯ ᠠᠴᠠ ᠳᠡᠭᠡᠭᠰᠢ ᠬᠡᠰᠡᠭ ᠲᠤ | ᠨᠢᠭᠡ ᠵᠢᠯ ᠳᠤ 2 ᠲᠥᠭᠦᠷᠢᠭ ᠨᠡᠮᠡᠭᠳᠡᠨ᠎ᠡ᠃ ᠬᠡᠯᠪᠠᠶᠢᠯᠲᠡ ᠶᠢᠨ ᠲᠣᠬᠢᠷᠠᠭᠤᠯᠤᠯᠲᠠ᠄ 2022 ᠣᠨ ᠤ 12 | ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠤᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠲᠤ | ᠬᠥᠮᠥᠨ ᠪᠦᠷᠢ ᠰᠠᠷ᠎ᠠ ᠳᠤ 30 ᠲᠥᠭᠦᠷᠢᠭ ᠨᠡᠮᠡᠭᠳᠡᠭᠦᠯᠦᠨ᠎ᠡ ᠃ ᠪᠦᠬᠦᠯᠢ 70 ᠨᠠᠰᠤᠨ ᠠᠴᠠ ᠳᠡᠭᠡᠭᠰᠢᠬᠢ | ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠲᠠᠬᠢᠭᠠᠳ 1 ᠲᠥᠭᠦᠷᠢᠭ ᠨᠡᠮᠡᠭᠳᠡᠭᠦᠯᠦᠨ᠎ᠡ᠃ | ᠬᠥᠲᠥᠯᠥᠭᠴᠢ : | ᠣᠳᠣᠬᠠᠨ ᠳᠤ᠂ ᠬᠥᠬᠡᠬᠤᠲᠠ ᠶᠢᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠠᠰᠠᠷᠠᠮᠵᠢ ᠶᠢᠨ ᠮᠦᠩᠭᠦ ᠬᠡᠳᠦᠢ ᠳᠤ ᠬᠦᠷᠴᠦ ᠪᠤᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠬᠥᠬᠡᠬᠤᠲᠠ ︵ᠬᠤᠰᠢᠭᠤ᠂ ᠰᠢᠶᠠᠨ᠂ ᠲᠣᠭᠤᠷᠢᠭ ᠪᠠᠭᠲᠠᠨ᠎ᠠ︶ ᠶᠢᠨ ᠠᠵᠤ ᠠᠬᠤᠶᠢᠯᠠᠯ ᠤᠨ ᠨᠢᠭᠡᠴᠡ ᠶᠢᠨ | ᠠᠵᠢᠯ ᠠᠴᠠ ᠪᠠᠨ ᠪᠠᠭᠤᠭᠰᠠᠨ ︵ᠠᠵᠢᠯ ᠠᠴᠠ ᠪᠠᠨ ᠪᠠᠭᠤᠭᠰᠠᠨ︶ ᠬᠥᠮᠥᠨ 248764 ᠪᠠᠶᠢᠵᠤ᠂ ᠰᠠᠷ᠎ᠠ ᠶᠢᠨ | ᠬᠥᠮᠥᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 121.88 ᠲᠥᠭᠦᠷᠢᠭ ᠳᠡᠭᠡᠭᠰᠢᠯᠡᠭᠦᠯᠪᠡ᠃ | ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠤ ᠠᠬᠤᠶᠢᠯᠠᠯ ᠤᠨ ᠨᠢᠭᠡᠴᠡ ᠶᠢᠨ ᠨᠠᠰᠤᠨ ᠤ ᠠᠮᠠᠷᠠᠯᠲᠠ ᠠᠪᠤᠭᠰᠠᠨ ︵ | ᠠᠵᠢᠯ ᠠᠴᠠ ᠪᠠᠨ ᠪᠠᠭᠤᠭᠰᠠᠨ︶ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠳᠤᠮᠳᠠᠴᠢ ᠮᠥᠩᠭᠦ 3062.74 | ᠲᠥᠭᠦᠷᠢᠭ ᠲᠤ ᠬᠦᠷᠴᠡᠢ᠃ | ᠬᠥᠲᠥᠯᠥᠭᠴᠢ : | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠵᠤᠭᠤᠰ | ᠬᠡᠳᠦᠢ ᠳᠤ ᠬᠦᠷᠦᠳᠡᠭ ᠪᠤᠢ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ : | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠨᠠᠰᠤᠨ ᠤ ᠠᠮᠠᠷᠠᠯᠲᠠ ᠶᠢᠨ ᠬᠠᠷᠠᠭᠠᠯᠵᠠᠯ ᠳᠤ ︽ᠨᠠᠰᠤᠲᠠᠶᠢᠴᠤᠳ ᠤᠨ ᠬᠠᠭᠤᠴᠢᠨ ᠠᠷᠭ᠎ᠠ᠂ ᠰᠢᠨ᠎ᠡ ᠬᠥᠮᠥᠰ ᠤᠨ | ᠰᠢᠨ᠎ᠡ ᠠᠷᠭ᠎ᠠ ᠶᠢ ᠬᠡᠷᠡᠭᠵᠢᠭᠦᠯᠵᠦ ︽ᠳᠤᠮᠳᠠᠬᠢ ᠬᠥᠮᠥᠨ︾ ᠤ ᠰᠢᠯᠵᠢᠯᠲᠡ ᠶᠢᠨ ᠬᠤᠭᠤᠴᠠᠭᠠᠨ ᠳᠤ ᠪᠥᠬᠦ | ᠤᠯᠤᠰ ᠲᠤ ᠨᠢᠭᠡᠳᠦᠯᠲᠡᠢ ᠰᠢᠯᠵᠢᠯᠲᠡ ᠶᠢᠨ ᠠᠷᠭ᠎ᠠ ᠶᠢ ᠬᠡᠷᠡᠭᠵᠢᠭᠦᠯᠵᠦ᠂ ᠥᠭᠡᠷᠡᠴᠢᠯᠡᠯᠲᠡ ᠬᠢᠭᠰᠡᠨ ᠤ ᠳᠠᠷᠠᠭ᠎ᠠ | ᠠᠵᠢᠯ ᠠᠴᠠ ᠪᠠᠨ ᠠᠮᠠᠷᠠᠭᠰᠠᠨ ︽ᠳᠤᠮᠳᠠᠬᠢ ᠬᠥᠮᠥᠨ︾ ᠳᠤ 10 ᠵᠢᠯ ᠤᠨ ᠰᠢᠯᠵᠢᠯᠲᠡ ᠶᠢᠨ ᠬᠤᠭᠤᠴᠠᠭ᠎ᠠ ︵ | 2014 ᠣᠨ ᠤ 10 ᠰᠠᠷ᠎ᠠ ᠠᠴᠠ 2024 ᠣᠨ ᠤ 10 ᠰᠠᠷ᠎ᠠ ᠪᠣᠯᠲᠠᠯ᠎ᠠ︶ ᠲᠣᠭᠲᠠᠭᠠᠵᠤ᠂ ᠰᠢᠯᠵᠢᠯᠲᠡ ᠶᠢᠨ | ᠬᠤᠭᠤᠴᠠᠭᠠᠨ ᠳᠤ ᠰᠢᠨ᠎ᠡ ᠬᠠᠭᠤᠴᠢᠨ ᠤ ᠬᠠᠷᠠᠭᠠᠯᠵᠠᠯ ᠢ ᠪᠤᠳᠤᠵᠤ ᠣᠯᠭᠤᠬᠤ ᠠᠷᠭ᠎ᠠ ᠶᠢᠨ ᠬᠠᠷᠢᠴᠠᠭᠤᠯᠤᠯ ᠢ | ᠬᠡᠷᠡᠭᠵᠢᠭᠦᠯᠵᠦ᠂ ᠬᠠᠮᠤᠭ ᠤᠨ ᠳᠣᠣᠷ᠎ᠠ ᠬᠢᠵᠠᠭᠠᠷ ᠢ ᠪᠠᠲᠤᠯᠠᠨ᠎ᠠ᠃ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ | ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠨᠢ ᠰᠠᠭᠤᠷᠢ ᠨᠠᠰᠤᠵᠢᠯ ᠤᠨ | ᠠᠰᠠᠷᠠᠮᠵᠢ ᠶᠢᠨ ᠮᠥᠩᠭᠦ᠂ ᠬᠤᠪᠢ ᠬᠥᠮᠥᠨ ᠤ ᠲᠠᠩᠰᠠᠨ ᠡᠷᠦᠬᠡ ᠶᠢᠨ ᠠᠵᠢᠯ ᠮᠡᠷᠭᠡᠵᠢᠯ ᠤᠨ ᠣᠨ ᠤ ᠮᠥᠩᠭᠦ ᠶᠢ ︽ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠮᠡᠷᠭᠡᠵᠢᠯ ᠤᠨ ᠣᠨ ᠤ ᠮᠥᠩᠭᠦ ᠶᠢᠨ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠥᠲᠥᠯᠥᠭᠴᠢ ᠄ | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠪᠣᠯᠣᠨ ᠰᠦᠢᠳᠬᠡᠯ ᠲᠤᠰᠢᠶᠠᠭᠰᠠᠨ ᠵᠢᠭᠠᠯᠲᠠ | ᠲᠤᠭ᠎ᠠ ᠪᠠᠷ ᠦᠵᠡᠪᠡᠯ ᠬᠡᠷᠬᠢᠨ ᠮᠠᠭᠠᠳᠯᠠᠨ ᠲᠣᠭᠲᠠᠭᠠᠬᠤ ᠪᠤᠶ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠥᠭᠡᠷᠡᠴᠢᠯᠡᠯᠲᠡ ᠬᠢᠬᠦ ᠠᠴᠠ ᠡᠮᠦᠨ᠎ᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠵᠤ ᠥᠩᠭᠡᠷᠡᠭᠰᠡᠨ᠂ ᠥᠭᠡᠷᠡᠴᠢᠯᠡᠯᠲᠡ ᠬᠢᠭᠰᠡᠨ ᠤ ᠳᠠᠷᠠᠭ᠎ᠠ ᠠᠯᠪᠠᠨ ᠪᠠᠶᠢᠭᠤᠯᠤᠯᠭ᠎ᠠ ᠠᠵᠢᠯ | ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠵᠤ ᠥᠩᠭᠡᠷᠡᠭᠰᠡᠨ ᠠᠵᠢᠯᠲᠠᠨ | ᠲᠡᠭᠦᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠳᠤ ᠣᠷᠣᠯᠴᠠᠭᠰᠠᠨ ᠪᠣᠳᠠᠲᠠᠢ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠤᠲᠠᠯᠠᠨ ᠲᠣᠭᠲᠠᠭᠠᠬᠤ | ᠬᠡᠷᠡᠭᠲᠡᠢ᠂ ᠲᠡᠭᠦᠨ ᠢ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠠᠳᠠᠯᠢ ᠪᠠᠷ ᠦᠵᠡᠬᠦ ᠦᠭᠡᠢ ᠪᠥᠭᠡᠳ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠳᠤ ᠣᠷᠣᠯᠴᠠᠭᠰᠠᠨ ᠪᠣᠳᠠᠲᠠᠢ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠨᠡᠶᠢᠯᠡᠭᠦᠯᠦᠨ | ᠪᠤᠳᠤᠨ᠎ᠠ᠃ ᠪᠤᠰᠤᠳ ᠪᠠᠶᠢᠳᠠᠯ ᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠶᠢ ᠮᠠᠭᠠᠳᠯᠠᠨ ᠲᠣᠭᠲᠠᠭᠠᠭᠰᠠᠨ ᠲᠠᠢ | ᠠᠳᠠᠯᠢ ᠪᠠᠷ ᠦᠵᠡᠵᠦ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠠᠳᠠᠯᠢ ᠪᠠᠷ | ᠦᠵᠡᠵᠦ ᠰᠦᠢᠳᠬᠡᠯ ᠲᠤᠰᠢᠶᠠᠬᠤ ᠵᠢᠭᠠᠯᠲᠠ ᠲᠤᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ | ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ | ᠬᠥᠲᠥᠯᠥᠭᠴᠢ ᠄ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠠᠯ᠎ᠠ ᠪᠠᠷ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠤᠣᠯᠳᠠᠭᠤ | ᠶᠠᠮᠠᠷ ᠬᠡᠳᠦᠨ ᠲᠠᠯ᠎ᠠ ᠪᠠᠷ ᠬᠡᠷᠡᠭᠯᠡᠳᠡᠭ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠮᠠᠨ ᠤ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠨᠢᠭᠡᠨᠲᠡ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡ᠂ ᠰᠤᠷᠤᠭᠴᠢ | ᠡᠯᠰᠡᠬᠦ ᠰᠢᠯᠭᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ ᠨᠡᠶᠢᠭᠡᠮ ᠤᠨ ᠳᠠᠭᠠᠳᠬᠠᠯ᠂ ᠬᠥᠳᠡᠯᠮᠦᠷᠢ ᠶᠢᠨ | ᠬᠥᠨᠳᠡᠯᠡᠨ ᠠᠴᠠ ᠲᠠᠰᠤᠯᠬᠤ᠂ ᠣᠯᠭᠤᠮᠵᠢ ᠭᠤᠶᠤᠴᠢᠯᠠᠬᠤ ᠵᠡᠷᠭᠡ ᠪᠦᠬᠦ ᠲᠤᠬᠠᠶᠢᠯᠠᠭᠰᠠᠨ ᠠᠵᠢᠯ ᠳᠤ ᠬᠡᠷᠡᠭᠯᠡᠬᠦ ᠺᠠᠷᠲ᠂ | ᠪᠦᠬᠦ ᠬᠠᠷᠠᠭᠠᠯᠵᠠᠯ ᠢ ᠺᠠᠷᠲ ᠲᠤ ᠣᠷᠣᠭᠤᠯᠬᠤ ᠶᠢ ᠪᠡᠶᠡᠯᠡᠭᠦᠯᠪᠡ᠃ | ᠬᠥᠲᠥᠯᠥᠭᠴᠢ ᠄ | ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠨᠢ ᠶᠠᠮᠠᠷ ᠶᠠᠮᠠᠷ ᠰᠢᠨ᠎ᠡ ᠦᠢᠯᠡᠳᠦᠯ ᠲᠠᠢ ᠪᠣᠶ | ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠢᠨ᠎ᠡ ᠦᠢᠯᠡᠳᠦᠯ᠄ 1. ᠭᠤᠷᠪᠠᠳᠤᠭᠠᠷ | ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠨᠡᠶᠢᠭᠡᠮ ᠤᠨ ᠪᠠᠲᠤᠯᠠᠭ᠎ᠠ ᠶᠢᠨ ᠦᠢᠯᠡᠳᠦᠯ ᠪᠠ ᠮᠥᠩᠭᠦᠨ | ᠭᠦᠢᠯᠭᠡᠭᠡᠨ ᠤ ᠦᠢᠯᠡᠳᠦᠯ ᠢ ᠲᠤᠯᠭᠠᠭᠤᠷᠢᠯᠠᠵᠤ᠂ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ | ᠨᠢ ᠰᠢᠨ᠎ᠡ ᠨᠢᠭᠡ ᠦᠶ᠎ᠡ ᠶᠢᠨ IC ᠺᠠᠷᠲ ᠪᠠᠶᠢᠵᠤ᠂ ᠺᠠᠷᠲ ᠬᠡᠷᠡᠭᠯᠡᠬᠦ ᠠᠮᠤᠷ ᠲᠦᠪᠰᠢᠨ ᠢ ᠴᠢᠩᠭᠠᠷᠠᠭᠤᠯᠤᠭᠰᠠᠨ | ᠮᠥᠷᠲᠡᠭᠡᠨ ᠮᠥᠩᠭᠦᠨ ᠭᠦᠢᠯᠭᠡᠭᠡᠨ ᠤ ᠦᠢᠯᠡᠳᠦᠯ ᠢ ᠬᠥᠭᠵᠢᠭᠡᠬᠦ ᠳᠤ ᠲᠣᠰ ᠬᠥᠮᠥᠨ ᠬᠦᠴᠦᠨ ᠪᠦᠬᠦᠢ ᠪᠡᠶ᠎ᠡ ᠶᠢᠨ | ᠦᠨᠡᠮᠯᠡᠯ ᠢᠶᠠᠨ ᠠᠪᠴᠤ ᠪᠠᠩᠬᠢ ᠶᠢᠨ ᠲᠣᠣᠷ ᠴᠡᠭ ᠲᠤ ᠬᠦᠷᠴᠦ ᠮᠥᠩᠭᠦᠨ ᠭᠦᠢᠯᠭᠡᠭᠡᠨ ᠤ ᠦᠢᠯᠡᠳᠦᠯ ᠢ | ᠬᠥᠭᠵᠢᠭᠡᠬᠦ ᠳᠤ ᠭᠦᠷᠪᠡᠯ ᠰᠠᠶ᠋ᠢ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠨᠡᠮᠡᠭᠰᠡᠨ ᠮᠥᠩᠭᠦᠨ ᠭᠦᠢᠯᠭᠡᠭᠡᠨ ᠤ | ᠲᠠᠩᠰᠠᠨ ᠡᠷᠦᠬᠡ ᠶᠢ ᠬᠡᠪ ᠤᠨ ᠪᠠᠶᠢᠳᠠᠯ ᠢᠶᠠᠷ ᠬᠡᠷᠡᠭᠯᠡᠵᠦ ᠴᠢᠳᠠᠨ᠎ᠠ᠃ 2. ᠰᠢᠨ᠎ᠡ ᠪᠠᠷ ᠨᠡᠮᠡᠭᠰᠡᠨ ᠲᠡᠮᠲᠡᠷᠢᠬᠦ | ᠴᠢᠳᠠᠮᠵᠢ ᠦᠭᠡᠢ ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠲᠤ ᠲᠡᠮᠲᠡᠷᠢᠬᠦ ᠴᠢᠳᠠᠮᠵᠢ ᠦᠭᠡᠢ | ᠲᠡᠮᠲᠡᠷᠢᠬᠦ ᠴᠢᠳᠠᠮᠵᠢ ᠦᠭᠡᠢ ᠲᠡᠮᠲᠡᠷᠢᠬᠦ ᠴᠢᠳᠠᠮᠵᠢ ᠨᠡᠮᠡᠭᠰᠡᠨ ᠪᠣᠯᠬᠤᠷ ᠺᠠᠷᠲ ᠡᠵᠡᠮᠰᠢᠭᠴᠢ ᠶᠢᠨ ᠬᠡᠷᠡᠭᠯᠡᠬᠦ ᠺᠠᠷᠲ ᠲᠤ | ᠲᠥᠬᠦᠮ ᠦᠵᠡᠭᠦᠯᠵᠦ᠂ ᠬᠡᠷᠡᠭᠯᠡᠬᠦ ᠲᠠᠯᠠᠪᠠᠶ ᠨᠢ ᠤᠯᠠᠮ ᠥᠷᠭᠡᠨ ᠪᠣᠯᠪᠠ᠃ 3. ᠭᠤᠷᠪᠠᠳᠤᠭᠠᠷ ᠦᠶ᠎ᠡ ᠶᠢᠨ | ᠨᠡᠶᠢᠭᠡᠮ ᠤᠨ ᠳᠠᠭᠠᠳᠬᠠᠯ ᠤᠨ ᠺᠠᠷᠲ ᠨᠢ ᠪᠠᠰᠠ ᠬᠤᠪᠢ ᠬᠥᠮᠥᠨ ᠤ ᠪᠡᠶ᠎ᠡ ᠶᠢᠨ ᠬᠢᠷᠢ ᠬᠡᠮ ᠢ ᠰᠢᠯᠭᠠᠨ ᠪᠠᠲᠤᠯᠠᠬᠤ | ᠴᠢᠳᠠᠮᠵᠢ ᠲᠠᠢ ᠪᠠᠶᠢᠳᠠᠭ᠃ 4. ᠣᠨᠳᠣᠣ ᠭᠠᠵᠠᠷ ᠲᠤ ᠡᠪᠡᠳᠴᠢᠨ ᠦᠵᠡᠭᠦᠯᠬᠦ ᠳᠤ ᠨᠠᠩ ᠲᠥᠬᠦᠮ ᠦᠵᠡᠭᠦᠯᠦᠨ᠎ᠡ᠃ | ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠠᠪᠴᠤ ᠣᠨᠳᠣᠣ ᠭᠠᠵᠠᠷ ᠲᠤ ᠡᠮᠨᠡᠭᠦᠯᠦᠭᠰᠡᠨ | ᠪᠠᠶᠢᠪᠠᠯ᠂ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ | ᠡᠮᠨᠡᠯᠭᠡ ᠳᠤ ᠰᠠᠭᠤᠬᠤ ᠳᠤ ᠵᠥᠪᠬᠡᠨ ᠬᠤᠪᠢ ᠬᠥᠮᠥᠨ ᠤ ᠡᠭᠦᠷᠭᠡᠯᠡᠪᠡᠰᠦ ᠵᠣᠬᠢᠬᠤ ᠬᠡᠰᠡᠭ ᠢ ᠲᠤᠰᠢᠶᠠᠪᠠᠯ | ᠪᠣᠯᠴᠢᠬᠠᠨ᠎ᠠ᠂ ᠦᠯᠡᠳᠡᠭᠰᠡᠨ ᠬᠡᠰᠡᠭ ᠢ ᠨᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠭ᠎ᠠ | ᠪᠠ ᠡᠮᠨᠡᠯᠭᠡ ᠶᠢᠨ ᠬᠤᠷᠢᠶ᠎ᠠ ᠠᠴᠠ ᠰᠢᠭᠤᠳ ᠲᠡᠰᠦᠯᠦᠨ ᠪᠤᠳᠤᠨ᠎ᠠ᠂ ᠬᠤᠪᠢ ᠬᠥᠮᠥᠨ ᠤᠷᠢᠳᠠᠪᠠᠷ ᠣᠷᠣᠯᠠᠨ | ᠭᠠᠷᠭᠠᠵᠤ ᠳᠠᠷᠠᠭ᠎ᠠ ᠨᠢ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠣᠴᠢᠵᠤ ᠲᠠᠩᠰᠠ ᠲᠠᠶᠢᠯᠤᠭᠤᠯᠬᠤ | ᠴᠢᠬᠤᠯᠠ ᠦᠭᠡᠢ᠃ 5. ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠨᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠲᠤᠰᠢᠶᠠᠬᠤ᠂ ᠬᠠᠷᠠᠭᠠᠯᠵᠠᠯ ᠬᠤᠷᠢᠶᠠᠬᠤ᠂ ᠡᠮᠴᠢᠯᠡᠭᠦᠯᠵᠦ ᠡᠮ ᠬᠤᠳᠠᠯᠳᠤᠨ ᠠᠪᠬᠤ᠂ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠤᠴᠢᠷ ᠶᠠᠪᠤᠳᠠᠯ ᠢ ᠡᠳ᠋ᠯᠡᠵᠦ ᠪᠣᠯᠣᠨ᠎ᠠ᠃ | ᠬᠥᠲᠥᠯᠥᠭᠴᠢ ᠄ | ᠨᠡᠶᠢᠭᠡᠮ ᠤᠨ ᠳᠠᠭᠠᠳᠬᠠᠯ ᠤᠨ ᠺᠠᠷᠲ ᠠᠪᠬᠤ ᠬᠡᠪᠴᠢᠶ᠎ᠡ ᠨᠢ ᠶᠠᠮᠠᠷ ᠪᠤᠶ ︖ ᠺᠠᠷᠲ ᠢ ᠬᠡᠷᠬᠢᠨ ᠭᠤᠶᠤᠴᠢᠯᠠᠨ | ᠠᠪᠬᠤ ᠪᠠ ᠨᠥᠬᠦᠨ ᠰᠣᠯᠢᠬᠤ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︵1︶ᠠᠪᠬᠤ ᠬᠦᠷᠢᠶ᠎ᠡ ᠬᠡᠪᠴᠢᠶ᠎ᠡ᠂ ᠳᠠᠭᠠᠳᠬᠠᠯ ᠳᠤ ᠣᠷᠣᠯᠴᠠᠭᠰᠠᠨ ᠬᠥᠮᠥᠨ ᠪᠦᠬᠦᠨ ᠴᠥᠮ ᠭᠤᠷᠪᠠᠳᠤᠭᠠᠷ | ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠢ ᠠᠪᠴᠤ ᠪᠣᠯᠣᠨ᠎ᠠ᠃ ︵2︶ ᠬᠡᠷᠬᠢᠨ ᠭᠤᠶᠤᠴᠢᠯᠠᠨ ᠠᠪᠬᠤ᠃ | ᠠᠩᠬ᠎ᠠ ᠤᠳᠠᠭ᠎ᠠ ᠭᠤᠶᠤᠴᠢᠯᠠᠨ ᠠᠪᠤᠭᠰᠠᠨ ᠪᠤᠶᠤ ᠺᠠᠷᠲ ᠤᠨ ᠬᠤᠭᠤᠴᠠᠭ᠎ᠠ ᠨᠢ ᠲᠤᠯᠤᠭᠰᠠᠨ᠂ ᠭᠡᠭᠡᠭᠳᠡᠭᠰᠡᠨ ᠵᠡᠷᠭᠡ | ᠠᠶᠠᠨᠳᠠᠭᠠᠨ ᠨᠥᠬᠦᠵᠦ ᠰᠣᠯᠢᠭᠰᠠᠨ ᠳᠠᠭᠠᠳᠬᠠᠯ ᠳᠤ ᠣᠷᠣᠯᠴᠠᠭᠴᠢ ᠲᠤᠰ ᠬᠥᠮᠥᠨ ᠤ ᠪᠡᠶ᠎ᠡ ᠶᠢᠨ ᠦᠨᠡᠮᠯᠡᠯ ᠢᠶᠠᠨ | ᠠᠪᠴᠤ ᠮᠠᠨ ᠤ ᠬᠤᠲᠠ ᠶᠢᠨ ᠨᠡᠶᠢᠭᠡᠮ ᠤᠨ ᠳᠠᠭᠠᠳᠬᠠᠯ ᠲᠠᠢ ᠬᠤᠷᠰᠢᠭᠰᠠᠨ ᠦᠢᠯᠡᠳᠪᠦᠷᠢ ᠬᠤᠳᠠᠯᠳᠤᠭᠠᠨ ᠤ | ᠪᠠᠩᠬᠢ ᠳᠤ ᠬᠦᠷᠴᠦ ᠪᠣᠯᠣᠨ᠎ᠠ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ | ᠪᠠᠶᠢᠭᠤᠯᠤᠯᠲᠠ ᠶᠢᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠢᠲᠡᠭᠡᠮᠵᠢ ᠶᠢᠨ ᠬᠤᠷᠰᠢᠶ᠎ᠠ ︵ ᠶᠢᠨ ᠬᠥ᠋ | ᠪᠠᠩᠬᠢ︶᠂ ᠮᠣᠩᠭᠤᠯ ᠬᠤᠳᠠᠯᠳᠤᠭᠠᠨ ᠤ ᠪᠠᠩᠬᠢ᠂ ᠥᠪᠥᠷ ᠮᠣᠩᠭᠤᠯ ᠤᠨ ᠪᠠᠩᠬᠢ᠂ ᠣᠷᠳᠣᠰ ᠪᠠᠩᠬᠢ ᠵᠡᠷᠭᠡ 9 | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠤᠷᠰᠢᠭᠰᠠᠨ ᠪᠠᠩᠬᠢ ᠶᠢᠨ 256 ᠲᠦᠷᠭᠡᠨ ᠺᠠᠷᠲ ᠦᠢᠯᠡᠳᠬᠦ ᠲᠣᠣᠷ | ᠴᠡᠭ ︵ᠪᠣᠳᠠᠲᠠᠢ ᠬᠠᠶ᠋ᠢᠭ ᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ | ᠰᠦᠯᠵᠢᠶ᠎ᠡ ᠠᠴᠠ ᠪᠠᠶᠢᠴᠠᠭᠠᠨ ᠯᠠᠪᠯᠠᠵᠤ ᠪᠣᠯᠣᠨ᠎ᠠ︶ ᠤᠨ ᠶᠠᠮᠠᠷᠪᠠ ᠨᠢᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠦᠢᠯᠡᠴᠢᠯᠡᠭᠡᠨ ᠤ ᠲᠣᠣᠷ ᠴᠡᠭ ᠠᠴᠠ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠦᠨ᠎ᠡ | ᠲᠥᠯᠥᠪᠦᠷᠢ ᠦᠭᠡᠢ ᠪᠠᠷ ᠠᠪᠬᠤ ᠪᠤᠶᠤ ᠨᠥᠬᠦᠵᠦ ᠰᠣᠯᠢᠵᠤ ᠪᠣᠯᠣᠨ᠎ᠠ᠃ (3) ᠺᠠᠷᠲ ᠢᠶᠠᠨ ᠬᠡᠷᠬᠢᠨ ᠨᠥᠬᠦᠨ | ᠰᠣᠯᠢᠬᠤ ᠪᠤᠢ᠄① ᠲᠤᠰ ᠪᠠᠩᠬᠢ ᠨᠥᠬᠦᠨ ᠰᠣᠯᠢᠬᠤ᠄ ᠲᠤᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠠᠪᠴᠤ᠂ | ᠤᠤᠯ ᠤᠨ ᠺᠠᠷᠲ ᠲᠠᠷᠬᠠᠭᠠᠭᠰᠠᠨ ᠪᠠᠩᠬᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠦᠷᠭᠡᠨ ᠺᠠᠷᠲ | ᠦᠢᠯᠡᠳᠬᠦ ᠦᠢᠯᠡᠴᠢᠯᠡᠭᠡᠨ ᠤ ᠴᠡᠭ ᠲᠤ ᠬᠦᠷᠴᠦ ᠭᠡᠭᠡᠭᠰᠡᠨ ᠢᠶᠠᠨ ᠬᠡᠪ ᠤᠨ ᠶᠣᠰᠣᠭᠠᠷ ᠮᠡᠳᠡᠭᠦᠯᠵᠦ ᠨᠥᠬᠦᠨ | ᠰᠣᠯᠢᠨ᠎ᠠ᠃ ② ᠪᠠᠩᠬᠢ ᠠᠯᠤᠰᠯᠠᠨ ᠨᠥᠬᠦᠵᠦ ᠰᠣᠯᠢᠬᠤ᠄ ᠥᠪᠡᠷ ᠤᠨ ᠪᠡᠶ᠎ᠡ ᠶᠢᠨ ᠦᠨᠡᠮᠯᠡᠯ ᠢᠶᠠᠨ ᠠᠪᠴᠤ᠂ | ᠤᠤᠯ ᠤᠨ ᠺᠠᠷᠲ ᠲᠠᠷᠬᠠᠭᠠᠭᠰᠠᠨ ᠪᠠᠩᠬᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡᠨ ᠤ ᠲᠣᠣᠷ | ᠴᠡᠭ ᠲᠤ ᠬᠦᠷᠴᠦ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ ᠭᠦᠢᠯᠭᠡᠭᠡᠨ ᠤ ᠴᠢᠳᠠᠮᠵᠢ ᠶᠢ | ᠬᠡᠷᠡᠭᠵᠢᠭᠦᠯᠦᠨ᠎ᠡ᠂ ᠨᠡᠶᠢᠭᠡᠮ ᠤᠨ ᠪᠠᠲᠤᠯᠠᠭ᠎ᠠ ᠶᠢᠨ ᠴᠢᠳᠠᠮᠵᠢ ᠪᠠᠨ ᠠᠯᠳᠠᠭᠰᠠᠨ ᠢᠶᠠᠨ ᠮᠡᠳᠡᠭᠦᠯᠦᠭᠰᠡᠨ ᠤ ᠳᠠᠷᠠᠭ᠎ᠠ᠂ | ᠳᠠᠬᠢᠭᠠᠳ ᠪᠤᠰᠤᠳ ᠪᠠᠩᠬᠢ ᠶᠢᠨ ᠲᠣᠣᠷ ᠴᠡᠭ ᠢ ᠰᠣᠩᠭᠤᠵᠤ ᠰᠢᠨ᠎ᠡ ᠺᠠᠷᠲ ᠨᠥᠬᠦᠵᠦ ᠣᠯᠭᠤᠨ᠎ᠠ᠃ ︵ᠪᠠᠩᠬᠢ ᠶᠢᠨ | ᠱᠠᠭᠠᠷᠳᠠᠯᠭ᠎ᠠ ᠶᠢ ᠪᠣᠳᠠᠲᠠᠢ ᠪᠠᠷ ᠵᠢᠷᠤᠮᠯᠠᠨ᠎ᠠ︶ | ᠬᠥᠲᠥᠯᠥᠭᠴᠢ ᠄ | ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠨᠢ ᠶᠠᠮᠠᠷ ᠶᠠᠮᠠᠷ ᠦᠢᠯᠡᠳᠦᠯ ᠲᠠᠢ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠪᠣᠳᠠᠲᠤ ᠴᠣᠭᠴᠠ ᠶᠢᠨ ᠨᠡᠶᠢᠭᠡᠮ ᠤᠨ ᠪᠠᠲᠤᠯᠠᠭ᠎ᠠ ᠶᠢᠨ | ᠺᠠᠷᠲ ᠤᠨ ᠦᠢᠯᠡᠳᠦᠯ ᠢ ᠬᠠᠮᠤᠷᠴᠤ ᠪᠠᠶᠢᠬᠤ ᠪᠠᠷ ᠪᠠᠷᠠᠬᠤ ᠦᠭᠡᠢ ᠪᠠᠰᠠ ᠨᠠᠩ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠣᠶᠤᠨᠲᠤ ᠬᠤᠲᠠ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠥᠷᠭᠡᠳᠬᠡᠵᠦ ᠴᠢᠳᠠᠨ᠎ᠠ᠃ | ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠴᠤ᠂ ᠡᠯᠧᠺᠲᠷᠣᠨ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ APP ᠳᠡᠭᠡᠷ᠎ᠡ ᠠᠴᠠ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠳᠤ ᠣᠷᠣᠯᠴᠠᠭᠰᠠᠨ | ᠮᠡᠳᠡᠭᠡ ᠵᠠᠩᠭᠢ᠂ ᠠᠵᠢᠯ ᠣᠯᠭᠤᠯᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠮᠡᠳᠡᠭᠡ ᠵᠠᠩᠭᠢ᠂ ᠬᠤᠪᠢ | ᠬᠥᠮᠥᠨ ᠤ ᠠᠵᠢᠯ ᠣᠯᠭᠤᠯᠲᠠ ᠶᠢᠨ ᠮᠡᠳᠡᠭᠡ ᠵᠠᠩᠭᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠮᠡᠳᠡᠭᠡ ᠵᠠᠩᠭᠢ | ᠂ ᠠᠵᠢᠯ ᠮᠡᠷᠭᠡᠵᠢᠯ ᠤᠨ ᠬᠢᠷᠢ ᠬᠡᠮ ᠤᠨ ᠮᠡᠳᠡᠭᠡ ᠵᠠᠩᠭᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ | ᠳᠡᠰ ᠤᠨ ᠮᠡᠳᠡᠭᠡ ᠵᠠᠩᠭᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠡᠳᠬᠦᠮᠵᠢ ᠶᠢᠨ | ᠮᠡᠳᠡᠭᠡ ᠵᠠᠩᠭᠢ ᠵᠡᠷᠭᠡ ᠶᠢ ᠪᠠᠶᠢᠴᠠᠭᠠᠨ ᠯᠠᠪᠯᠠᠵᠤ ᠳᠡᠶᠢᠯᠬᠦ ᠮᠥᠷᠲᠡᠭᠡᠨ ᠪᠠᠰᠠ ᠰᠦᠯᠵᠢᠶᠡᠨ ᠳᠡᠭᠡᠷᠡᠬᠢ ᠲᠤᠬᠠᠶᠢᠯᠠᠭᠰᠠᠨ | ᠠᠵᠢᠯ ᠢ ᠡᠷᠭᠢᠯᠡᠬᠦ ᠪᠠᠷ ᠭᠤᠶᠤᠴᠢᠯᠠᠵᠤ ᠪᠣᠯᠣᠨ᠎ᠠ᠃ ᠡᠭᠦᠨ ᠳᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ | ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ᠂ ᠬᠥᠳᠡᠯᠮᠦᠷᠢ ᠬᠦᠴᠦᠨ ᠢ ᠬᠡᠷᠡᠭᠯᠡᠬᠦ ᠦᠢᠯᠡᠴᠢᠯᠡᠭᠡ᠂ | ᠴᠢᠳᠠᠪᠤᠷᠢᠲᠠᠨ ᠤ ᠦᠢᠯᠡᠴᠢᠯᠡᠭᠡ᠂ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠦᠢᠯᠡᠴᠢᠯᠡᠭᠡ ᠵᠡᠷᠭᠡ ᠣᠯᠠᠨ | ᠲᠥᠷᠥᠯ ᠤᠨ ᠲᠤᠬᠠᠶᠢᠯᠠᠭᠰᠠᠨ ᠠᠵᠢᠯ ᠢ ᠴᠥᠮ ᠰᠦᠯᠵᠢᠶᠡᠨ ᠳᠡᠭᠡᠷ᠎ᠡ ᠡᠷᠭᠢᠯᠡᠬᠦ ᠪᠠᠷ ᠭᠤᠶᠤᠴᠢᠯᠠᠵᠤ ᠪᠣᠯᠣᠨ᠎ᠠ ᠃ | ᠠᠵᠢᠯ ᠠᠴᠠ ᠪᠠᠨ ᠪᠠᠭᠤᠵᠤ ᠠᠮᠠᠷᠠᠭᠰᠠᠳ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠠᠪᠴᠤ | ᠣᠷᠣᠰᠢᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠪᠠᠰᠠ ᠵᠠᠰᠠᠭ ᠤᠨ ᠶᠠᠪᠤᠳᠠᠯ ᠤᠨ ᠫᠤᠷᠲ᠋ᠧᠯ | ᠰᠦᠯᠵᠢᠶ᠎ᠡ ᠶᠢᠨ ᠲᠦᠷᠭᠡᠨ ᠳᠠᠩᠰᠠᠯᠠᠯᠲᠠ ᠪᠠ ᠲᠡᠮᠳᠡᠭᠯᠡᠯ ᠳᠤ ᠬᠡᠷᠡᠭᠯᠡᠵᠦ ᠪᠣᠯᠣᠨ᠎ᠠ᠂ ᠵᠢᠱᠢᠶᠡᠯᠡᠪᠡᠯ ᠤᠯᠤᠰ ᠪᠤᠶᠤ | ᠮᠤᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠵᠡᠷᠭᠡ ᠶᠢᠨ | ᠲᠡᠮᠳᠡᠭᠯᠡᠬᠦ ᠬᠠᠭᠤᠳᠠᠰᠤᠨ ᠳᠤ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠬᠤᠶᠠᠷ ᠬᠡᠮᠵᠢᠯᠲᠦ ᠺᠣᠳ᠋ ᠢ | ᠰᠢᠷᠪᠢᠵᠦ ᠲᠦᠷᠭᠡᠨ ᠳᠠᠩᠰᠠᠯᠠᠯᠲᠠ ᠪᠠ ᠲᠡᠮᠳᠡᠭᠯᠡᠯ ᠳᠤ ᠣᠷᠣᠭᠤᠯᠵᠤ ᠪᠣᠯᠣᠨ᠎ᠠ᠃ | ᠬᠥᠲᠥᠯᠥᠭᠴᠢ ᠄ | ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠢ ᠬᠡᠷᠬᠢᠨ ᠭᠤᠶᠤᠴᠢᠯᠠᠨ ᠠᠪᠬᠤ ᠪᠣᠶ︖ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠭᠦᠸᠧ ᠶᠦᠨ ᠄ | ︵1︶ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠣᠭᠠᠴᠠᠭ᠎ᠠ ᠡᠷᠳᠡᠨᠢ ᠶᠢᠨ ᠵᠢᠵᠢᠭ ᠫᠷᠣᠭ᠍ᠷᠠᠮ᠂ | ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠸᠢᠴᠠᠲ ᠤᠨ ᠵᠢᠵᠢᠭ ᠫᠷᠣᠭ᠍ᠷᠠᠮ ᠢᠶᠠᠷ ᠳᠠᠮᠵᠢᠭᠤᠯᠤᠨ᠎ᠠ᠃ ︵ | 2︶ ᠨᠡᠶᠢᠭᠡᠮ ᠤᠨ ᠳᠠᠭᠠᠳᠬᠠᠯ ᠤᠨ ᠺᠠᠷᠲ ᠤᠨ ᠬᠤᠷᠰᠢᠭᠰᠠᠨ ᠪᠠᠩᠬᠢ ᠪᠠᠷ ᠳᠡᠮᠵᠢᠨ ᠳᠤᠮᠳᠠᠳᠤ ᠤᠯᠤᠰ ᠤᠨ | ᠦᠢᠯᠡᠳᠪᠦᠷᠢ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ | ᠤᠯᠤᠰ ᠤᠨ ᠪᠠᠩᠬᠢ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ | ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠺᠠᠷᠲ ᠲᠠᠷᠬᠠᠭᠠᠭᠰᠠᠨ ᠪᠠᠩᠬᠢ ᠶᠢᠨ APP ᠪᠣᠯᠣᠨ᠎ᠠ᠃ ︵3︶ | ᠺᠠᠷᠲ ᠡᠵᠡᠮᠰᠢᠭᠴᠢ ᠪᠠᠰᠠ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ APP᠂ ᠠᠯᠠᠭᠠᠨ ᠳᠡᠭᠡᠷᠡᠬᠢ 1233APP ᠵᠡᠷᠭᠡ ᠪᠤᠰᠤᠳ ᠦᠢᠯᠡᠴᠢᠯᠡᠭᠡᠨ ᠤ ᠠᠷᠭ᠎ᠠ | ᠵᠠᠮ ᠢᠶᠠᠷ ᠳᠠᠮᠵᠢᠭᠤᠯᠤᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠪᠡᠶ᠎ᠡ ᠪᠠᠨ ᠳᠠᠭᠠᠭᠠᠵᠤ ᠭᠤᠶᠤᠴᠢᠯᠠᠨ | ᠠᠪᠴᠤ ᠬᠡᠷᠡᠭᠯᠡᠵᠦ ᠪᠣᠯᠣᠨ᠎ᠠ᠃ | ᠬᠠᠮᠢᠶᠠᠷᠤᠭᠴᠢ ᠄ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ | ᠬᠠᠷᠢᠭᠤᠴᠠᠯᠭᠠᠲᠠᠨ ᠭᠦᠸᠧ ᠶᠦᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ | ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠲᠠᠯᠠᠷᠬᠠᠵᠤ ᠪᠠᠶᠢᠨ᠎ᠠ᠃ |