ᠲᠦᠮᠡᠳ ᠵᠡᠭᠦᠨ ᠬᠤᠰᠢᠭᠤᠨ ᠤ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠠᠰᠬᠠᠢ ᠪᠠᠭ᠎ᠠ ᠰᠤᠷᠭᠠᠭᠤᠯᠢ ᠳᠤ ᠣᠷᠣᠪᠠ
ᠨᠡᠶᠢᠲᠡᠯᠡᠭᠰᠡᠨ ᠴᠠᠭ᠄
2023/10/30
     10 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠦᠮᠡᠳ ᠵᠡᠭᠦᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠬᠤᠲᠠ ᠶᠢᠨ ᠲᠠᠰ ᠤᠨ ᠪᠣᠯᠪᠠᠰᠤᠨ ᠨᠢᠭᠡᠴᠡ ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ ᠠᠵᠢᠯᠴᠢᠨ ᠤ ᠡᠪᠯᠡᠯ ᠤᠨ ᠵᠥᠪᠯᠡᠯ᠂ ᠪᠠᠶᠢᠭᠤᠯᠤᠯᠭ᠎ᠠ ᠶᠢᠨ ᠡᠯ᠎ᠡ ᠨᠠᠮ ᠤᠨ ᠡᠭᠦᠷ ᠲᠠᠢ ᠬᠠᠮᠲᠤᠷᠠᠨ ᠬᠠᠰᠬᠠᠢ ᠪᠠᠭ᠎ᠠ ᠰᠤᠷᠭᠠᠭᠤᠯᠢ ᠳᠤ ︽ᠬᠡᠦᠬᠡᠳ ᠤᠨ ᠰᠡᠳᠬᠢᠯ ᠢ ᠳᠤᠯᠠᠭᠠᠴᠠᠭᠤᠯᠵᠤ ᠬᠠᠶᠢᠷ᠎ᠠ ᠪᠠᠷ ᠬᠦᠰᠡᠯ ᠢᠶᠠᠨ ᠴᠣᠭᠴᠠᠯᠠᠶ᠎ᠠ︾ ︱ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠬᠡᠦᠬᠡᠳ ᠤᠳ ᠲᠤ ᠬᠠᠶᠢᠷ᠎ᠠ ᠬᠠᠯᠠᠮᠵᠢ ᠶᠢᠨ ᠬᠥᠪᠥᠩ ᠬᠤᠪᠴᠠᠰᠤ ᠵᠢᠴᠢ ᠠᠮᠢᠳᠤᠷᠠᠯ ᠤᠨ ᠡᠳ᠋ ᠪᠣᠳᠠᠰ ᠬᠦᠷᠭᠡᠵᠦ᠂ ᠬᠤᠶᠢᠰᠢᠳᠠ ᠨᠡᠩ ᠢᠯᠡᠭᠦᠦ ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠶᠢ ᠬᠠᠷᠢᠭᠤᠯᠤᠨ᠎ᠠ ᠭᠡᠵᠦ ᠢᠯᠡᠳᠬᠡᠵᠡᠭᠡᠪᠡ᠃     ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠬᠡᠦᠬᠡᠳ ᠤᠳ ᠲᠤ ᠡᠳ᠋ ᠪᠣᠳᠠᠰ ᠤᠨ ᠲᠠᠯ᠎ᠠ ᠪᠠᠷ ᠬᠢ ᠬᠠᠯᠠᠮᠵᠢᠯᠠᠯ ᠬᠦᠷᠲᠡᠭᠡᠭᠰᠡᠨ ᠢᠶᠠᠷ ᠪᠠᠷᠠᠬᠤ ᠦᠭᠡᠢ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠲᠡᠳᠬᠦᠬᠦ ᠬᠠᠪᠰᠤᠷᠤᠨ ᠰᠤᠷᠭᠠᠬᠤ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠨ᠎ᠠ᠃  
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号