2023 ᠣᠨ ᠤ ᠳᠡᠭᠡᠷ᠎ᠡ ᠬᠠᠭᠠᠰ ᠵᠢᠯ ᠳᠤ᠂ ᠬᠤᠶᠢᠲᠤ ᠰᠢᠷ᠎ᠠ ᠵᠤᠤ ᠰᠢᠶᠠᠩ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠰᠢᠶᠠᠩ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠰᠢᠶᠠᠩ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠬᠠᠲᠠᠭᠤ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ | ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠦᠭᠡᠳ᠂ ᠪᠥᠬᠦ ᠰᠢᠶᠠᠩ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ | | | ᠨᠢᠭᠡ᠂ 2023 ᠣᠨ ᠤ ᠳᠡᠭᠡᠷ᠎ᠡ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ | | | ︵ᠨᠢᠭᠡ︶ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠠᠰᠤᠷᠠᠯᠲᠠ ᠦᠭᠡᠢ ᠤᠷᠤᠭᠰᠢᠯᠠᠭᠤᠯᠤᠨ᠎ᠠ᠃ | ᠨᠢᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠦᠢᠯᠡᠰ ᠢ ᠥᠨᠳᠥᠷ ᠪᠦᠲᠦᠮᠵᠢᠲᠡᠶ ᠪᠠᠷ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠳᠡᠭᠡᠷ᠎ᠡ ᠬᠠᠭᠠᠰ ᠵᠢᠯ ᠳᠤ᠂ ᠴᠢᠨᠠᠷ ᠰᠠᠶᠢᠲᠠᠢ ᠬᠥᠭᠵᠢᠯᠲᠡ ᠶᠢᠨ | ᠭᠤᠣᠯ ᠰᠡᠳᠦᠪ ᠤᠨ ᠲᠣᠭᠤᠷᠢᠨ ᠳᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠲᠦᠮᠡᠳ ᠵᠡᠭᠦᠨ ᠬᠤᠰᠢᠭᠤᠨ ᠤ ᠵᠢᠶᠠ ᠬᠤᠶ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ | ᠬᠤᠷᠰᠢᠶ᠎ᠠ ᠶᠢ ᠣᠷᠣᠭᠤᠯᠤᠨ ᠡᠷᠳᠡᠨᠢ ᠰᠢᠰᠢ ᠨᠥᠭᠡᠴᠡᠯᠡᠨ ᠪᠣᠷᠣᠯᠠᠭᠤᠯᠬᠤ᠂ ᠲᠠᠷᠢᠶᠠᠯᠠᠩ ᠠᠷᠠᠯᠵᠢᠶ᠎ᠠ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠵᠢᠴᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠫᠷᠤᠭ᠍ᠷᠡᠮ ᠳᠤ ᠪᠡᠯᠡ | ᠣᠷᠣᠭᠤᠯᠵᠤ᠂ 50 ᠮᠦ ᠭᠠᠵᠠᠷ ᠬᠡᠷᠡᠭᠯᠡᠵᠦ᠂ ᠵᠢᠱᠢᠯᠲᠡ ᠪᠠᠷ 2400 ᠲᠦᠮᠡᠨ ᠲᠥᠭᠦᠷᠢᠭ ᠤᠨ ᠪᠡᠯᠡ | ᠣᠷᠣᠭᠤᠯᠤᠨ᠎ᠠ᠃ ᠰᠧᠴᠤᠸᠠᠨ ᠮᠤᠵᠢ ᠶᠢᠨ ᠰᠢᠨ ᠶᠢᠩ ᠤᠨ ᠳ᠋ᠧ ᠺᠠᠩ ᠲᠠᠷᠢᠶᠠᠯᠠᠩ ᠮᠠᠯ ᠠᠵᠤ ᠠᠬᠤᠢ ᠶᠢᠨ | ᠬᠢᠵᠠᠭᠠᠷᠲᠤ ᠺᠣᠮᠫᠠᠨᠢ ᠶᠢᠨ ᠢᠳᠡᠰᠢᠨ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ | ᠫᠷᠤᠭ᠍ᠷᠡᠮ ᠢ ᠣᠷᠣᠭᠤᠯᠤᠨ ᠠᠪᠴᠢᠷᠠᠵᠤ᠂ 55.5 ᠮᠦ ᠭᠠᠵᠠᠷ ᠰᠢᠷᠣᠢ ᠬᠡᠷᠡᠭᠯᠡᠵᠦ᠂ ᠵᠢᠱᠢᠯᠲᠡ ᠪᠠᠷ 2000 ᠲᠦᠮᠡᠨ | ᠲᠥᠭᠦᠷᠢᠭ ᠤᠨ ᠪᠡᠯᠡ ᠣᠷᠣᠭᠤᠯᠤᠨ᠎ᠠ᠃ᠲᠣᠰᠬᠤᠨ ᠤ ᠠᠵᠤ ᠠᠬᠤᠶᠢᠯᠠᠯ ᠤᠨ ᠭᠠᠵᠠᠷ ᠰᠢᠷᠣᠢ ᠶᠢᠨ ᠡᠷᠭᠢᠯᠲᠡ ᠶᠢᠨ | ᠬᠠᠮᠲᠤᠷᠠᠯᠴᠠᠭ᠎ᠠ ᠪᠠᠷ ᠳᠠᠮᠵᠢᠭᠤᠯᠤᠨ᠂ ᠰᠤᠯᠠ ᠪᠠᠶᠢᠬᠤ ᠭᠠᠵᠠᠷ ᠰᠢᠷᠣᠢ ᠶᠢ ᠠᠮᠢᠯᠠᠭᠤᠯᠵᠤ᠂ ᠰᠧ ᠵᠢᠢ ᠴᠢᠩ | ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠵᠢᠴᠢ ᠭᠠᠵᠠᠷ ᠳᠡᠭᠡᠷᠡᠬᠢ | ᠪᠡᠯᠡᠳᠬᠡᠮᠵᠢ ᠶᠢᠨ ᠬᠡᠷᠡᠭᠯᠡᠬᠦ ᠡᠷᠬᠡ ᠶᠢ ᠥᠪᠥᠷ ᠮᠣᠩᠭᠤᠯ ᠤᠨ ᠮᠣᠩᠭᠤᠯ ᠡᠪᠡᠰᠦ ᠡᠪᠡᠰᠦᠨ ᠤ ᠲᠥᠷᠥᠯ ᠤᠨ | ᠦᠢᠯᠡᠰ ᠤᠨ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠬᠦ ᠶᠢᠨ ᠬᠠᠮᠲᠤ ᠬᠠᠮᠲᠤᠷᠠᠯᠴᠠᠭᠠᠨ ᠤ ᠪᠣᠷᠣ ᠲᠥᠯᠥᠪ ᠤᠨ | ᠵᠥᠪᠯᠡᠯᠴᠡᠭᠡᠷ ᠲᠣᠭᠲᠠᠵᠤ᠂ ᠵᠢᠱᠢᠯᠲᠡ ᠪᠠᠷ 2500 ᠠᠴᠠ 3000 ᠲᠦᠮᠡᠨ ᠲᠥᠭᠦᠷᠢᠭ ᠤᠨ ᠪᠡᠯᠡ | ᠣᠷᠣᠭᠤᠯᠤᠨ᠎ᠠ᠃ᠯᠢᠦ ᠵᠢᠶᠠ ᠶᠢᠩ ᠲᠣᠰᠬᠤᠨ ᠪᠠ ᠭᠧ ᠱᠢ ᠬᠦᠶ ᠲᠣᠰᠬᠤᠨ ᠳᠤ 250 ᠲᠦᠮᠡᠨ ᠲᠥᠭᠦᠷᠢᠭ ᠤᠨ | ᠪᠡᠯᠡ ᠮᠥᠩᠭᠦ ᠶᠢ ᠵᠣᠯᠭᠠᠭᠤᠯᠬᠤ ᠪᠠᠷ ᠭᠤᠶᠤᠴᠢᠯᠠᠬᠤ ᠶᠢᠨ ᠬᠠᠮᠲᠤ ᠪᠡᠯᠡ ᠮᠥᠩᠭᠦ ᠶᠢ ᠳ᠋ᠦᠩ ᠴᠠᠩ ᠺᠧ | ᠲᠣᠰᠬᠤᠨ ᠳᠤ ᠣᠷᠣᠭᠤᠯᠤᠨ ᠲᠣᠭᠲᠠᠮᠠᠯ ᠬᠥᠷᠥᠩᠭᠡ ᠪᠣᠯᠭᠠᠵᠤ᠂ ᠵᠢᠱᠢᠯᠲᠡ ᠪᠠᠷ ᠵᠢᠯ ᠪᠦᠷᠢ ᠲᠣᠰᠬᠤᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ 7.5 ᠲᠦᠮᠡᠨ ᠲᠥᠭᠦᠷᠢᠭ ᠨᠡᠮᠡᠭᠳᠡᠬᠦ ᠪᠣᠯᠣᠨ᠎ᠠ᠃ᠬᠤᠶᠢᠲᠤ ᠳᠡᠯᠡᠬᠡᠶᠢᠲᠦ | ᠲᠣᠰᠬᠤᠨ ᠳᠤ ᠲᠠᠷᠢᠶᠠᠯᠠᠩ ᠤᠨ ᠬᠡᠷᠡᠭᠰᠡᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠡᠷᠭᠢᠯᠡᠵᠦ᠂ 20 ᠭᠠᠷᠤᠢ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠬᠤᠳᠠᠯᠳᠤᠵᠤ᠂ | ᠲᠠᠷᠢᠶᠠᠴᠢᠳ ᠲᠤ ᠴᠢᠨᠠᠷ ᠰᠠᠶᠢᠲᠠᠢ ᠲᠠᠷᠢᠶᠠᠯᠠᠩ ᠤᠨ ᠬᠡᠷᠡᠭᠰᠡᠯ ᠢ ᠭᠡᠷ ᠲᠤᠨᠢ ᠬᠦᠷᠭᠡᠵᠦ ᠬᠦᠷᠭᠡᠬᠦ ᠦᠢᠯᠡᠴᠢᠯᠡᠭᠡ | ᠬᠤᠳᠠᠯᠳᠤᠨ ᠠᠪᠬᠤ ᠳᠤ ᠪᠠᠲᠤᠯᠠᠭ᠎ᠠ ᠬᠠᠩᠭᠠᠵᠤ᠂ ᠳᠡᠯᠭᠡᠨ ᠪᠣᠷᠣᠯᠠᠭᠤᠯᠬᠤ ᠴᠤᠭᠯᠠᠭᠠᠨ ᠳᠤ ᠲᠣᠰ ᠡᠳᠦᠷ ᠲᠤ 50 | ᠲᠦᠮᠡᠨ ᠲᠥᠭᠦᠷᠢᠭ ᠤᠨ ᠲᠠᠷᠢᠶᠠᠯᠠᠩ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠡᠢ᠃ | ᠬᠤᠶᠠᠷ ᠲᠤ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠤ ᠲᠠᠰᠤᠷᠠᠯᠲᠠ ᠦᠭᠡᠢ ᠲᠣᠬᠢᠷᠠᠭᠤᠯᠤᠯᠲᠠ | ᠬᠢᠪᠡ᠃︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ | ᠭᠦᠨᠵᠡᠭᠡᠢ ᠲᠤᠤᠱᠯᠠᠭᠤᠯᠤᠨ᠂ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠣᠲᠣ ᠪᠣᠯᠲᠠᠯ᠎ᠠ᠂ | ᠦᠬᠡᠷ 3.2 ᠲᠦᠮᠡᠨ ᠲᠣᠯᠣᠭᠠᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.34% ᠪᠠᠷ ᠨᠡᠮᠡᠭᠳᠡᠨ᠂ ᠬᠤᠨᠢ | ᠢᠮᠠᠭᠠᠨ ᠤ ᠲᠤᠭ᠎ᠠ 5.1 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.92% ᠢᠶᠠᠷ ᠨᠡᠮᠡᠭᠳᠡᠨ᠂ | ᠭᠠᠭ᠋ᠠᠢ 1 ᠲᠦᠮᠡ ᠭᠠᠷᠤᠢ ᠬᠥᠮᠥᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.35% ᠪᠠᠷ ᠨᠡᠮᠡᠭᠳᠡᠨ᠂ | ᠠᠮᠤ ᠪᠤᠳᠠᠭ᠎ᠠ ᠶᠢ 9000 ᠭᠠᠷᠤᠢ ᠮᠦ ᠰᠢᠯᠵᠢᠭᠦᠯᠦᠨ ᠲᠡᠵᠢᠭᠡᠵᠦ᠂ ᠮᠠᠯ ᠵᠢᠭᠦᠷᠲᠡᠨ ᠤ ᠡᠭᠡᠯᠢᠯᠡᠭᠡ ᠶᠢᠨ | ᠲᠠᠷᠢᠯᠭ᠎ᠠ ᠶᠢ 4 ᠲᠦᠮᠡᠨ ᠤᠳᠠᠭ᠎ᠠ ᠪᠡᠶᠡᠯᠡᠭᠦᠯᠵᠦ᠂ ᠮᠠᠯ ᠵᠢᠭᠦᠷᠲᠡᠨ ᠢ ᠪᠠᠶᠢᠴᠠᠭᠠᠬᠤ ᠶᠣᠰᠣᠲᠠᠢ ᠶᠢ ᠨᠢ ᠴᠥᠮ | ᠪᠠᠶᠢᠴᠠᠭᠠᠵᠤ᠂ ᠮᠠᠯ ᠠᠵᠤ ᠠᠬᠤᠢ᠂ ᠲᠠᠷᠢᠮᠠᠯ ᠤᠨ ᠦᠢᠯᠡᠰ ᠢ ᠲᠣᠭᠲᠠᠭᠤᠨ ᠢᠶᠠᠷ ᠰᠠᠶᠢᠵᠢᠷᠠᠭᠤᠯᠤᠨ᠎ᠠ᠃ᠭᠤᠷᠪᠠ ᠳᠤ | ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠯᠠᠪᠳᠠᠭᠤᠨ ᠢᠶᠠᠷ ᠠᠬᠢᠪᠠ᠃ᠲᠣᠰᠬᠤᠨ ᠤ ᠬᠠᠮᠲᠤ ᠶᠢᠨ ᠠᠵᠤ | ᠠᠬᠤᠢ ᠶᠢ ᠶᠡᠬᠡᠪᠡᠷ ᠬᠥᠭᠵᠢᠭᠦᠯᠵᠦ᠂ ᠰᠢᠶᠣᠣ ᠭᠧ ᠫᠠᠨ ᠲᠣᠰᠬᠤᠨ ᠵᠡᠷᠭᠡ 6 ᠲᠣᠰᠬᠤᠨ ᠳᠤ ᠬᠦᠷᠢᠶ᠎ᠡ ᠬᠠᠰᠢᠶ᠎ᠠ ᠶᠢᠨ | ᠠᠵᠤ ᠠᠬᠤᠢ ᠶᠢ ᠳᠡᠯᠭᠡᠷᠡᠭᠦᠯᠬᠦ ᠶᠢ ᠬᠡᠷᠡᠭᠵᠢᠭᠦᠯᠵᠦ᠂ ᠲᠣᠰ ᠲᠣᠰ ᠤᠨ ᠣᠨᠴᠠᠯᠢᠭ ᠲᠠᠢ ᠲᠠᠷᠢᠶᠠᠯᠠᠩ ᠤᠨ | ᠪᠦᠲᠦᠭᠡᠭᠳᠡᠬᠦᠨ ᠤ ᠬᠦᠷᠢᠶ᠎ᠡ ᠬᠠᠰᠢᠶ᠎ᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠪᠤᠵᠠᠭᠠᠶᠢᠷᠠᠭᠤᠯᠤᠨ᠎ᠠ᠃ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠫᠷᠤᠭ᠍ᠷᠡᠮ ᠢ ᠲᠡᠳᠬᠦᠨ | ᠳᠡᠮᠵᠢᠬᠦ ᠳᠤ ᠲᠦᠰᠢᠭᠯᠡᠨ᠂ ᠪᠡᠯᠡᠨ ᠵᠣᠭᠤᠰ ᠢᠶᠠᠷ ᠬᠤᠪᠢ ᠣᠷᠣᠭᠤᠯᠵᠤ ᠠᠰᠢᠭ ᠬᠤᠪᠢᠶᠠᠬᠤ᠂ ᠲᠠᠷᠢᠶᠠᠯᠠᠩ ᠤᠨ | ᠮᠠᠰᠢᠨ ᠪᠠᠭᠠᠵᠢ ᠪᠠ ᠭᠠᠵᠠᠷ ᠰᠢᠷᠣᠢ ᠶᠢ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃ᠣᠨᠴᠠᠯᠢᠭᠲᠤ ᠲᠠᠷᠢᠮᠠᠯ ᠢ ᠶᠡᠬᠡᠪᠡᠷ ᠳᠡᠯᠭᠡᠷᠡᠭᠦᠯᠵᠦ᠂ ᠣᠲᠣ | ᠪᠣᠯᠲᠠᠯ᠎ᠠ᠂ ᠡᠷᠳᠡᠨᠢ ᠰᠢᠰᠢ ᠰᠢᠷ᠎ᠠ ᠪᠤᠷᠴᠠᠭ ᠢ 21.1 ᠮᠦ ᠢᠵᠢ ᠳᠠᠷᠢᠵᠤ᠂ ᠰᠢᠷ᠎ᠠ ᠪᠤᠷᠴᠠᠭ ᠢ 1039 ᠮᠦ | ᠳᠠᠷᠢᠵᠤ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠨ᠂ ᠪᠤᠭᠤᠳᠠᠢ ᠶᠢ 298 ᠮᠦ ᠳᠠᠷᠢᠵᠤ᠂ | ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠨ᠂ ᠤᠰᠤᠨ ᠲᠤᠲᠤᠷᠭ᠎ᠠ ᠶᠢ 225 ᠮᠦ ᠳᠠᠷᠢᠵᠤ᠂ | ᠠᠳᠠᠯᠢ ᠬᠤᠭᠤᠴᠠᠭᠠᠨ ᠤ ᠬᠢ ᠠᠴᠠ 0.51% ᠪᠠᠷ ᠨᠡᠮᠡᠭᠳᠡᠪᠡ ᠃ | ︵ᠬᠤᠶᠠᠷ︶ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠨ᠎ᠡ᠃ᠨᠢᠭᠡ ᠳᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠤᠳᠤ ᠪᠣᠯᠲᠠᠯ᠎ᠠ ᠨᠡᠶᠢᠳᠡ 5391 | ᠡᠷᠦᠭᠡ ᠶᠢᠨ 1.1 ᠲᠦᠮᠡᠨ ᠬᠥᠮᠥᠨ ᠢ ᠪᠠᠶᠢᠴᠠᠭᠠᠨ ᠵᠢᠭᠰᠠᠭᠠᠵᠤ᠂ ᠨᠢᠭᠡ ᠡᠷᠦᠭᠡ ᠶᠢ ᠴᠦ ᠣᠷᠬᠢᠭᠳᠠᠭᠤᠯᠬᠤ ᠦᠭᠡᠢ᠂ | ᠨᠢᠭᠡ ᠬᠥᠮᠥᠨ ᠢ ᠴᠦ ᠳᠤᠲᠠᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃ᠢᠯᠭᠠᠨ ᠲᠠᠨᠢᠵᠤ ᠣᠯᠣᠭᠰᠠᠨ ᠬᠢᠨᠠᠨ | ᠰᠢᠯᠭᠠᠬᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠳᠤ ᠡᠮ ᠡᠮᠨᠡᠯᠭᠡ ᠶᠢᠨ ᠠᠪᠤᠷᠠᠨ | ᠲᠤᠰᠠᠯᠠᠯᠲᠠ᠂ ᠰᠤᠷᠭᠠᠨ ᠬᠥᠮᠦᠵᠢᠯ ᠤᠨ ᠲᠡᠳᠬᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ | ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠨᠡᠶᠢᠳᠡ 8 ᠲᠦᠮᠡᠨ ᠲᠥᠭᠦᠷᠢᠭ ᠤᠨ ᠨᠥᠬᠦᠪᠦᠷᠢ | ᠣᠯᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 67 ᠬᠥᠮᠥᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠬᠠᠩᠭᠠᠪᠠ᠃ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠰᠠᠨᠠᠭ᠎ᠠ ᠲᠠᠢ ᠲᠠᠷᠢᠶᠠᠴᠢᠨ ᠡᠷᠦᠬᠡ ᠳᠤ | ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠬᠠᠩᠭᠠᠵᠤ᠂ ᠲᠠᠷᠢᠶᠠᠴᠢᠳ ᠤᠨ ᠪᠠᠶᠠᠵᠢᠬᠤ ᠠᠷᠭ᠎ᠠ ᠵᠠᠮ ᠢ ᠥᠷᠭᠡᠳᠬᠡᠪᠡ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ᠂ ᠬᠥᠳᠡᠭᠡ | ᠲᠣᠰᠬᠤᠨ ᠤ ᠬᠤᠭ ᠨᠣᠪᠰᠢ ᠶᠢ ︽ᠲᠣᠰᠬᠤᠨ ᠠᠴᠠ ᠬᠤᠷᠢᠶᠠᠨ ᠴᠤᠭᠯᠠᠭᠤᠯᠬᠤ᠂ ᠰᠢᠶᠠᠩ ᠠᠴᠠ ᠴᠡᠪᠡᠷᠯᠡᠨ | ᠲᠡᠭᠡᠭᠡᠪᠦᠷᠢᠯᠡᠬᠦ᠂ ᠬᠤᠰᠢᠭᠤ ᠠᠴᠠ ᠰᠢᠢᠳᠪᠦᠷᠢᠯᠡᠬᠦ︾ ᠵᠠᠭᠪᠤᠷ ᠢᠶᠠᠷ ᠠᠵᠢᠯᠯᠠᠭᠤᠯᠬᠤ ᠶᠢ ᠬᠡᠷᠡᠭᠵᠢᠭᠦᠯᠵᠦ᠂ ᠳᠡᠭᠡᠷ᠎ᠡ | ᠬᠠᠭᠠᠰ ᠵᠢᠯ ᠳᠤ ᠵᠠᠰᠠᠮᠠᠯ ᠵᠠᠮ ᠤᠨ ᠬᠤᠶᠠᠷ ᠬᠠᠵᠠᠭᠤ᠂ ᠲᠣᠰᠬᠤᠨ ᠤ ᠳᠣᠲᠣᠷᠠᠬᠢ ᠭᠤᠣᠯ ᠵᠠᠮ᠂ ᠭᠡᠷ ᠪᠠᠶᠢᠰᠢᠩ ᠤᠨ | ᠠᠷᠤ ᠲᠠᠯ᠎ᠠ ᠶᠢᠨ ᠠᠮᠢᠳᠤᠷᠠᠯ ᠤᠨ ᠬᠤᠭ ᠨᠣᠪᠰᠢ᠂ ᠲᠠᠷᠢᠶᠠᠯᠠᠩ ᠤᠨ ᠬᠤᠭ ᠨᠣᠪᠰᠢ ᠶᠢ 1190.15 ᠲᠣᠨ | ᠲᠥᠪᠯᠡᠷᠡᠭᠦᠯᠦᠨ ᠴᠡᠪᠡᠷᠯᠡᠪᠡ᠃ᠬᠤᠶᠠᠷ ᠲᠤ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ᠬᠤᠶᠢᠲᠤ ᠰᠢᠷ᠎ᠠ ᠵᠤᠤᠰᠢᠶᠠᠩ ᠤᠨ ︽ᠲᠡᠩᠭᠡᠯᠢᠭ︾ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠶᠢᠲᠤ ᠰᠢᠷ᠎ᠠ ᠵᠤᠤᠲ᠋ᠣᠰᠬᠤᠨ᠂ ᠮᠠ ᠵᠦᠢ | ᠵᠣᠬᠢᠰᠲᠠᠢ ᠲᠣᠰᠬᠤᠨ᠂ ᠯᠢᠦ ᠵᠢᠶᠠ ᠶᠢᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠵᠡᠷᠭᠡ 3 ᠨᠠᠷᠠᠲᠤ ᠲᠥᠷᠥᠯ ᠲᠡᠮᠳᠡᠭᠲᠦ ᠶᠢᠨ ᠫᠷᠤᠭ᠍ᠷᠡᠮ ᠢ ᠪᠣᠶ ᠪᠣᠯᠭᠠᠵᠤ᠂ ᠪᠥᠬᠦ ᠬᠤᠰᠢᠭᠤᠨ ᠤ ᠰᠣᠶᠣᠯ | ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠢ | ᠵᠢᠱᠢᠶ᠎ᠡ ᠦᠵᠡᠭᠦᠯᠬᠦ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠲᠦᠮᠡᠳ ᠵᠡᠭᠦᠨ ᠬᠤᠰᠢᠭᠤᠨ ᠤ ᠠᠩᠬᠠᠳᠤᠭᠠᠷ | ᠬᠤᠭᠤᠴᠠᠭᠠᠨ ᠤ ︽ᠠᠷᠪᠠᠨ ᠣᠳᠣᠨ ᠲᠠᠰ ᠤᠨ ᠪᠣᠯᠪᠠᠰᠤᠨ ᠡᠷᠦᠬᠡ︾᠂ ᠳᠥᠷᠪᠡᠳᠦᠭᠡᠷ ᠬᠤᠭᠤᠴᠠᠭᠠᠨ ᠤ ᠲᠦᠮᠡᠳ | ᠵᠡᠭᠦᠨ ᠬᠤᠰᠢᠭᠤᠨ ᠤ ᠪᠣᠯᠪᠠᠰᠤᠨ ᠲᠣᠰᠬᠤᠨ ᠪᠠᠯᠭᠠᠰᠤ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠳᠤ ᠫᠠᠶᠢᠰᠠ | ᠣᠯᠭᠤᠨ᠎ᠠ ᠃ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠲᠠᠢ ᠬᠠᠮᠲᠤᠷᠠᠨ︽ᠠᠨᠠᠷ ᠤᠨ ᠦᠷ᠎ᠡ ᠰᠡᠳᠬᠢᠯ ᠵᠢᠷᠦᠬᠡ ᠪᠠᠨ ᠬᠤᠯᠪᠣᠵᠤ᠂ | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠰ ᠲᠠᠢ ᠳᠣᠲᠣᠨᠣᠴᠢᠯᠠᠬᠤ︾ᠦᠨᠳᠦᠰᠦᠲᠡᠨ ᠤ | ᠪᠦᠯᠬᠦᠮᠳᠡᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠰᠣᠶᠣᠯ ᠢ ᠲᠦᠮᠡᠨ ᠡᠷᠦᠬᠡ ᠳᠤ | ᠬᠦᠷᠭᠡᠵᠦ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠨ᠎ᠠ︾ | 2023 ᠣᠨ ᠤ ᠵᠤᠨ ᠤ ᠤᠯᠠᠷᠢᠯ ᠢ ᠠᠷᠢᠯᠭᠠᠬᠤ ᠤᠯᠠᠨ ᠲᠦᠮᠡᠨᠴᠢ ᠴᠢᠨᠠᠷᠲᠠᠢ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠪᠡ᠃ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠢ | ᠴᠢᠩᠭᠠᠳᠬᠠᠨ᠎ᠠ᠃ᠬᠥᠬᠡᠬᠤᠲᠠ ᠠᠴᠠ ᠲᠠ ᠲᠠ ᠵᠠᠮ ᠳᠠᠭᠠᠤ ᠶᠢᠨ ᠬᠤᠶᠠᠷ ᠲᠠᠯ᠎ᠠ ᠳᠤ ᠭᠠᠵᠠᠷ ᠰᠢᠷᠣᠢ ᠶᠢ ᠲᠡᠭᠰᠢᠯᠡᠬᠦ | ᠠᠵᠢᠯ ᠥᠷᠨᠢᠭᠦᠯᠵᠦ᠂ ᠪᠤᠭᠤᠲᠤ ᠶᠢᠨ ᠬᠤᠯᠪᠣᠭ᠎ᠠ ᠶᠢᠨ ᠺᠠᠳ᠋ᠷ᠂ ᠲᠣᠰᠬᠤᠨ ᠤ ᠬᠤᠶᠠᠷ ᠵᠥᠪᠯᠡᠯ᠂ 200 ᠭᠠᠷᠤᠢ | ᠠᠵᠢᠯᠲᠠᠨ ᠢ ᠬᠥᠳᠡᠯᠭᠡᠵᠦ᠂ ᠮᠠᠯᠲᠠᠭᠤᠷ ᠮᠠᠰᠢᠨ᠂ ᠬᠥᠷᠪᠡᠭᠦᠯᠬᠦ ᠲᠡᠷᠭᠡ ᠵᠡᠷᠭᠡ 20 ᠭᠠᠷᠤᠢ ᠮᠠᠰᠢᠨ ᠲᠥᠬᠦᠭᠡᠷᠦᠮᠵᠢ ᠳᠤ | ᠣᠷᠣᠭᠤᠯᠵᠤ᠂ 5 ᠲᠣᠰᠬᠤᠨ ᠤ 10 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠪᠠᠷᠢᠯᠭ᠎ᠠ ᠶᠢᠨ ᠬᠡᠮᠵᠢᠶ᠎ᠡ ᠲᠠᠢ | ᠲᠠᠷᠢᠶᠠᠨ ᠲᠠᠯᠠᠩ ᠭᠤᠤ ᠰᠤᠪᠠᠭ ᠢ ᠲᠡᠭᠰᠢᠯᠡᠪᠡ᠃ᠬᠥᠳᠡᠭᠡ ᠲᠣᠰᠬᠤᠨ ᠤ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠤᠭᠰᠠᠨ ᠤ ᠳᠠᠷᠠᠭ᠎ᠠ ᠬᠤᠩᠳᠠᠢ ᠶᠢᠨ ᠬᠥᠳᠡᠭᠡ ᠲᠣᠰᠬᠤᠨ ᠤ | 1 ᠵᠤᠷᠪᠤᠰ ᠵᠠᠮ ᠢ ᠰᠢᠨ᠎ᠡ ᠪᠠᠷ ᠪᠠᠶᠢᠭᠤᠯᠵᠤ᠂ ᠪᠥᠬᠦ ᠣᠷᠳᠣ ᠨᠢ 1.67 ᠺᠢᠯᠣᠮᠧᠲᠷ ᠪᠠᠶᠢᠵᠤ᠂ 36.46 ᠭᠠᠷᠤᠢ | ᠲᠦᠮᠡᠨ ᠲᠥᠭᠦᠷᠢᠭ ᠣᠷᠣᠭᠤᠯᠵᠤ᠂ ᠰᠠᠨ ᠯᠠᠩ - ᠨᠠᠨ ᠰᠢᠶᠣᠣ ᠶᠢᠩ ᠳᠤ ᠵᠠᠮ ᠤᠨ ᠥᠭᠡᠷᠡᠴᠢᠯᠡᠯᠲᠡ ᠬᠢᠵᠦ᠂ ᠪᠥᠬᠦ | ᠣᠷᠳᠣ ᠨᠢ 1.61 ᠺᠢᠯᠣᠮᠧᠲᠷ ᠪᠠᠶᠢᠵᠤ᠂ 90 ᠭᠠᠷᠤᠢ ᠲᠦᠮᠡᠨ ᠲᠥᠭᠦᠷᠢᠭ ᠣᠷᠣᠭᠤᠯᠪᠠ ᠃ᠬᠤᠶᠢᠲᠤ ᠱᠢ ᠵᠢᠶᠧ | ᠲᠣᠰᠬᠤᠨ - ᠪᠠᠷᠠᠭᠤᠨ ᠡᠮᠦᠨᠡᠲᠦ ᠶᠢᠨ ᠱᠢ ᠵᠢᠶᠧ ᠲᠣᠰᠬᠤᠨ᠂ ᠬᠥᠬᠡᠬᠤᠲᠠ ᠶᠢᠨ ᠬᠠᠭᠤᠴᠢᠨ ᠵᠠᠮ - ᠬᠤᠶᠢᠲᠤ ᠵᠦ | ᠪᠦᠦ ᠲᠣᠰᠬᠤᠨ ᠤ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠣᠲᠣ ᠨᠢᠭᠡᠨᠲᠡ 1107 ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢ ᠪᠡᠶᠡᠯᠡᠭᠦᠯᠪᠡ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠤᠨ᠎ᠠ᠃ | ᠨᠢᠭᠡ ᠳᠤ᠂ ᠬᠥᠬᠡ ᠣᠭᠲᠠᠷᠭᠤᠢ ᠶᠢ ᠨᠠᠩ ᠴᠡᠯᠮᠡᠭ ᠪᠣᠯᠭᠠᠨ᠎ᠠ᠃ᠰᠢᠶᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠠᠴᠠ ᠡᠯ᠎ᠡ ᠲᠣᠰᠬᠤᠨ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠥᠳᠡᠭᠡ | ᠲᠣᠰᠬᠤᠨ ᠤ ᠬᠤᠶᠠᠷ ᠱᠠᠲᠤᠨ ᠤ ᠬᠢᠨ ᠲᠣᠭᠤᠷᠢᠨ ᠰᠡᠷᠭᠡᠶᠢᠯᠡᠬᠦ ᠠᠩᠭᠢ ᠪᠣᠯᠣᠨ ᠭᠠᠯ ᠤᠨᠲᠠᠷᠠᠭᠠᠬᠤ ᠠᠩᠭᠢ ᠶᠢ | ᠵᠣᠬᠢᠶᠠᠨ ᠪᠠᠶᠢᠭᠤᠯᠬᠤ ᠶᠢᠨ ᠵᠡᠷᠭᠡᠪᠡᠷ ︽ᠣᠶᠤᠨᠲᠤ ᠤᠮᠠᠷᠠᠲᠤ ᠶᠢᠨ ᠲᠡᠩᠭᠡᠯᠢᠭ︾ ᠤᠨ ᠥᠨᠳᠥᠷ ᠲᠣᠳᠣ ᠰᠡᠭᠦᠳᠡᠷᠯᠡᠬᠦ | ᠮᠠᠰᠢᠨ ᠢ ᠭᠦᠢᠴᠡᠳ ᠠᠰᠢᠭᠯᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠲᠠᠰᠤᠷᠠᠯᠳᠡ ᠦᠭᠡᠢ ᠬᠢᠨᠠᠨ ᠬᠡᠮᠵᠢᠵᠦ᠂ | ᠭᠠᠯ ᠭᠠᠷᠤᠭᠰᠠᠨ ᠭᠠᠵᠠᠷ ᠢ ᠣᠯᠵᠤ ᠮᠡᠳᠡᠪᠡᠯ ᠲᠡᠷᠡ ᠳᠠᠷᠤᠢ ᠳᠤᠨᠢ ᠰᠢᠢᠳᠪᠦᠷᠢᠯᠡᠵᠦ᠂ ᠭᠠᠯ ᠭᠠᠷᠤᠭᠰᠠᠨ ᠭᠠᠵᠠᠷ | ᠨᠡᠯᠢᠶᠡᠳ ᠤᠯᠠᠨ ᠲᠣᠰᠬᠤᠨ ᠳᠤ ᠰᠢᠳᠬᠡᠯ ᠥᠭᠴᠦ᠂ ᠨᠡᠶᠢᠳᠡ 14 ᠲᠣᠰᠬᠤᠨ ᠢ ᠰᠢᠳᠭᠡᠵᠦ᠂ ᠲᠣᠰᠬᠤᠨ ᠤ | ᠠᠵᠢᠯ ᠤᠨ ᠵᠠᠷᠤᠳᠠᠯ ᠢ 10 ᠲᠦᠮᠡ ᠭᠠᠷᠤᠢ ᠲᠥᠭᠦᠷᠢᠭ ᠰᠠᠭᠤᠯᠭᠠᠨ ᠠᠪᠴᠤ ᠭᠠᠯ ᠰᠡᠷᠭᠡᠶᠢᠯᠡᠬᠦ ᠠᠵᠢᠯ ᠳᠤ | ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠡᠢ᠃ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ 2023 ᠣᠨ ᠤ ᠡᠰᠢ ᠰᠦᠷᠡᠯ ᠢ ᠰᠢᠲᠠᠭᠠᠬᠤ ᠭᠠᠯ ᠤᠨ | ᠴᠡᠭ ᠤᠨ ᠲᠤᠭ᠎ᠠ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠪᠠᠭᠤᠷᠠᠪᠠ᠃ᠾᠧᠦ | ᠵᠢᠶᠠ ᠶᠢᠩ ᠲᠣᠰᠬᠤᠨ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠡᠷᠦᠩᠬᠡᠶᠢᠯᠡᠭᠰᠡᠨ ᠴᠡᠭᠴᠡᠯᠡᠨ | ᠵᠠᠰᠠᠬᠤ ᠫᠷᠤᠭ᠍ᠷᠡᠮ ᠢ ᠥᠷᠨᠢᠭᠦᠯᠵᠦ᠂ 96 ᠡᠷᠦᠬᠡ ᠶᠢᠨ ᠨᠡᠭᠦᠷᠡᠰᠦ ᠰᠢᠲᠠᠭᠠᠬᠤ ᠭᠦᠸᠧᠯᠦ ᠶᠢ ᠨᠤᠷᠠᠭᠠᠬᠤ ᠶᠢᠨ | ᠬᠠᠮᠲᠤ ᠠᠭᠠᠷ ᠤᠨ ᠡᠨᠧᠷᠭᠢ ᠠᠷᠪᠢᠯᠠᠬᠤ ᠵᠤᠤᠬ᠎ᠠ ᠶᠢ ᠤᠭᠰᠠᠷᠠᠵᠤ᠂ ᠪᠠᠷᠢᠯᠭ᠎ᠠ ᠶᠢᠨ ᠲᠠᠯᠠᠪᠠᠶ ᠨᠢ ᠪᠠᠷᠤᠭ 6000 | ᠲᠡᠭᠰᠢ ᠳᠥᠷᠪᠡᠯᠵᠢᠨ ᠮᠧᠲᠷ ᠲᠤ ᠬᠥᠷᠪᠡ᠃ᠬᠤᠶᠠᠷ ᠲᠤ᠂ ᠤᠰᠤᠨ ᠤ ᠤᠷᠤᠰᠬᠠᠯ ᠢ ᠤᠯᠠᠮ ᠴᠡᠪᠡᠷᠯᠡᠨ᠎ᠡ᠃︽ᠨᠢᠭᠡ | ᠨᠠᠭᠤᠷ ᠬᠤᠶᠠᠷ ᠭᠤᠣᠯ ᠭᠤᠷᠪᠠᠨ ᠰᠠᠯᠪᠤᠷᠢ ᠰᠤᠪᠠᠭ︾ ᠢ ᠶᠡᠬᠡᠪᠡᠷ ᠬᠠᠮᠠᠭᠠᠯᠠᠨ ᠬᠥᠭᠵᠢᠭᠦᠯᠵᠦ᠂ ᠲᠡᠯᠡᠶ ᠶᠢᠨ | ᠤᠷᠤᠰᠬᠠᠯ ᠤᠨ ᠴᠥᠭᠦᠷᠥᠮ ᠵᠡᠷᠭᠡ ᠪᠠᠶᠢᠭᠠᠯᠢ ᠶᠢᠨ ᠦᠵᠡᠮᠵᠢ ᠳᠤ ᠲᠦᠰᠢᠭᠯᠡᠨ ᠪᠣᠬᠢᠷᠲᠤᠯ ᠦᠭᠡᠢ ᠠᠮᠢ ᠠᠬᠤᠢ ᠶᠢᠨ | ᠬᠥᠭᠵᠢᠯᠲᠡ ᠠᠴᠠ ᠪᠣᠯᠤᠭᠰᠠᠨ ᠠᠵᠤ ᠠᠬᠤᠢ ᠶᠢᠨ ᠠᠰᠢᠭ ᠲᠤᠰᠠ ᠶᠢ ᠠᠯᠬᠤᠮ ᠠᠯᠬᠤᠮ ᠢᠶᠠᠷ ᠥᠷᠭᠡᠳᠬᠡᠨ᠎ᠡ᠃︽ | ᠭᠤᠣᠯ ᠤᠨ ᠳᠠᠷᠤᠭ᠎ᠠ ᠶᠢᠨ ᠳᠦᠷᠢᠮ︾ ᠢ ᠬᠦᠴᠦᠯᠡᠨ ᠨᠠᠶᠢᠳᠠᠪᠤᠷᠢᠵᠢᠭᠤᠯᠵᠤ᠂ ᠭᠤᠣᠯ ᠤᠨ ᠵᠠᠮ ᠢ | ᠪᠠᠶᠢᠩᠭᠤᠵᠢᠭᠤᠯᠤᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠪᠠᠷ ᠰᠢᠪᠲᠤᠯᠤᠯᠲᠠ ᠶᠢᠨ ᠴᠡᠭ ᠪᠣᠯᠭᠠᠨ᠂ | ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠠᠷᠢᠭᠤᠨ ᠴᠡᠪᠡᠷ ᠪᠠᠶᠢᠯᠭᠠᠬᠤ᠂ ᠬᠢᠨᠠᠯᠲᠠ ᠲᠠᠯᠪᠢᠬᠤ ᠵᠡᠷᠭᠡ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ᠂ ᠶᠡᠭᠡ ᠬᠠᠷ᠎ᠠ ᠭᠤᠣᠯ ᠤᠨ ᠭᠤᠣᠯ ᠳᠠᠭᠠᠤ ᠶᠢᠨ 9 ᠲᠣᠰᠬᠤᠨ ᠤ ᠭᠤᠣᠯ ᠤᠨ ᠵᠠᠮ ᠳᠣᠲᠣᠷ᠎ᠠ ᠬᠠᠤᠯᠢ | ᠪᠤᠰᠤ ᠪᠠᠷ ᠬᠦᠷᠢᠶᠡᠯᠡᠨ ᠬᠠᠭᠠᠯᠪᠤᠷᠢᠯᠠᠵᠤ ᠲᠠᠷᠢᠶ᠎ᠠ ᠳᠠᠷᠢᠬᠤ ᠵᠢᠴᠢ ᠥᠨᠳᠥᠷ ᠡᠰᠢᠲᠦ ᠲᠠᠷᠢᠮᠠᠯ ᠳᠠᠷᠢᠬᠤ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠲᠤᠶᠢᠯ ᠤᠨ | ᠶᠡᠭᠡ ᠪᠠᠷ ᠰᠠᠶᠢᠵᠢᠷᠠᠭᠤᠯᠪᠠ᠃ᠰᠢᠶᠠᠩ ᠤᠨ ᠱᠠᠲᠤᠨ ᠤ ᠭᠤᠣᠯ ᠤᠨ ᠳᠠᠷᠤᠭ᠎ᠠ ᠨᠡᠶᠢᠳᠡ 62 ᠤᠳᠠᠭ᠎ᠠ ᠭᠤᠣᠯ ᠢ | ᠲᠣᠭᠤᠷᠢᠨ ᠪᠠᠶᠢᠴᠠᠭᠠᠵᠤ᠂ 10 ᠭᠠᠷᠤᠢ ᠲᠣᠨ ᠭᠤᠣᠯ ᠤᠨ ᠵᠠᠮ ᠤᠨ ᠬᠤᠭ ᠨᠣᠪᠰᠢ ᠶᠢ ᠴᠡᠪᠡᠷᠯᠡᠵᠡᠢ᠃ᠭᠤᠷᠪᠠ ᠳᠤ | ᠭᠠᠵᠠᠷ ᠰᠢᠷᠣᠢ ᠶᠢ ᠨᠠᠩ ᠴᠡᠪᠡᠷ ᠪᠣᠯᠭᠠᠨ᠎ᠠ᠃ᠳᠡᠭᠡᠳᠦ ᠱᠠᠲᠤᠨ ᠤ ᠣᠶ ᠰᠢᠭᠤᠢ ᠶᠢᠨ ᠰᠠᠯᠠᠭ᠎ᠠ ᠮᠥᠴᠢᠷ ᠤᠨ | ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠭᠡᠳᠡᠷᠭᠦ ᠪᠠᠶᠢᠴᠠᠭᠠᠬᠤ ᠠᠵᠢᠯ ᠢ | ᠥᠷᠨᠢᠭᠦᠯᠬᠦ ᠲᠤᠬᠠᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠬᠤ ᠶᠢᠨ ᠬᠠᠮᠲᠤ ᠵᠢᠷᠤᠮᠵᠢᠭᠤᠯᠤᠨ ᠴᠡᠭᠴᠡᠯᠡᠨ ᠵᠠᠰᠠᠬᠤ | ᠬᠡᠷᠡᠭᠲᠡᠢ᠃ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠰᠢᠶᠠᠩ ᠤᠨ 13 ᠰᠡᠵᠢᠭᠯᠡᠯᠲᠡᠢ ᠭᠠᠵᠠᠷ ᠰᠢᠷᠣᠢ ᠶᠢᠨ ᠭᠡᠷᠡᠯ | ᠵᠢᠷᠤᠭ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠪᠠ ᠳᠡᠭᠡᠭᠰᠢ ᠮᠡᠳᠡᠭᠦᠯᠵᠦ ᠪᠠᠶᠢᠴᠠᠭᠠᠨ ᠰᠢᠢᠳᠪᠦᠷᠢᠯᠡᠬᠦ ᠠᠵᠢᠯ ᠢ | ᠪᠡᠶᠡᠯᠡᠭᠦᠯᠪᠡ᠃2023 ᠣᠨ ᠤ ᠳᠡᠭᠡᠷ᠎ᠡ ᠬᠠᠭᠠᠰ ᠵᠢᠯ ᠳᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ | ᠬᠡᠷᠡᠭ ᠤᠨ 7 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠣᠲᠣ ᠨᠢᠭᠡᠨᠲᠡ ᠪᠦᠬᠦᠨ ᠢ ᠰᠢᠢᠳᠪᠦᠷᠢᠯᠡᠨ ᠳᠠᠭᠤᠰᠬᠠᠵᠤ᠂ | ᠨᠡᠶᠢᠲᠡ 41800 ᠲᠥᠭᠦᠷᠢᠭ ᠤᠨ ᠲᠣᠷᠭᠠᠭᠤᠯᠢ ᠶᠢᠨ ᠵᠣᠭᠤᠰ ᠢ ᠨᠡᠶᠢᠲᠡ 41800 ᠲᠥᠭᠦᠷᠢᠭ ᠲᠣᠷᠭᠠᠪᠠ᠃ | ᠳᠥᠷᠪᠡ ᠳᠤ ᠣᠷᠴᠢᠨ ᠠᠬᠤᠢ ᠶᠢ ᠨᠠᠩ ᠭᠤᠶᠣ ᠰᠠᠶᠢᠬᠠᠨ ᠪᠣᠯᠭᠠᠨ᠎ᠠ᠃ᠮᠣᠳᠣ ᠳᠠᠷᠢᠵᠤ ᠣᠶᠢᠵᠢᠭᠤᠯᠬᠤ ᠠᠵᠢᠯ ᠢ | ᠢᠳᠡᠪᠬᠢᠲᠡᠢ ᠥᠷᠨᠢᠭᠦᠯᠵᠦ᠂ ᠬᠤᠶᠢᠲᠤ ᠳ᠋ᠧ ᠳ᠋ᠦ᠋ ᠲᠣᠰᠬᠤᠨ ᠤ ᠠᠩ ᠷᠠᠨ ᠮᠠᠯᠵᠢᠯ ᠤᠨ ᠲᠠᠯᠠᠪᠠᠶ ᠳᠤ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠨᠡᠶᠢᠲᠡ 2400 ᠭᠠᠷᠤᠢ ᠰᠠᠭᠤᠷᠢ ᠮᠣᠳᠣ ᠳᠠᠷᠢᠪᠠ᠃ | ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠬᠤᠶᠠᠷ | ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠡᠭᠡᠷ᠎ᠡ ᠬᠠᠭᠠᠰ ᠵᠢᠯ ᠳᠤ ᠨᠡᠶᠢᠲᠡ 48 ᠬᠥᠮᠥᠨ ᠣᠶ | ᠰᠢᠭᠤᠢ ᠶᠢ ᠲᠣᠭᠤᠷᠢᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠵᠦ᠂ ᠨᠡᠶᠢᠲᠡ 1289 ᠤᠳᠠᠭ᠎ᠠ ᠬᠦᠷᠴᠦ᠂ 8 | ᠠᠰᠠᠭᠤᠳᠠᠯ ᠢ ᠢᠯᠡᠷᠡᠭᠦᠯᠵᠦ᠂ 8 ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | ︵ᠳᠥᠷᠪᠡ︶ ᠦᠢᠯᠡᠴᠢᠯᠡᠭᠡ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠨᠡᠶᠢᠭᠡᠮ ᠤᠨ | ᠦᠢᠯᠡᠰ ᠤᠨ ᠠᠯᠬᠤᠴᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠤᠨ᠎ᠠ᠃ᠨᠢᠭᠡ ᠳᠤ᠂ ᠠᠷᠠᠳ ᠲᠤ ᠳᠦᠭᠦᠮ | ᠦᠵᠡᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ︽ᠬᠥᠬᠡᠬᠤᠲᠠ ᠠᠴᠠ ᠭᠦᠢᠴᠡᠳᠬᠡᠬᠦ ᠳᠤ ᠲᠣᠬᠢᠷᠠᠮᠵᠢᠲᠠᠢ · | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠂ | ᠰᠢᠶᠠᠩ ᠤᠨ ᠱᠠᠲᠤ ᠪᠠ ᠡᠯ᠎ᠡ ᠲᠣᠰᠬᠤᠨ ᠳᠤ ᠴᠥᠮ 2 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠠᠵᠢᠯᠲᠠᠨ ᠲᠣᠬᠢᠷᠠᠭᠤᠯᠵᠤ᠂ ᠯᠢᠦ ᠵᠢᠶᠠ ᠶᠢᠩ ᠲᠣᠰᠬᠤᠨ ᠤ ᠨᠠᠮ ᠤᠨ ᠪᠠᠶᠢᠭᠤᠯᠤᠯᠲᠠ᠂ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠣᠯᠠᠨ ᠵᠦᠢᠯ ᠢ ᠨᠢᠭᠡᠳᠬᠡᠭᠰᠡᠨ ᠵᠢᠱᠢᠶ᠎ᠡ ᠦᠵᠡᠭᠦᠯᠬᠦ ᠴᠢᠭ᠋ ᠢ ᠪᠣᠶ ᠪᠣᠯᠭᠠᠵᠤ᠂ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ | ᠂ ᠢᠨᠲ᠋ᠧᠷ ᠰᠦᠯᠵᠢᠶ᠎ᠡ ᠶᠢ ᠭᠦᠢᠴᠡᠳ ᠬᠡᠷᠡᠭᠯᠡᠨ ᠣᠯᠠᠨ ᠲᠦᠮᠡᠨ ᠢ ᠬᠠᠪᠰᠤᠷᠤᠨ ᠡᠮᠴᠢᠯᠡᠭᠡᠨ ᠤ ᠳᠠᠭᠠᠳᠬᠠᠯ ᠤᠨ | ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠵᠤ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠵᠡᠷᠭᠡ | ᠵᠦᠢᠯᠡᠰ ᠢ ᠭᠦᠢᠴᠡᠳᠬᠡᠨ᠎ᠡ ᠃12345 ᠵᠠᠭᠠᠯᠳᠤᠯᠭ᠎ᠠ ᠶᠢ ᠬᠦᠯᠢᠶᠡᠨ ᠠᠪᠴᠤ ᠪᠠᠷᠢᠨ ᠰᠢᠢᠳᠪᠦᠷᠢᠯᠡᠬᠦ ᠲᠠᠪᠴᠠᠩ | 1-6 ᠰᠠᠷ᠎ᠠ ᠳᠤ 376 ᠬᠤᠪᠢ ᠠᠵᠢᠯ ᠤᠨ ᠬᠠᠭᠤᠳᠠᠰᠤ ᠶᠢ ᠰᠢᠢᠳᠪᠦᠷᠢᠯᠡᠵᠦ᠂ ᠴᠠᠭ ᠲᠤᠬᠠᠢ ᠳᠤᠨᠢ ᠬᠦᠯᠢᠶᠡᠨ | ᠠᠪᠴᠤ ᠰᠢᠢᠳᠪᠦᠷᠢᠯᠡᠭᠰᠡᠨ ᠨᠤᠷᠮ᠎ᠠ ᠨᠢ 100%᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 95.96%᠂ | ᠬᠠᠨᠤᠮᠵᠢᠲᠠᠶ ᠨᠤᠷᠮ᠎ᠠ ᠨᠢ 95.96%᠂ ᠴᠠᠭ ᠲᠤᠬᠠᠢ ᠳᠤᠨᠢ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ | ᠥᠭᠪᠡ᠃ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢᠲ᠋ᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠨᠥᠬᠦᠪᠦᠷᠢ | 1403 ᠲᠦᠮᠡᠨ ᠲᠥᠭᠦᠷᠢᠭ ᠲᠠᠷᠬᠠᠭᠠᠵᠤ᠂ 32 ᠡᠷᠦᠬᠡ ᠲᠠᠷᠢᠮᠠᠯ ᠤᠨ ᠵᠢᠱᠢᠶ᠎ᠡ ᠦᠵᠡᠭᠦᠯᠬᠦ ᠲᠣᠮᠣ ᠡᠷᠦᠬᠡ ᠳᠤ | 221 ᠤᠭᠤᠲᠠ ᠬᠢᠮᠢ ᠶᠢᠨ ᠪᠣᠷᠳᠣᠭᠤᠷ ᠣᠯᠭᠤᠪᠠ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠠᠪᠤᠨ | ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠳᠤ | ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠨᠡᠶᠢᠲᠡ 1710 ᠲᠦᠮᠡᠨ | ᠲᠥᠭᠦᠷᠢᠭ ᠤᠨ ᠪᠡᠯᠡ ᠮᠥᠩᠭᠦ᠂ 67.5 ᠲᠦᠮᠡᠨ ᠲᠥᠭᠦᠷᠢᠭ ᠤᠨ ᠲᠠᠪᠤᠨ ᠪᠠᠲᠤᠯᠠᠭ᠎ᠠ ᠶᠢᠨ ᠪᠡᠯᠡ ᠮᠥᠩᠭᠦ | ᠣᠯᠭᠤᠵᠤ᠂ 844 ᠬᠥᠮᠥᠨ ᠳᠤ ᠥᠨᠳᠥᠷ ᠨᠠᠰᠤᠨ ᠤ ᠨᠥᠬᠦᠪᠦᠷᠢ 59.36 ᠲᠦᠮᠡᠨ ᠲᠥᠭᠦᠷᠢᠭ ᠤᠨ ᠪᠡᠯᠡ | ᠮᠥᠩᠭᠦ ᠣᠯᠭᠤᠵᠤ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ 2587 ᠲᠥᠭᠦᠷᠢᠭ ᠤᠨ ᠪᠡᠯᠡ ᠮᠥᠩᠭᠦ | ᠣᠯᠭᠤᠪᠠ᠃ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠢᠭ᠋ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠮᠴᠢᠯᠡᠭᠡᠨ ᠤ ᠳᠠᠭᠠᠳᠬᠠᠯ ᠢ ᠬᠢᠨᠠᠨ | ᠲᠣᠭᠲᠠᠭᠠᠬᠤ ᠵᠢᠴᠢ ᠳᠠᠭᠠᠳᠬᠠᠯ ᠳᠤ ᠣᠷᠣᠯᠴᠠᠬᠤ ᠶᠢ ᠵᠢᠷᠤᠮᠵᠢᠭᠤᠯᠤᠨ᠂ ᠭᠤᠣᠯᠳᠠᠯᠭ᠎ᠠ ᠲᠠᠢ ᠬᠥᠮᠥᠰ ᠤᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100% ᠳᠤ ᠬᠦᠷᠦᠭᠦᠯᠵᠦ᠂ ᠠᠷᠠᠳ ᠲᠤ ᠠᠰᠢᠭ ᠬᠦᠷᠲᠡᠭᠡᠬᠦ | ᠡᠯᠡᠭᠤᠷᠪᠠ ᠳᠤ ᠨᠡᠶᠢᠭᠡᠮ ᠤᠨ ᠬᠡᠷᠡᠭ ᠶᠠᠪᠤᠳᠠᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠢ ᠢᠳᠡᠪᠬᠢᠲᠡᠢ | ᠥᠷᠨᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠤᠨ᠂ ᠥᠷᠭᠡᠨ ᠢᠶᠠᠷ ᠤᠬᠠᠭᠤᠯᠵᠤ᠂ ᠨᠠᠷᠢᠨ ᠬᠢᠨᠠᠮᠠᠭᠠᠢ ᠣᠶᠢᠯᠠᠭᠠᠨ | ᠵᠢᠭᠰᠠᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠨᠡᠶᠢᠲᠡ 608 ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ᠂ 260 ᠬᠠᠤᠯᠢ ᠶᠢᠨ ᠡᠷᠬᠡᠲᠡᠨ ᠤ ᠨᠢᠭᠡᠴᠡ ᠶᠢ ᠵᠢᠭᠰᠠᠭᠠᠨ ᠪᠠᠶᠢᠴᠠᠭᠠᠪᠠ᠃ | ᠬᠥᠳᠡᠯᠮᠦᠷᠢ ᠬᠦᠴᠦᠨ ᠤ ᠡᠬᠢ ᠪᠠᠶᠠᠯᠢᠭ ᠢ ᠪᠠᠶᠢᠴᠠᠭᠠᠨ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ | ᠥᠷᠨᠢᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 10432 ᠬᠥᠮᠥᠨ ᠳᠤ ᠰᠢᠯᠵᠢᠭᠦᠯᠦᠨ ᠠᠵᠢᠯ | ᠣᠯᠭᠤᠵᠤ᠂ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠪᠥᠬᠦ ᠬᠤᠰᠢᠭᠤᠨ ᠤ ᠡᠮᠦᠨ᠎ᠡ ᠡᠩᠨᠡᠭᠡᠨ ᠳᠤ ᠶᠠᠪᠤᠭᠳᠠᠭᠤᠯᠵᠤ | ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠶᠡᠷᠦᠩᠬᠡᠢ ᠲᠤᠭ᠎ᠠ ᠬᠡᠮᠵᠢᠶ᠎ᠡ᠂ ᠦᠨᠳᠦᠰᠦᠨ ᠪᠦᠲᠦᠴᠡ᠂ ᠠᠵᠢᠯ | ᠣᠯᠬᠤ ᠬᠦᠰᠡᠯ ᠡᠷᠡᠮᠡᠯᠵᠡᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠠᠵᠢᠯ ᠣᠯᠭᠤᠬᠤ ᠪᠠ ᠳᠠᠬᠢᠨ ᠠᠵᠢᠯ | ᠣᠯᠭᠤᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ᠬᠥᠳᠡᠭᠡ ᠲᠣᠰᠬᠤᠨ ᠤ ᠡᠮᠡᠭᠲᠡᠶᠢᠴᠦᠳ ᠤᠨ | ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠬᠤ ᠵᠦᠢᠯᠡᠰ ᠢ ᠤᠷᠤᠭᠰᠢᠲᠠᠢ ᠬᠡᠷᠡᠭᠵᠢᠭᠦᠯᠬᠦ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ 600 ᠬᠥᠮᠥᠨ ᠢ ᠰᠢᠭᠰᠢᠨ ᠪᠠᠶᠢᠴᠠᠭᠠᠬᠤ ᠡᠭᠦᠷᠭᠡ ᠶᠢ ᠳᠠᠪᠠᠭᠤᠯᠤᠨ | ᠪᠡᠶᠡᠯᠡᠭᠦᠯᠵᠦ᠂ ᠬᠥᠳᠡᠭᠡ ᠲᠣᠰᠬᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠡᠷᠲᠡ ᠣᠨᠣᠰᠢᠯᠠᠵᠤ ᠡᠷᠲᠡ | ᠵᠠᠰᠠᠬᠤ ᠨᠤᠷᠮ᠎ᠠ ᠶᠢ ᠳᠡᠭᠡᠭᠰᠢᠯᠡᠭᠦᠯᠪᠡ᠃ᠵᠡᠪᠰᠡᠭᠲᠦ ᠬᠦᠴᠦᠨ ᠤ ᠵᠥᠭᠡᠯᠡᠨ ᠬᠠᠲᠠᠭᠤ ᠬᠡᠷᠡᠭᠰᠡᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠶᠢᠨ ᠤ ᠪᠡᠯᠡᠳᠬᠡᠯ ᠤᠨ ᠡᠳ᠋ ᠪᠣᠳᠠᠰ | ᠪᠠᠭᠠᠵᠢ ᠬᠡᠷᠡᠭᠰᠡᠯ ᠤᠨ ᠬᠥᠮᠥᠷᠭᠡ ᠶᠢ ᠰᠢᠨ᠎ᠡ ᠪᠠᠷ ᠪᠠᠶᠢᠷᠢᠯᠠᠭᠤᠯᠤᠨ ᠬᠠᠮᠠᠭᠠᠯᠠᠵᠤ᠂ ᠲᠠᠶᠢᠨ ᠤ ᠪᠡᠯᠡᠳᠬᠡᠯ ᠤᠨ ᠪᠠᠭᠠᠵᠢ | ᠬᠡᠷᠡᠭᠰᠡᠯ ᠢ ᠨᠡᠮᠡᠨ ᠲᠣᠬᠢᠷᠠᠭᠤᠯᠤᠭᠰᠠᠨ ᠪᠥᠭᠡᠳ ᠲᠦᠷᠦᠯ ᠬᠤᠪᠢᠶᠠᠬᠤ ᠪᠠ ᠢᠯᠡᠳᠬᠡᠭᠴᠢ ᠲᠡᠮᠳᠡᠭ ᠲᠠᠯᠪᠢᠪᠠ᠃ | ᠡᠷᠦᠬᠡ ᠶᠢᠨ ᠴᠡᠷᠢᠭ ᠤᠨ ᠰᠤᠮᠤᠨ ᠤ ᠬᠡᠯᠲᠡᠰ ᠢ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠰᠢᠶᠣᠣ ᠭᠧ ᠫᠢᠩ ᠲᠣᠰᠬᠤᠨ ᠳᠤ ᠡᠷᠦᠬᠡ ᠶᠢᠨ ᠴᠡᠷᠢᠭ ᠤᠨ ᠰᠤᠮᠤᠨ ᠤ ᠬᠡᠯᠲᠡᠰ ᠢ ᠪᠠᠶᠢᠭᠤᠯᠪᠠ᠃ᠪᠦᠬᠦ ᠰᠢᠶᠠᠩ ᠤᠨ | ᠰᠤᠷᠬᠤ ᠨᠠᠰᠤᠨ ᠤ 4 ᠵᠠᠯᠠᠭᠤᠴᠤᠳ ᠢ ᠴᠡᠷᠢᠭ ᠲᠤ ᠡᠯᠰᠡᠬᠦ ᠠᠵᠢᠯ ᠢ ᠤᠷᠤᠭᠰᠢᠲᠠᠢ ᠪᠡᠶᠡᠯᠡᠭᠦᠯᠪᠡ᠃ᠴᠡᠷᠢᠭ ᠠᠴᠠ | ᠬᠠᠯᠠᠭᠳᠠᠭᠰᠠᠳ ᠤᠨ ᠠᠵᠢᠯ ᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ 95 ᠬᠥᠮᠥᠨ ᠳᠤ ᠠᠰᠠᠷᠠᠨ | ᠬᠠᠷᠠᠭᠠᠯᠵᠠᠬᠤ ᠦᠨᠡᠮᠯᠡᠯ ᠣᠯᠭᠤᠵᠤ᠂ ᠠᠰᠠᠷᠠᠨ ᠬᠠᠷᠠᠭᠠᠯᠵᠠᠬᠤ ᠡᠲᠡᠭᠡᠳ ᠲᠤ 67.03 ᠲᠦᠮᠡᠨ ᠲᠥᠭᠦᠷᠢᠭ ᠤᠨ | ᠨᠥᠬᠦᠪᠦᠷᠢ ᠣᠯᠭᠤᠵᠤ᠂ ᠪᠡᠯᠪᠡᠰᠦᠨ ᠡᠬᠡᠨᠡᠷ ᠲᠤ 4.21 ᠲᠦᠮᠡᠨ ᠲᠥᠭᠦᠷᠢᠭ ᠤᠨ ᠨᠥᠬᠦᠪᠦᠷᠢ ᠣᠯᠭᠤᠪᠠ᠃ | ︵ᠲᠠᠪᠤ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ | ᠴᠢᠳᠠᠪᠤᠷᠢ ᠶᠢᠨ ᠠᠯᠬᠤᠴᠠ ᠶᠢ ᠲᠠᠰᠤᠷᠠᠯᠲᠠ ᠦᠭᠡᠢ ᠯᠠᠪᠳᠠᠭᠤᠨ ᠪᠣᠯᠭᠠᠨ᠎ᠠ᠃ᠨᠢᠭᠡ ᠳᠤ ᠨᠡᠶᠢᠭᠡᠮ ᠤᠨ ᠵᠠᠰᠠᠯᠲᠠ ᠶᠢᠨ | ᠠᠵᠢᠯ ᠢ ᠴᠢᠩᠭ᠎ᠠ ᠠᠳᠬᠤᠪᠠ᠃ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠰᠦᠯᠵᠢᠶᠡᠵᠢᠭᠦᠯᠦᠨ | ᠵᠠᠰᠠᠬᠤ ᠶᠢ ᠬᠥᠲᠥᠯᠥᠨ ᠳᠠᠭᠠᠭᠤᠯᠬᠤ ᠶᠢ ᠢᠳᠡᠪᠬᠢᠲᠡᠢ ᠠᠬᠢᠭᠤᠯᠵᠤ᠂ ︽ᠰᠦᠯᠵᠢᠶᠡᠨ ᠤ ᠬᠠᠮᠢᠶᠠᠷᠤᠭᠴᠢ + | ᠰᠦᠯᠵᠢᠶᠡᠨ ᠤ ᠳᠠᠷᠤᠭ᠎ᠠ + ᠰᠦᠯᠵᠢᠶᠡᠨ ᠤ ᠠᠵᠢᠯᠲᠠᠨ︾ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠰᠢᠯᠭᠠᠯᠲᠠ ᠪᠠᠷ ᠳᠡᠮᠵᠢᠨ 31 ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠢ ᠰᠣᠩᠭᠤᠨ ᠭᠠᠷᠭᠠᠪᠠ᠂ | ᠡᠭᠦᠨ ᠳᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠨᠢ 3 ᠪᠣᠶ ᠃50 ᠨᠠᠰᠤᠨ ᠠᠴᠠ ᠳᠣᠷᠣᠭᠰᠢᠬᠢ | ᠬᠥᠮᠥᠨ ᠳᠤ 27 ᠬᠥᠮᠥᠨ ᠪᠠᠶᠢᠵᠤ᠂ 87% ᠶᠢ ᠡᠵᠡᠯᠡᠵᠦ᠂ ᠰᠦᠯᠵᠢᠶᠡᠨ ᠤ ᠠᠵᠢᠯᠲᠠᠨ ᠢ ᠵᠠᠯᠠᠭᠤᠵᠢᠭᠤᠯᠵᠤ᠂ | ᠰᠦᠯᠵᠢᠶᠡᠨ ᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ᠵᠠᠬᠢᠳᠠᠯ ᠰᠣᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠰᠤᠮᠤᠨ ᠤ ᠱᠠᠲᠤᠨ ᠳᠤ 1 ᠣᠷᠣᠯᠠᠨ | ᠭᠦᠢᠴᠡᠳᠬᠡᠬᠦ ᠦᠷᠳᠡᠭᠡ᠂ 36 ᠭᠠᠴᠠᠭᠠᠨ ᠤ ᠱᠠᠲᠤᠨ ᠤ ᠣᠷᠣᠯᠠᠨ ᠭᠦᠢᠴᠡᠳᠬᠡᠬᠦ ᠴᠡᠭ ᠢ ᠪᠠᠶᠢᠭᠤᠯᠵᠤ᠂ ᠰᠤᠮᠤᠨ ᠤ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠬᠠᠮᠲᠤᠷᠠᠨ ᠰᠢᠢᠳᠪᠦᠷᠢᠯᠡᠬᠦ ᠲᠥᠪ ᠤᠨ 2 | ᠠᠵᠢᠯᠲᠠᠨ ᠢᠶᠠᠷ ᠰᠤᠮᠤᠨ ᠤ ᠱᠠᠲᠤᠨ ᠤ ᠣᠷᠣᠯᠠᠨ ᠭᠦᠢᠴᠡᠳᠭᠡᠭᠴᠢ ᠪᠣᠯᠭᠠᠵᠤ᠂ 36 ᠭᠠᠴᠠᠭᠠᠨ ᠤ ᠨᠠᠮ ᠤᠨ | ᠡᠭᠦᠷ ᠤᠨ ᠱᠦᠵᠢ ᠪᠠᠷ ᠭᠠᠴᠠᠭᠠᠨ ᠤ ᠱᠠᠲᠤᠨ ᠤ ᠣᠷᠣᠯᠠᠨ ᠭᠦᠢᠴᠡᠳᠭᠡᠭᠴᠢ ᠪᠣᠯᠭᠠᠵᠤ᠂ ᠤᠯᠠᠨ ᠲᠦᠮᠡᠨ ᠤ ᠵᠠᠬᠢᠳᠠᠯ | ᠰᠣᠷᠪᠤᠯᠵᠢᠯᠠᠭ᠎ᠠ ᠶᠢ ︽ᠬᠠᠪᠰᠤᠷᠬᠤ ᠬᠥᠮᠥᠨ ᠪᠤᠢ᠂ ᠣᠷᠣᠯᠠᠨ ᠭᠦᠢᠴᠡᠳᠬᠡᠬᠦ ᠬᠥᠮᠥᠨ ᠪᠤᠢ︾᠂ ᠵᠠᠬᠢᠳᠠᠯ | ᠰᠣᠷᠪᠤᠯᠵᠢᠯᠠᠭ᠎ᠠ ᠶᠢᠨ ᠤᠯᠠᠨ ᠲᠦᠮᠡᠨ ᠢ ︽ᠨᠢᠭᠡ ᠤᠳᠠᠭ᠎ᠠ ᠬᠠᠮᠤᠭ ᠤᠨ ᠤᠯᠠᠨ ᠳᠠᠭᠠᠨ ᠨᠢᠭᠡ ᠤᠳᠠᠭ᠎ᠠ | ᠰᠤᠷᠪᠤᠯᠵᠢᠯᠠᠬᠤ︾ ᠳᠤ ᠬᠦᠷᠦᠭᠦᠯᠪᠡ᠃ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ | ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠰᠢᠶᠠᠩ᠂ ᠲᠣᠰᠬᠤᠨ ᠬᠤᠶᠠᠷ ᠱᠠᠲᠤᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠢ ᠠᠬᠢᠭᠤᠯᠬᠤ ᠬᠤᠷᠠᠯ ᠢ | ᠪᠠᠶᠢᠭᠤᠯᠤᠨ᠂ ᠡᠯ᠎ᠡ ᠲᠥᠷᠥᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠲᠣᠰᠬᠤᠨ ᠢ ᠡᠭᠦᠳᠦᠨ ᠪᠠᠶᠢᠭᠤᠯᠬᠤ ᠪᠠ ᠡᠯ᠎ᠡ ᠲᠥᠷᠥᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ᠬᠤᠶᠠᠷ ᠲᠤ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠠᠵᠢᠯ ᠢ ᠨᠠᠷᠢᠨ | ᠠᠳᠬᠤᠪᠠ᠃ᠳᠡᠭᠡᠷ᠎ᠡ ᠬᠠᠭᠠᠰ ᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ | ᠪᠠᠶᠢᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ 24 ᠴᠠᠭ ᠤᠨ ᠵᠠᠬᠢᠳᠠᠯ ᠰᠣᠷᠪᠤᠯᠵᠢᠯᠠᠭ᠎ᠠ ᠶᠢᠨ | ᠵᠢᠵᠢᠭᠦᠷᠯᠡᠨ ᠵᠢᠵᠢᠭᠦᠷᠯᠡᠨ ᠰᠠᠬᠢᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠭᠰᠢ ᠰᠤᠷᠪᠤᠯᠵᠢᠯᠠᠬᠤ | ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠬᠠᠨᠳᠤᠭᠤᠯᠵᠠᠢ᠃ᠰᠧ ᠵᠢᠢ ᠴᠢᠩ ᠤᠨ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠲᠣᠬᠢᠲᠠᠢ ᠰᠢᠢᠳᠪᠦᠷᠢᠯᠡᠵᠦ᠂ ᠬᠡᠷᠡᠭᠯᠡᠬᠦ ᠶᠢᠨ ᠠᠷᠭ᠎ᠠ ᠦᠭᠡᠢ 91 ᠲᠣᠮᠣ ᠫᠧᠩ ᠢ | ᠨᠤᠷᠠᠭᠠᠵᠤ᠂ 560 ᠮᠦ ᠲᠠᠯᠠᠪᠠᠶ ᠶᠢ ᠨᠤᠷᠠᠭᠠᠵᠤ᠂ 2023 ᠣᠨ ᠤ ᠭᠠᠵᠠᠷ ᠰᠢᠷᠣᠢ ᠶᠢᠨ ᠡᠷᠭᠢᠯᠲᠡ ᠶᠢᠨ ᠵᠠᠷᠤᠳᠠᠯ | 70.02 ᠲᠦᠮᠡᠨ ᠲᠥᠭᠦᠷᠢᠭ ᠥᠭᠪᠡ᠃ ᠰᠧ ᠵᠢᠢ ᠴᠢᠩ ᠤᠨ ᠭᠠᠴᠠᠭᠠᠨ ᠤ ᠠᠷᠠᠳ ᠤᠨ ᠭᠠᠵᠠᠷ ᠰᠢᠷᠣᠢ ᠶᠢᠨ | ᠡᠷᠭᠢᠯᠲᠡ ᠶᠢᠨ ᠰᠦᠢᠳᠬᠡᠯ ᠢ ᠥᠷᠢᠲᠦᠵᠦ ᠤᠳᠠᠭᠠᠰᠢᠷᠠᠭᠤᠯᠤᠭᠰᠠᠨ ᠬᠠᠮᠲᠤ ᠶᠢᠨ ᠵᠠᠬᠢᠳᠠᠯ ᠰᠣᠷᠪᠤᠯᠵᠢᠯᠠᠭ᠎ᠠ ᠶᠢᠨ | ᠳᠠᠯᠳᠠ ᠭᠡᠮ ᠢ ᠦᠨᠳᠦᠰᠦᠨ ᠠᠴᠠ ᠨᠢᠲ᠋ᠡᠭᠡᠷᠡ ᠬᠠᠭᠠᠰ ᠵᠢᠯ ᠳᠤ 19 ᠤᠳᠠᠭᠠᠨ ᠤ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠵᠦ᠂ 9 ᠪᠦᠯᠦᠭ ᠤᠳᠠᠭ᠎ᠠ ᠶᠢᠨ ᠰᠣᠷᠪᠤᠯᠵᠢᠯᠠᠭ᠎ᠠ ᠶᠢ ᠢᠯᠡ ᠪᠠᠷ ᠬᠦᠯᠢᠶᠡᠨ ᠠᠪᠴᠤ᠂ | ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ 130 ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ ᠵᠠᠬᠢᠳᠠᠯ | ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠨᠣᠷᠮ᠎ᠠ 100% ᠳᠤ ᠬᠦᠷᠴᠦ᠂ ᠱᠠᠲᠤ ᠠᠯᠤᠰᠯᠠᠨ ᠰᠤᠷᠪᠤᠯᠵᠢᠯᠠᠬᠤ | ᠨᠣᠷᠮ᠎ᠠ ᠢᠯᠡᠳᠲᠡ ᠳᠣᠷᠣᠭᠰᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠮᠣ ᠬᠡᠷᠡᠭ ᠢ ᠲᠤᠬᠠᠢ ᠶᠢᠨ ᠭᠠᠵᠠᠷ ᠲᠤ | ᠪᠦᠲᠦᠮᠵᠢᠲᠡᠶ ᠪᠠᠷ ᠰᠢᠢᠳᠪᠦᠷᠢᠯᠡᠵᠡᠢ᠃ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠪᠠᠷ ᠥᠷᠨᠢᠭᠦᠯᠵᠦ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ᠂ ᠭᠠᠵᠢᠭᠤ ᠨᠣᠮᠯᠠᠯ ᠢ ᠡᠰᠡᠷᠭᠦᠴᠡᠬᠦ᠂ | ᠨᠠᠰᠤᠵᠢᠯ ᠤᠨ ᠮᠡᠬᠡᠯᠡᠯ ᠢ ᠰᠡᠷᠭᠡᠶᠢᠯᠡᠬᠦ᠂ ᠤᠯᠤᠰ ᠤᠨ ᠠᠮᠤᠷ ᠲᠦᠪᠰᠢᠨ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ | ᠬᠢᠬᠦ ᠶᠢ ᠡᠰᠡᠷᠭᠦᠴᠡᠬᠦ ᠬᠠᠤᠯᠢ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠳᠡ 11 ᠤᠳᠠᠭ᠎ᠠ | ᠥᠷᠨᠢᠭᠦᠯᠵᠦ᠂ ᠤᠬᠠᠭᠤᠯᠭ᠎ᠠ ᠶᠢᠨ ᠳᠡᠪᠲᠡᠷ ᠢ 500 ᠭᠠᠷᠤᠢ ᠬᠤᠪᠢ ᠲᠠᠷᠬᠠᠭᠠᠪᠠ᠃ᠭᠤᠷᠪᠠ ᠳᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ᠎ᠠ᠃ᠬᠠᠷᠢᠶᠠᠲᠤ ᠣᠷᠣᠨ ᠤ ᠪᠠᠨ 13 ᠠᠵᠤ ᠠᠬᠤᠶᠢᠯᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠠᠶᠤᠯ ᠦᠭᠡᠢ | ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠂ ᠣᠶᠢᠷ᠎ᠠ ᠶᠢᠨ | ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠰᠤᠷᠭᠠᠮᠵᠢ ᠶᠢ | ᠭᠦᠨᠵᠡᠭᠡᠢ ᠰᠢᠩᠭᠡᠬᠡᠨ ᠠᠪᠴᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ | ᠂ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ᠂ ᠠᠶᠤᠯ ᠦᠭᠡᠢ ᠭᠠᠷᠬᠤ | ᠡᠭᠦᠳᠡ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠪᠠᠷᠢᠭᠰᠠᠨ ᠭᠡᠷ ᠪᠠᠶᠢᠰᠢᠩ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠂ ᠡᠭᠦᠨ ᠳᠤ᠂ 381 ᠠᠮᠤᠷ ᠲᠦᠪᠰᠢᠨ ᠤ ᠳᠠᠯᠳᠠ ᠬᠡᠮ | ᠣᠷᠣᠰᠢᠵᠤ᠂ 381 ᠭᠤᠷᠪᠠᠨ ᠲᠠᠯ᠎ᠠ ᠶᠢᠨ ᠬᠢᠨᠠᠨ ᠲᠣᠭᠲᠠᠭᠠᠯᠲᠠ ᠬᠢᠵᠦ᠂ 199 ᠳᠠᠯᠳᠠ ᠬᠡᠮ ᠢ ᠨᠢᠭᠡᠨᠲᠡ | ᠠᠷᠢᠯᠭᠠᠭᠰᠠᠨ ᠣᠷᠣᠨ ᠰᠠᠭᠤᠴᠠ ᠪᠠᠶᠢᠵᠤ᠂ 182 ᠡᠷᠦᠬᠡ ᠦᠯᠡᠳᠡᠵᠦ᠂ ᠣᠲᠣ ᠶᠠᠭ ᠲᠣᠭᠲᠠᠭᠤᠨ ᠢᠶᠠᠷ ᠠᠬᠢᠵᠤ | ᠪᠠᠶᠢᠨ᠎ᠠ᠃ | ︵ᠵᠢᠷᠭᠤᠭ᠎ᠠ︶ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠲᠣᠰ ᠪᠡᠶ᠎ᠡ ᠶᠢᠨ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠲᠠ ᠦᠭᠡᠢ ᠴᠢᠩᠳᠠᠯᠠᠨ᠎ᠠ᠃ᠨᠢᠭᠡ ᠳᠤ᠂ ᠡᠭᠦᠷᠭᠡᠯᠡᠨ | ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃︽ᠰᠤᠷᠲᠠᠯ ᠢᠶᠠᠨ ᠬᠤᠪᠢᠷᠠᠭᠤᠯᠤᠨ ᠰᠢᠨ᠎ᠡ ᠰᠤᠷᠲᠠᠯ ᠢ | ᠪᠣᠶ ᠪᠣᠯᠭᠠᠵᠤ ᠬᠠᠷᠢᠭᠤᠴᠠᠯᠭ᠎ᠠ ᠪᠠᠨ ᠴᠢᠩᠭᠠᠳᠬᠠᠬᠤ︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠰᠠᠯᠠᠭᠠᠨ ᠤ ᠲᠠᠰ ᠤᠨ ᠤᠳᠤᠷᠢᠳᠤᠯᠭ᠎ᠠ᠂ ᠰᠠᠯᠠᠭ᠎ᠠ ᠮᠥᠴᠢᠷ ᠤᠨ ᠵᠠᠩᠭᠢᠯᠠᠭ᠎ᠠ ᠶᠢᠨ ᠺᠠᠳ᠋ᠷᠴᠤᠳ ᠢ | ᠭᠠᠷᠠᠭ ᠪᠦᠷᠢ ︽ᠨᠢᠭᠡ ᠭᠠᠷᠠᠭ ᠲᠤ ᠨᠢᠭᠡ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ︾ ᠡᠬᠡ | ᠲᠠᠩᠰᠠ ᠪᠠᠨ ᠳᠡᠭᠡᠭᠰᠢ ᠮᠡᠳᠡᠭᠦᠯᠵᠦ᠂ ᠡᠭᠦᠷᠭᠡ ᠬᠠᠷᠠᠯᠲᠠ ᠪᠠᠨ ᠱᠠᠲᠤ ᠱᠠᠲᠤ ᠪᠠᠷ ᠬᠤᠪᠢᠶᠠᠷᠢᠯᠠᠨ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠶᠢ ᠰᠢᠮᠳᠠᠭᠤᠯᠤᠨ ᠪᠠᠶᠢᠴᠠᠭᠠᠵᠤ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ᠲᠣᠰᠬᠤᠨ ᠢ ᠳᠠᠭᠠᠭᠠᠴᠢᠯᠠᠭᠰᠠᠨ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠭᠠᠭᠠᠴᠢᠯᠠᠭᠰᠠᠨ ᠲᠣᠰᠬᠤᠨ ᠤ ᠭᠤᠣᠯᠳᠠᠯᠭ᠎ᠠ ᠲᠠᠢ | ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠠᠬᠢᠭᠤᠯᠵᠤ᠂ ᠡᠯ᠎ᠡ ᠲᠣᠰᠬᠤᠨ ᠢ ᠵᠢᠯᠣᠭᠤᠳᠤᠨ ᠬᠠᠪᠰᠤᠷᠴᠤ | ᠪᠠᠶᠢᠭᠠᠳ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ | ᠬᠡᠷᠡᠭᠲᠡᠢ᠃ᠬᠤᠶᠠᠷ ᠲᠤ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠨ ᠪᠠᠶᠢᠴᠠᠭᠠᠯᠲᠠ ᠬᠢᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠳᠡᠯᠭᠡᠷᠡᠭᠦᠯᠵᠦ᠂ ᠨᠠᠮ ᠵᠠᠰᠠᠭ ᠤᠨ ᠭᠤᠣᠯ ᠤᠳᠤᠷᠢᠳᠤᠯᠭ᠎ᠠ᠂ | ᠡᠯ᠎ᠡ ᠭᠠᠴᠠᠭᠠᠨ ᠤ ᠺᠠᠳ᠋ᠷᠴᠤᠳ ᠭᠠᠳᠠᠭᠰᠢ ᠭᠠᠷᠴᠤ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠡᠯ᠎ᠡ ᠲᠦᠷᠦᠯ ᠤᠨ | ᠪᠣᠯᠪᠠᠰᠤᠷᠠᠯ ᠳᠤ 10 ᠭᠠᠷᠤᠢ ᠤᠳᠠᠭ᠎ᠠ ᠣᠷᠣᠯᠴᠠᠪᠠ᠃ᠤᠳᠤᠷᠢᠳᠬᠤ ᠪᠠᠭ ᠤᠨ ᠪᠦᠷᠢᠯᠳᠦᠭᠦᠨ ᠨᠠᠷ ᠡᠯ᠎ᠡ | ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ | ᠶᠠᠪᠤᠳᠠᠯ ᠬᠢᠵᠦ ᠥᠭᠬᠦ︾ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠳ | ᠤᠯᠠᠨ ᠤ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠪᠡ᠃ | ᠭᠤᠷᠪᠠ ᠳᠤ ᠲᠥᠪ ᠭᠤᠣᠯᠴᠢ ᠠᠷᠢᠭᠤᠨ ᠴᠢᠬᠡᠴᠢ ᠪᠠᠷ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠬᠢᠬᠤ ᠬᠡᠷᠡᠭᠲᠡᠢ᠃ | ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠬᠤᠷᠢᠶᠠᠨ ᠤ ︽ᠨᠠᠢᠮᠠᠨ | ᠵᠦᠢᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠤᠨ ᠠᠰᠠᠭᠤᠳᠠᠯ ᠢ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ | ᠪᠣᠯ ᠬᠢᠵᠦ ᠪᠣᠯᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃ | ︵ᠲᠤᠯᠤᠭ᠎ᠠ︶ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ | ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠣᠳᠣᠬᠠᠨ ᠤ ᠬᠤᠶᠢᠲᠤ ᠰᠢᠷ᠎ᠠ ᠵᠤᠤᠰᠢᠶᠠᠩ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ᠂ ᠵᠠᠰᠠᠭ ᠤᠨ | ᠣᠷᠳᠣᠨ ᠤ ᠠᠵᠢᠯ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ | ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠂ ᠵᠢᠱᠢᠶᠡᠯᠡᠪᠡᠯ᠂ ᠪᠠᠶᠢᠭᠠᠯᠢ ᠶᠢᠨ ᠡᠬᠢ ᠪᠠᠶᠠᠯᠢᠭ ᠤᠨ ᠨᠥᠬᠦᠴᠡᠯ | ᠬᠠᠷᠢᠴᠠᠩᠭᠤᠢ ᠪᠠᠷ ᠬᠦᠷᠦᠯᠴᠡᠬᠦ ᠦᠭᠡᠢ ᠪᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠨᠥᠬᠦᠴᠡᠯ ᠢ | ᠲᠦᠷᠭᠡᠨ ᠰᠠᠶᠢᠵᠢᠷᠠᠭᠤᠯᠵᠤ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ᠠᠵᠤ ᠦᠢᠯᠡᠰ ᠤᠨ ᠪᠦᠲᠦᠴᠡ ᠳᠠᠩ ᠴᠤᠯᠭᠤᠢ | ᠪᠠᠶᠢᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠲᠡᠩᠴᠡᠭᠦᠷᠢ ᠦᠭᠡᠢᠠᠮᠢ ᠠᠬᠤᠢ ᠶᠢᠨ | ᠣᠳᠣᠬᠢ ᠪᠠᠶᠢᠳᠠᠯ ᠲᠡᠶᠢᠮᠦ ᠰᠠᠶᠢᠨ ᠪᠢᠰᠢ᠂ ᠣᠷᠴᠢᠨ ᠠᠬᠤᠢ ᠶᠢᠨ ᠪᠣᠬᠢᠷᠲᠤᠯ ᠤᠨ ᠠᠰᠠᠭᠤᠳᠠᠯ ᠬᠠᠶᠠ ᠭᠠᠷᠴᠤ | ᠪᠠᠶᠢᠨ᠎ᠠ ᠴᠥᠭᠡᠨ ᠲᠣᠭᠠᠨ ᠤ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠭᠰᠡᠨ ᠢᠶᠠᠷ | ᠬᠦᠷᠦᠯᠴᠡᠬᠦ ᠦᠭᠡᠢ᠂ ᠣᠪᠣᠷ ᠰᠤᠷᠲᠠᠯ ᠨᠢ ᠴᠢᠩᠭ᠎ᠠ ᠪᠢᠰᠢ᠂ ᠪᠣᠳᠠᠲᠠᠢ ᠪᠢᠰᠢ᠂ ᠨᠠᠷᠢᠯᠢᠭ ᠪᠢᠰᠢ᠂ ᠬᠠᠷᠢᠭᠤᠴᠠᠯᠭ᠎ᠠ | ᠡᠭᠦᠷᠭᠡᠯᠡᠬᠦ ᠦᠭᠡᠢ᠂ ᠠᠵᠢᠯ ᠬᠢᠬᠦ ᠦᠭᠡᠢ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠃ᠡᠳᠡᠭᠡᠷ ᠢ ᠪᠢᠳᠡ ᠴᠥᠮ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ | ᠰᠢᠢᠳᠪᠦᠷᠢᠯᠡᠬᠦ ᠬᠡᠷᠡᠭᠲᠡᠢ᠃ | | | ᠬᠤᠶᠠᠷ᠂ 2023 ᠣᠨ ᠤ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ | | | ᠳᠣᠣᠷ᠎ᠠ ᠬᠠᠭᠠᠰ ᠵᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠨᠢ ᠪᠦᠭᠦ ᠰᠢᠶᠠᠩ ᠤᠨ | ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠪᠦᠭᠦ ᠲᠠᠯ᠎ᠠ ᠶᠢᠨ ᠲᠠᠪᠰᠢᠯᠳᠡ ᠶᠢ | ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ᠪᠢᠳᠡ ᠬᠥᠭᠵᠢᠯᠲᠡ ᠶᠢᠨ ᠰᠡᠳᠬᠢᠴᠡ ᠪᠠᠨ ᠤᠯᠠᠮ | ᠴᠢᠨᠠᠭᠰᠢᠳᠠ ᠰᠢᠨᠡᠴᠢᠯᠡᠵᠦ᠂ ᠬᠥᠭᠵᠢᠯᠲᠡ ᠶᠢᠨ ᠠᠷᠭ᠎ᠠ ᠬᠡᠮᠵᠢᠶ᠎ᠡ ᠪᠠᠨ ᠪᠠᠲᠤᠳᠬᠠᠵᠤ᠂ ᠠᠵᠤ ᠠᠬᠤᠢ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠩ ᠤᠨ ᠡᠯ᠎ᠡ | ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠠᠮᠤᠷ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ | ᠬᠥᠭᠵᠢᠯᠲᠡ ᠶᠢ ᠠᠬᠢᠭᠤᠯᠤᠨ ᠠᠯᠬᠤᠮ ᠠᠯᠬᠤᠮ ᠢᠶᠠᠷ ᠤᠷᠤᠭᠰᠢᠯᠠᠭᠤᠯᠤᠨ᠎ᠠ | ᠨᠢᠭᠡ ᠳᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ᠪᠡᠯᠡ | ᠮᠥᠩᠭᠦ ᠶᠢ ᠵᠣᠯᠭᠠᠭᠤᠯᠬᠤ ᠫᠷᠤᠭ᠍ᠷᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠪᠡᠯᠡ ᠮᠥᠩᠭᠦ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠠᠵᠤ ᠦᠢᠯᠡᠰ ᠤᠨ ᠮᠡᠷᠭᠡᠵᠢᠯ᠂ ᠪᠡᠯᠡᠳᠬᠡᠮᠵᠢ᠂ ᠡᠵᠡᠩᠨᠡᠨ ᠪᠣᠷᠣᠯᠠᠭᠤᠯᠤᠯᠲᠠ ᠵᠡᠷᠭᠡ ᠶᠢᠨ | ᠳᠤᠲᠠᠭᠤᠳᠠᠯ ᠢ ᠨᠥᠬᠦᠪᠦᠷᠢᠯᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠶᠢ ᠠᠬᠢᠭᠤᠯᠤᠨ᠎ᠠ᠃ᠬᠤᠶᠠᠷ ᠲᠤ ᠤᠳᠤ ᠦᠶ᠎ᠡ ᠶᠢᠨ ᠲᠠᠷᠢᠶᠠᠯᠠᠩ ᠢ ᠯᠠᠪᠳᠠᠭᠤᠨ ᠢᠶᠠᠷ ᠬᠥᠭᠵᠢᠭᠦᠯᠦᠨ᠎ᠡ᠃ | ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠬᠤᠷᠢᠭᠯᠠᠬᠤ | ᠬᠡᠷᠡᠭᠲᠡᠢ ᠃ᠭᠠᠵᠠᠷ ᠰᠢᠷᠣᠢ ᠶᠢ ᠲᠡᠭᠰᠢᠯᠡᠬᠦ ᠫᠷᠤᠭ᠍ᠷᠡᠮ ᠢ ᠶᠡᠬᠡᠪᠡᠷ ᠲᠦᠯᠬᠢᠨ ᠠᠬᠢᠭᠤᠯᠵᠤ᠂ ᠨᠦᠯᠦᠮᠡᠯ ᠭᠠᠵᠠᠷ ᠤᠨ | ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ | ᠃ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠬᠡᠪᠴᠢᠶ᠎ᠡ ᠶᠢ ᠢᠳᠡᠪᠬᠢᠲᠡᠢ ᠪᠠᠷ ᠥᠷᠭᠡᠳᠬᠡᠬᠦ ᠬᠡᠷᠡᠭᠲᠡᠢ᠃ | ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠵᠡᠷᠭᠡ ᠲᠠᠷᠢᠮᠠᠯ ᠤᠨ ᠬᠥᠲᠥᠴᠢ ᠠᠵᠤ | ᠠᠬᠤᠶᠢᠯᠠᠯ ᠤᠨ ᠬᠥᠭᠵᠢᠯᠲᠡ ᠶᠢ ᠦᠷᠭᠦᠯᠵᠢᠯᠡᠨ ᠳᠡᠮᠵᠢᠨ᠎ᠡ ᠃ᠲᠠᠷᠢᠶᠠᠯᠠᠩ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ᠎ᠡ᠃ᠭᠤᠷᠪᠠ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠡᠯ᠎ᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠪᠣᠯᠣᠨ ᠦᠢᠯᠡᠰ ᠪᠣᠰᠬᠠᠵᠤ ᠠᠮᠵᠢᠯᠲᠠ ᠣᠯᠣᠭᠰᠠᠨ ᠬᠥᠮᠥᠰ | ᠵᠢᠴᠢ ᠨᠤᠲᠤᠭ ᠤᠨ ᠡᠷᠳᠡᠮᠲᠡᠨ ᠴᠢᠳᠠᠪᠤᠷᠢᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ ᠫᠷᠤᠭ᠍ᠷᠡᠮ ᠢ | ᠲᠡᠮᠡᠴᠡᠨ ᠣᠯᠬᠤ᠂ ᠫᠷᠤᠭ᠍ᠷᠡᠮ ᠢ ᠬᠥᠭᠡᠭᠡᠴᠡᠯᠳᠦᠬᠦ︾ ᠦᠵᠡᠯ ᠤᠬᠠᠮᠰᠠᠷ ᠢ ᠪᠣᠶ ᠪᠣᠯᠭᠠᠵᠤ᠂ ᠠᠩ ᠷᠠᠨ ᠮᠠᠯ ᠠᠵᠤ | ᠠᠬᠤᠢ ᠶᠢᠨ ᠬᠢᠵᠠᠭᠠᠷᠲᠤ ᠺᠣᠮᠫᠠᠨᠢ᠂ ᠲᠦᠩ ᠹᠦ᠋ ᠴᠢᠤᠸᠠᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠯᠦᠭᠡ | ᠬᠠᠮᠲᠤᠷᠠᠯᠴᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠲᠤ ᠬᠦᠴᠦᠨ ᠲᠠᠢ᠂ ᠢᠲᠡᠭᠡᠯ ᠬᠦᠨᠳᠦ ᠪᠠᠷ | ᠰᠠᠶᠢᠨ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠪᠣᠳᠠᠲᠤ ᠬᠦᠴᠦᠨ | ᠪᠠ ᠲᠡᠷᠢᠭᠦᠨ ᠤ ᠡᠵᠡᠩᠨᠡᠯᠲᠡ ᠶᠢᠨ ᠣᠨᠣᠯᠵᠢᠬᠤᠨ ᠢ ᠠᠰᠢᠭᠯᠠᠨ᠂ ᠲᠣᠰᠬᠤᠨ ᠤ ᠠᠵᠤ ᠠᠬᠤᠶᠢᠯᠠᠯ ᠤᠨ ︽ | ᠬᠠᠮᠲᠤᠷᠠᠯᠴᠠᠵᠤ ᠬᠠᠮᠲᠤᠪᠠᠷ ᠠᠰᠢᠭ ᠭᠥᠷᠳᠡᠬᠦ︾ ᠵᠠᠭᠪᠤᠷ ᠢᠶᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ | ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ | ᠃ | ︵ᠬᠤᠶᠠᠷ︶ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠬᠦᠴᠦᠯᠡᠨ ᠪᠠᠲᠤᠯᠠᠵᠤ᠂ ᠤᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ | ᠨᠢᠭᠡ ᠳᠤ ᠠᠷᠠᠳ ᠤᠨ ᠠᠮᠢᠳᠤᠷᠠᠯ ᠤᠨᠪᠥ᠋ᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ | ᠥᠷᠭᠡᠳᠬᠡᠬᠦ ᠠᠵᠢᠯ ᠢ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ | ᠪᠠ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ | ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠤᠨ᠎ᠠ᠃ | ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠶᠢ ᠴᠢᠩᠭᠠᠳᠬᠠᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯ ᠲᠠᠢ ᠬᠥᠮᠥᠰ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠭᠤᠣᠯᠳᠠᠯᠭ᠎ᠠ ᠲᠠᠢ ᠠᠰᠠᠷᠠᠨ | ᠬᠠᠷᠠᠭᠠᠯᠵᠠᠬᠤ ᠡᠲᠡᠭᠡᠳ᠂ ᠵᠡᠮᠳᠡᠭᠴᠦᠳ ᠵᠡᠷᠭᠡ ᠣᠨᠴᠠᠭᠠᠢ ᠬᠠᠮᠲᠤᠯᠢᠭ ᠤᠨ ᠨᠡᠶᠢᠭᠡᠮ ᠤᠨ ᠠᠪᠤᠷᠠᠨ ᠲᠤᠰᠠᠯᠠᠬᠤ | ᠠᠵᠢᠯ ᠢ ᠰᠠᠶᠢᠲᠤᠷ ᠬᠢᠨ᠎ᠡ᠃ᠠᠵᠢᠯ ᠣᠯᠭᠤᠬᠤ ᠪᠠ ᠠᠵᠢᠯᠴᠢᠨ ᠡᠯᠰᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢ | ᠴᠢᠩᠭᠠᠳᠬᠠᠵᠤ᠂ ᠬᠦᠴᠢᠷᠳᠡᠯ ᠲᠠᠢ ᠬᠥᠮᠥᠰ ᠤᠨ ᠲᠣᠭᠲᠠᠭᠤᠨ ᠢᠶᠠᠷ ᠠᠵᠢᠯ ᠣᠯᠬᠤ ᠶᠢ ᠢᠳᠡᠪᠬᠢᠲᠡᠢ ᠪᠠᠷ ᠲᠦᠯᠬᠢᠨ | ᠠᠬᠢᠭᠤᠯᠤᠨ᠎ᠠ᠃ᠬᠤᠶᠠᠷ ᠲᠤ ᠨᠡᠶᠢᠭᠡᠮ ᠤᠨ ᠦᠢᠯᠡᠰ ᠢ ᠬᠥᠭᠵᠢᠭᠦᠯᠦᠨ᠎ᠡ᠃ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠢ ᠳᠡᠮᠵᠢᠵᠦ᠂ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠵᠦ᠂ ᠰᠤᠷᠬᠤ ᠨᠠᠰᠤᠨ ᠤ ᠬᠦᠴᠢᠷᠳᠡᠯᠲᠡᠢ | ᠰᠤᠷᠤᠭᠴᠢᠳ ᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠷ᠎ᠠ ᠪᠣᠷᠣᠭᠠᠨ ᠤ | ᠲᠥᠯᠥᠪᠯᠡᠭᠡ︾ ᠶᠢ ᠯᠠᠪᠳᠠᠭᠤᠨ ᠢᠶᠠᠷ ᠠᠬᠢᠭᠤᠯᠤᠨ᠎ᠠ᠃ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠭᠦᠨᠵᠡᠭᠡᠢ | ᠠᠬᠢᠭᠤᠯᠵᠤ᠂ ᠴᠡᠷᠢᠭ ᠡᠯᠰᠡᠬᠦ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠴᠡᠷᠢᠭ ᠠᠴᠠ | ᠬᠠᠯᠠᠭᠳᠠᠭᠰᠠᠳ ᠲᠤ ᠦᠢᠯᠡᠴᠢᠯᠡᠬᠦ ᠠᠵᠢᠯ ᠢ ᠰᠠᠶᠢᠲᠤᠷ ᠬᠢᠨ᠎ᠡ᠃ᠭᠤᠷᠪᠠ ᠳᠤ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠡᠭᠦᠳᠦᠨ ᠪᠠᠶᠢᠭᠤᠯᠤᠨ᠎ᠠ᠃ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ | ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠷᠥᠰᠥ ᠰᠢᠷᠣᠢ ᠶᠢᠨ ᠪᠣᠬᠢᠷᠲᠤᠯ ᠵᠡᠷᠭᠡ ᠶᠢ | ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠦᠷᠭᠦᠯᠵᠢᠯᠡᠨ | ᠠᠬᠢᠭᠤᠯᠵᠤ᠂ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠢ ᠭᠦᠨᠵᠡᠭᠡᠢ ᠠᠬᠢᠭᠤᠯᠵᠤ᠂ ᠤᠰᠤᠨ ᠤ ᠡᠬᠢ | ᠪᠠᠶᠠᠯᠢᠭ᠂ ᠣᠶ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠠᠰᠤᠷᠠᠯᠲᠠ ᠦᠭᠡᠢ | ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ | ᠲᠠᠯ᠎ᠠ ᠪᠠᠷ ᠪᠣᠶ ᠪᠣᠯᠭᠠᠨ᠎ᠠ᠃ | ︵ᠭᠤᠷᠪᠠ︶ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠴᠢᠩᠭᠠᠳᠬᠠᠵᠤ᠂ | ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠎ᠡ | ᠨᠢᠭᠡ ᠳᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ︽ᠶᠡᠬᠡᠪᠡᠷ ᠰᠤᠷᠪᠤᠯᠵᠢᠯᠠᠬᠤ᠂ | ᠶᠡᠬᠡᠪᠡᠷ ᠵᠢᠭᠰᠠᠭᠠᠨ ᠪᠠᠶᠢᠴᠠᠭᠠᠬᠤ︾ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢ | ᠰᠦᠯᠵᠢᠶᠡᠵᠢᠭᠦᠯᠬᠦ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠣᠨᠴᠣᠭᠤᠢ | ᠬᠥᠮᠥᠰ ᠢ ᠬᠠᠷᠠᠭᠠᠯᠵᠠᠨ ᠬᠠᠮᠠᠭᠠᠯᠠᠵᠤ ᠬᠠᠮᠢᠶᠠᠷᠤᠨ ᠡᠵᠡᠮᠳᠡᠬᠦ ᠠᠵᠢᠯ ᠪᠠ ᠭᠤᠣᠯᠳᠠᠯᠭ᠎ᠠ ᠲᠠᠢ ᠵᠠᠬᠢᠳᠠᠯ | ᠰᠣᠷᠪᠤᠯᠵᠢᠯᠠᠭ᠎ᠠ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠤᠶᠠᠷ ᠲᠤ᠂ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ᠬᠥᠳᠡᠭᠡ ᠲᠣᠰᠬᠤᠨ ᠤ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠢᠨᠠᠨ ᠡᠵᠡᠮᠳᠡᠬᠦ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠵᠦ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠡᠷᠡᠰ ᠬᠠᠮᠠᠭᠠᠯᠠᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ | ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠪᠦᠬᠦ | ᠠᠷᠠᠳ ᠤᠨ ᠬᠠᠤᠯᠢ ᠶᠢ ᠰᠠᠬᠢᠬᠤ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠨ᠎ᠡ᠃ ᠭᠤᠷᠪᠠ ᠳᠤ᠂ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ ᠪᠤᠢ ᠪᠣᠯᠭᠠᠨ᠎ᠠ᠃ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ | ᠳᠦᠷᠢᠮ ᠢ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ᠂ ᠪᠠᠲᠤᠯᠠᠭ᠎ᠠ ᠶᠢᠨ ᠴᠢᠳᠠᠪᠤᠷᠢ | ᠪᠣᠯᠣᠨ ᠬᠢᠨᠠᠨ ᠬᠠᠮᠢᠶᠠᠷᠬᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠭᠤᠣᠯ ᠤᠨ ᠵᠠᠮ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠢᠳᠡᠭᠡᠨ ᠪᠠ ᠡᠮ ᠤᠨ ᠵᠦᠢᠯ ᠵᠡᠷᠭᠡ | ᠬᠦᠷᠢᠶᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠶᠤᠯ ᠦᠭᠡᠢ ᠶᠢᠨ ᠡᠯ᠎ᠡ | ᠲᠥᠷᠥᠯ ᠤᠨ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ᠭᠠᠯ ᠢ ᠰᠡᠷᠭᠡᠶᠢᠯᠡᠬᠦ᠂ | ᠦᠶᠡᠷ ᠢ ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | | ᠬᠤᠶᠢᠲᠤ ᠰᠢᠷ᠎ᠠ ᠵᠤᠤ ᠰᠢᠶᠠᠩ ᠤᠨ ᠠᠷᠠᠳ ᠤᠨ ᠵᠠᠰᠠᠭ ᠤᠨ ᠣᠷᠳᠣᠨ | 2023 ᠣᠨ ᠤ 10 ᠰᠠᠷ᠎ᠠ ᠶᠢᠨ 7 ᠤ ᠡᠳᠦᠷ | |