ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠰᠡᠳᠬᠢᠯ ᠢ ᠨᠢᠭᠲᠠᠷᠠᠭᠤᠯᠤᠨ ᠬᠦᠴᠦᠨ ᠴᠢᠳᠠᠯ ᠢ ᠲᠦᠪᠯᠡᠷᠡᠭᠦᠯᠦᠨ᠎ᠡ
ᠨᠡᠶᠢᠲᠡᠯᠡᠭᠰᠡᠨ ᠴᠠᠭ᠄
2023/10/30
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ 9 ᠰᠠᠷ᠎ᠠ  ᠠᠴᠠ ᠡᠬᠢᠯᠡᠨ᠂ ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠤᠯᠭ᠎ᠠ ︽ᠦᠵᠡᠯ ᠰᠠᠨᠠᠭ᠎ᠠ  ᠶᠢ ᠰᠤᠷᠤᠯᠴᠠᠵᠤ᠂ ᠨᠠᠮᠴᠢ ᠴᠢᠨᠠᠷ  ᠢ ᠴᠢᠩᠭᠠᠳᠬᠠᠨ᠂ ᠦᠢᠯᠡᠳᠦᠯᠭᠡ  ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠤᠨ ᠡᠭᠦᠷᠭᠡ  ᠶᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ  ᠢ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ  ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ  ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ  ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ  ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ  ᠢ ᠡᠮᠬᠢ ᠵᠢᠷᠤᠮ ᠲᠠᠢ ᠠᠬᠢᠭᠤᠯᠪᠠ᠃     ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠬᠤ ᠶᠢ ᠪᠠᠷᠢᠮᠲᠠᠯᠠᠵᠤ᠂ ᠭᠠᠷᠠᠭ ᠪᠦᠷᠢ ᠶᠢᠨ ᠰᠤᠷᠤᠯᠴᠠᠯᠭ᠎ᠠ ᠠᠵᠢᠯ ᠤᠨ ᠡᠳᠦᠷ ᠤᠨ ᠲᠡᠮᠳᠡᠭᠯᠡᠯ ᠢ ᠰᠤᠳᠤᠯᠤᠨ ᠲᠣᠭᠲᠠᠭᠠᠨ᠎ᠠ᠃ ᠬᠤᠪᠢ ᠬᠥᠮᠥᠨ ᠨᠠᠷᠢᠨ ᠤᠩᠰᠢᠬᠤ᠂ ᠺᠠᠳ᠋ᠷ ᠨᠠᠷᠢᠨ ᠶᠠᠷᠢᠬᠤ᠂ ᠭᠤᠣᠯᠯᠠᠭᠴᠢ ᠬᠦᠴᠦᠨ ᠳᠠᠭᠠᠭᠤᠯᠤᠨ ᠰᠤᠷᠤᠯᠴᠠᠬᠤ᠂ ᠶᠠᠷᠢᠯᠴᠠᠨ ᠰᠢᠩᠭᠡᠭᠡᠬᠦ ᠵᠡᠷᠭᠡ ᠠᠷᠭ᠎ᠠ ᠬᠡᠯᠪᠡᠷᠢ ᠶᠢ ᠠᠪᠴᠤ᠂ ᠲᠡᠷᠡ ᠬᠡᠪ ᠢᠶᠠᠷ ᠨᠢ ᠤᠨᠤᠯ ᠰᠤᠷᠤᠯᠴᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠲᠥᠷᠥᠭᠳᠡᠯ ᠢᠶᠠᠨ ᠶᠠᠷᠢᠵᠤ᠂ ᠭᠤᠣᠯ ᠰᠡᠳᠦᠪᠲᠦ ᠬᠥᠮᠦᠵᠢᠯ ᠤᠨ ᠢᠵᠢ ᠪᠦᠷᠢᠳᠦᠭᠰᠡᠨ ᠨᠣᠮ ᠪᠢᠴᠢᠭ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠵᠤ᠂ ᠨᠠᠮ ᠤᠨ ᠭᠡᠰᠢᠭᠦᠳ ᠢ ᠬᠠᠪᠰᠤᠷᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠭᠤᠯᠬᠤ ᠬᠡᠷᠡᠭᠲᠡᠢ᠃ ᠲᠤᠰᠬᠠᠢ ᠰᠡᠳᠦᠪᠲᠦ ᠨᠠᠮ ᠤᠨ ᠬᠢᠴᠢᠶᠡᠯ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠣᠨᠣᠯ ᠤᠨ ᠬᠡᠪ ᠪᠣᠯᠪᠠᠰᠤᠷᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠵᠠᠯᠠᠭᠤᠷ ᠢ ᠡᠵᠡᠮᠳᠡᠨ ᠴᠢᠭᠯᠡᠯ ᠢ ᠲᠣᠭᠲᠠᠭᠠᠵᠤ᠂ ᠣᠶᠤᠨ ᠰᠠᠨᠠᠭᠠᠨ ᠤ ᠲᠠᠯ᠎ᠠ ᠪᠠᠷ ᠡᠷᠴᠢ ᠵᠣᠷᠢᠭ ᠢᠶᠠᠨ ᠬᠥᠪᠴᠢᠯᠡᠵᠦ᠂ ᠭᠤᠣᠯ ᠰᠡᠳᠦᠪᠲᠦ ᠬᠥᠮᠦᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠪᠠ᠃     ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠵᠤ᠂ ᠭᠤᠣᠯ ᠰᠡᠳᠦᠪᠲᠦ ᠬᠥᠮᠦᠵᠢᠯ ᠢ ᠪᠠᠶᠢᠩᠭᠤ ᠶᠢᠨ ᠬᠤᠷᠢᠶᠠᠨ ᠤ ᠭᠤᠣᠯ ᠡᠭᠦᠷᠭᠡ᠂ ᠡᠳᠦᠷ ᠲᠤᠳᠤᠮ ᠤᠨ ᠠᠵᠢᠯ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠳᠤᠮᠳᠠ ᠣᠷᠭᠢᠯᠤᠨ ᠪᠠᠳᠠᠷᠠᠭᠰᠠᠨ ᠠᠵᠢᠯ ᠤᠨ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠠᠵᠢᠯ ᠬᠢᠵᠦ ᠦᠢᠯᠡᠰ ᠪᠣᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠯᠴᠠᠬᠤ ᠪᠠ ᠬᠢᠬᠦ ᠶᠢ ᠳᠡᠭᠡᠳᠦ ᠬᠡᠮᠵᠢᠶ᠎ᠡ ᠪᠠᠷ ᠨᠢᠭᠡᠳᠦᠭᠦᠯᠵᠦ᠂ ᠡᠭᠦᠨ ᠤ ᠤᠯᠠᠮ ᠠᠴᠠ︽ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠬᠤ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ︾ᠦᠷ᠎ᠡ ᠪᠦᠲᠦᠮᠵᠢ ᠳᠤ ᠬᠦᠷᠭᠡᠨ᠎ᠡ᠃ ᠬᠤᠰᠢᠭᠤᠨ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ᠂ ᠪᠠᠶᠢᠩᠭᠤ ᠶᠢᠨ ᠬᠤᠷᠢᠶ᠎ᠠ ᠶᠢᠨ ᠵᠢᠯ ᠤᠨ ᠡᠬᠢᠨ ᠤ ᠠᠵᠢᠯ ᠤᠨ ᠭᠤᠣᠯᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠠ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃     ᠪᠠᠶᠢᠴᠠᠭᠠᠨ ᠰᠤᠳᠤᠯᠤᠯᠲᠠ ᠶᠢ ᠪᠣᠳᠠᠲᠠᠢ ᠪᠠᠷ ᠠᠳᠬᠤᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠨᠠᠮ ᠤᠨ ᠲᠥᠪ ᠬᠤᠷᠢᠶᠠᠨ ᠤ ᠲᠣᠳᠣᠷᠬᠠᠢ ᠠᠭᠤᠯᠭ᠎ᠠ  ᠶᠢ ᠦᠨᠳᠦᠰᠦᠯᠡᠵᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠬᠤ ᠵᠣᠷᠢᠭ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ᠂ ᠨᠡᠶᠢᠭᠡᠮ ᠤᠨ ᠵᠥᠷᠢᠴᠡᠯ ᠢ ᠠᠷᠢᠯᠭᠠᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠴᠢᠩᠭᠠᠳᠬᠠᠬᠤ ᠵᠡᠷᠭᠡ ᠲᠠᠯ᠎ᠠ ᠪᠠᠷ ᠨᠠᠷᠢᠨ ᠨᠢᠮᠪᠠᠢ ᠰᠡᠳᠦᠪ ᠰᠣᠩᠭᠤᠨ ᠰᠡᠳᠦᠪ ᠲᠣᠭᠲᠠᠭᠠᠵᠤ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠠᠴᠠ 5 ᠲᠠᠯ᠎ᠠ ᠶᠢᠨ ᠪᠠᠶᠢᠴᠠᠭᠠᠨ ᠰᠤᠳᠤᠯᠬᠤ ᠰᠡᠳᠦᠪ ᠢ ᠲᠣᠭᠲᠠᠭᠠᠪᠠ᠂ ᠠᠵᠢᠯ ᠤᠨ ᠳᠤᠮᠳᠠ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠦᠨᠳᠦᠰᠦᠨ ᠱᠠᠲᠤᠨ ᠤ ᠲᠥᠯᠥᠭᠡᠯᠡᠭᠴᠢ᠂ ᠣᠯᠠᠨ ᠲᠦᠮᠡᠨ ᠤ ᠬᠠᠮᠤᠭ  ᠠᠴᠠ ᠠᠩᠬᠠᠷᠴᠤ ᠪᠠᠶᠢᠭ᠎ᠠ᠂ ᠬᠠᠮᠤᠭ  ᠠᠴᠠ ᠲᠤᠯᠭᠠᠮ᠎ᠠ᠂ ᠬᠠᠮᠤᠭ  ᠠᠴᠠ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ  ᠢ ᠣᠶᠢᠯᠠᠭᠠᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ  ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠪᠡᠷᠬᠡ ᠠᠰᠠᠭᠤᠳᠠᠯ ᠂ ᠡᠪᠡᠷᠰᠢᠶᠡᠯ ᠲᠠᠢ ᠠᠰᠠᠭᠤᠳᠠᠯ  ᠢ ᠣᠨᠣᠪᠴᠢᠲᠠᠶ ᠡᠷᠢᠨ ᠣᠯᠵᠤ᠂ ᠰᠢᠰᠲ᠋ᠧᠮ ᠲᠠᠢ ᠠᠷᠭ᠎ᠠ ᠰᠦᠪᠡᠭᠴᠢᠯᠡᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ   ᠶᠢᠨ ᠪᠠᠶᠢᠷᠢᠯᠠᠭᠤᠯᠤᠯᠲᠠ ᠳᠤ ᠠᠷᠭ᠎ᠠ ᠤᠬᠠᠭᠠᠨ ᠭᠠᠷᠭᠠᠨ᠎ᠠ᠃     ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠷ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号