ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/10
ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠬᠤᠰᠢᠭᠤᠨ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄         ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ  ᠪᠠᠷ ᠲᠦᠯᠬᠢᠨ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠠᠵᠢᠯ ᠤᠨ ᠭᠤᠣᠯᠳᠠᠯᠭ᠎ᠠ  ᠶᠢ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ︽ᠬᠥᠬᠡᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠶᠤᠴᠢᠯᠠᠯ ᠤᠨ ᠮᠡᠳᠡᠭᠡ ᠵᠠᠩᠭᠢ ᠶᠢ ᠦᠨᠳᠦᠰᠦᠯᠡᠨ ᠴᠠᠭ ᠲᠤᠬᠠᠢ ᠳᠤᠨᠢ ᠬᠠᠷᠢᠭᠤ ᠥᠭᠬᠦ ᠦᠭᠡᠢ᠂ ᠬᠠᠷᠢᠭᠤ ᠥᠭᠬᠦ ᠶᠢ ᠲᠡᠪᠴᠢᠬᠦ᠂ ᠢᠯᠡ ᠪᠣᠯᠭᠠᠬᠤ ᠨᠢ ᠰᠠᠨᠠᠭᠠᠴᠢᠯᠠᠭ᠎ᠠ ᠲᠠᠢ ᠪᠢᠰᠢ᠂ ᠴᠠᠭ ᠲᠤᠬᠠᠢ ᠳᠤᠨᠢ ᠢᠯᠡ ᠪᠣᠯᠭᠠᠬᠤ ᠦᠭᠡᠢ ᠪᠠ ᠢᠯᠡ ᠪᠣᠯᠭᠠᠬᠤ ᠦᠷ᠎ᠡ ᠪᠦᠲᠦᠮᠵᠢ ᠨᠢ ᠰᠠᠨᠠᠭᠠᠨ ᠳᠤ ᠬᠦᠷᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠣᠭᠲᠠᠭᠤᠨ ᠢᠶᠠᠷ ᠤᠷᠤᠭᠰᠢᠯᠠᠭᠤᠯᠤᠨ᠂ ᠡᠮᠬᠢ ᠵᠢᠷᠤᠮ ᠲᠠᠢ ᠥᠷᠨᠢᠭᠦᠯᠵᠦ᠂ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ     ︵ᠨᠢᠭᠡ︶ ︽ᠲᠠᠪᠤ ᠶᠢ ᠢᠯᠡ ᠪᠣᠯᠭᠠᠬᠤ︾ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ᠃  ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ ᠵᠠᠷᠴᠢᠮ ᠢ ᠪᠠᠷᠢᠮᠲᠠᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ᠢ ᠨᠠᠶᠢᠳᠠᠪᠤᠷᠢᠵᠢᠭᠤᠯᠬᠤ ︽ᠲᠠᠪᠤ ᠶᠢ ᠢᠯᠡ ᠪᠣᠯᠭᠠᠬᠤ︾ ᠪᠠᠷ ᠭᠤᠣᠯᠯᠠᠭᠤᠯᠤᠨ᠂ ᠠᠵᠢᠯ ᠤᠨ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠤᠨ᠂ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠵᠡᠷᠭᠡ ᠶᠢ ᠢᠯᠡ ᠪᠣᠯᠭᠠᠭᠰᠠᠨ ᠪᠠᠶᠢᠳᠠᠯ ᠳᠤ ᠨᠢᠭᠡ ᠤᠳᠠᠭᠠᠨ ᠤ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃     ︵ᠬᠤᠶᠠᠷ︶ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃  ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠯᠣᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠥᠪᠡᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃     ︵ᠭᠤᠷᠪᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠡᠳ ᠴᠢᠬᠤᠯᠠ ᠶᠡᠭᠡ ᠲᠥᠷᠥ ᠶᠢᠨ ᠪᠣᠳᠣᠯᠭ᠎ᠠ ᠲᠣᠭᠲᠠᠭᠠᠬᠤ ᠠᠵᠢᠯ ᠢ ᠵᠡᠷᠭᠡ ᠳᠤᠨᠢ ᠵᠣᠬᠢᠶᠠᠨ ᠪᠠᠶᠢᠭᠤᠯᠵᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠵᠤ᠂ ᠵᠡᠷᠭᠡ ᠳᠤᠨᠢ ᠪᠠᠶᠢᠷᠢᠯᠠᠭᠤᠯᠵᠤ᠂ ᠲᠠᠶᠢᠯᠤᠮᠵᠢ ᠬᠢᠭᠰᠡᠨ ᠮᠠᠲ᠋ᠧᠷᠢᠶᠠᠯ ᠢ ᠪᠢᠴᠢᠭ ᠮᠠᠲ᠋ᠧᠷᠢᠶᠠᠯ ᠢ ᠢᠯᠡ ᠪᠣᠯᠭᠠᠭᠰᠠᠨ ᠤ ᠳᠠᠷᠠᠭᠠᠬᠢ 3 ᠠᠵᠢᠯ ᠤᠨ ᠡᠳᠦᠷ ᠤᠨ ᠳᠣᠲᠣᠷ᠎ᠠ ᠴᠠᠭ ᠲᠤᠬᠠᠢ ᠳᠤᠨᠢ ᠢᠯᠡ ᠪᠣᠯᠭᠠᠨ᠎ᠠ᠃ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ ᠠᠵᠢᠯ ᠢ ᠭᠦᠨᠵᠡᠭᠡᠢ ᠰᠠᠶᠢᠲᠤᠷ ᠬᠢᠬᠦ ᠬᠡᠷᠡᠭᠲᠡᠢ     ︵ᠨᠢᠭᠡ︶ ᠭᠤᠶᠤᠴᠢᠯᠠᠯ ᠢᠶᠠᠷ ᠢᠯᠡ ᠪᠣᠯᠭᠠᠬᠤ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠶᠢᠨ ᠭᠥᠯᠢᠶᠡᠨ ᠠᠪᠴᠤ ᠰᠢᠢᠳᠪᠦᠷᠢᠯᠡᠬᠦ᠂ ᠳᠠᠩᠰᠠᠯᠠᠬᠤ᠂ ᠲᠤᠭᠤᠷᠪᠢᠨ ᠪᠢᠴᠢᠬᠦ᠂ ᠵᠥᠪᠳᠡᠯᠴᠡᠬᠦ᠂ ᠬᠢᠨᠠᠨ ᠬᠠᠷᠭᠤᠭᠤᠯᠬᠤ᠂ ᠬᠠᠷᠢᠭᠤᠯᠲᠠ ᠥᠭᠬᠦ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠴᠤᠪᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ ᠳᠦᠷᠢᠮ ᠪᠠ ᠴᠤᠪᠤᠷᠠᠯ ᠤᠨ ᠵᠢᠷᠤᠭ ᠢ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠢᠯᠡ ᠪᠣᠯᠭᠠᠬᠤ ᠬᠡᠷᠡᠭᠲᠡᠢ᠃ ᠲᠤᠰᠬᠠᠢ ᠬᠥᠮᠥᠨ ᠵᠢᠭᠠᠨ ᠲᠣᠭᠲᠠᠭᠠᠵᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠢ ᠭᠦᠢᠴᠡᠳᠬᠡᠭᠦᠯᠵᠦ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠠᠤᠯᠢ ᠲᠣᠭᠲᠠᠭᠠᠯ ᠶᠣᠰᠣᠭᠠᠷ ᠬᠠᠷᠢᠭᠤᠯᠲᠠ ᠥᠭᠴᠦ᠂ ᠨᠢᠭᠡ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠵᠦᠢᠯ ᠢ ᠪᠢᠴᠢᠭ ᠢᠶᠠᠷ ᠬᠠᠷᠢᠭᠤᠯᠬᠤ ᠶᠢ ᠦᠨᠡᠨᠬᠦ ᠪᠠᠲᠤᠯᠠᠵᠤ᠂ ᠭᠤᠶᠤᠴᠢᠯᠠᠭᠰᠠᠨ ᠵᠦᠢᠯ ᠢᠶᠠᠨ ᠭᠡᠭᠡᠬᠦ ᠪᠤᠶᠤ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠵᠡᠷᠭᠡ ᠠᠰᠠᠭᠤᠳᠠᠯ ᠭᠠᠷᠬᠤ  ᠠᠴᠠ ᠵᠠᠶᠢᠯᠠᠰᠬᠢᠬᠦ ᠬᠡᠷᠡᠭᠲᠡᠢ᠃     ︵ᠬᠤᠶᠠᠷ︶ ᠭᠤᠶᠤᠴᠢᠯᠠᠯ ᠢᠶᠠᠷ ᠢᠯᠡ ᠪᠠᠷ ᠬᠠᠷᠢᠭᠤᠯᠲᠠ ᠥᠭᠬᠦ ᠠᠵᠢᠯ ᠢ ᠵᠢᠷᠤᠮᠵᠢᠭᠤᠯᠤᠨ᠎ᠠ᠃  ᠢᠯᠡ ᠪᠠᠷ ᠬᠠᠷᠢᠭᠤᠯᠲᠠ ᠥᠭᠬᠦ ᠳᠡᠭᠡᠨ ᠬᠡᠷᠡᠭᠯᠡᠬᠦ ᠬᠠᠤᠯᠢ ᠴᠠᠭᠠᠵᠠ ᠶᠢᠨ ᠦᠨᠳᠦᠰᠦ ᠪᠠᠷᠢᠮᠲᠠ ᠵᠢᠴᠢ ᠵᠦᠢᠯ ᠵᠤᠷᠪᠤᠰ ᠢ ᠲᠣᠳᠣᠷᠬᠠᠢ ᠪᠢᠴᠢᠵᠦ᠂ ᠭᠤᠶᠤᠴᠢᠯᠠᠭᠴᠢ ᠳᠤ ᠬᠠᠤᠯᠢ ᠶᠣᠰᠣᠭᠠᠷ ᠡᠳ᠋ᠯᠡᠬᠦ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠭ᠎ᠠ ᠵᠠᠮ ᠪᠠ ᠲᠤᠰᠠᠯᠠᠮᠵᠢ ᠶᠢᠨ ᠬᠦᠴᠦᠨ ᠲᠠᠢ ᠬᠤᠭᠤᠴᠠᠭ᠎ᠠ ᠶᠢ ᠲᠣᠳᠣᠷᠬᠠᠢ ᠮᠡᠳᠡᠭᠳᠡᠵᠦ᠂ ᠵᠢᠷᠤᠮ᠂ ᠪᠣᠳᠠᠲᠤ ᠴᠣᠭᠴᠠ ᠶᠢᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠶᠢ ᠭᠦᠢᠴᠡᠳᠬᠡᠬᠦ ᠬᠡᠷᠡᠭᠲᠡᠢ᠃ ᠢᠯᠡ ᠪᠣᠯᠭᠠᠬᠤ ᠪᠠᠷ ᠭᠤᠶᠤᠴᠢᠯᠠᠭᠰᠠᠨ ᠠᠴᠠ ᠪᠣᠯᠤᠭᠰᠠᠨ ᠵᠠᠰᠠᠭ ᠵᠠᠬᠢᠷᠭᠠᠨ ᠤ ᠵᠠᠷᠭᠤ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠡᠷᠡᠭ ᠲᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠡᠷᠡᠭᠲᠡᠢ᠃ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠠᠷᠢᠭᠤᠯᠲᠠ ᠥᠭᠬᠦ ᠪᠠ ᠵᠠᠷᠭᠤ ᠬᠦᠯᠢᠶᠡᠬᠦ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠭᠤᠷᠪᠠ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ     ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢ ᠨᠡᠶᠢᠲᠡᠯᠡᠵᠦ ᠰᠢᠨᠡᠳᠬᠡᠬᠦ ᠠᠵᠢᠯ ᠢ ᠴᠢᠩᠭᠠᠷᠠᠭᠤᠯᠤᠨ᠎ᠠ᠃ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠭᠦᠳᠡ ᠡᠷᠦᠬᠡ ᠶᠢᠨ ᠰᠦᠯᠵᠢᠶᠡᠨ ᠥᠷᠲᠡᠭᠡ ᠶᠢᠨ ᠬᠠᠮᠢᠶ᠎ᠠ ᠪᠦᠬᠦᠢ ᠪᠤᠯᠤᠩ ᠢ ᠨᠢᠭᠡ ᠤᠳᠠᠭ᠎ᠠ ᠰᠢᠰᠲ᠋ᠧᠮ ᠲᠠᠢ ᠡᠮᠬᠢᠯᠡᠵᠦ᠂ ᠴᠠᠭ ᠲᠤᠬᠠᠢ ᠳᠤᠨᠢ᠂ ᠡᠳᠦᠷ ᠢᠶᠠᠷ᠂ ᠠᠷᠪᠠ ᠪᠠᠷ᠂ ᠰᠠᠷ᠎ᠠ ᠪᠠᠷ᠂ ᠤᠯᠠᠷᠢᠯ ᠢᠶᠠᠷ᠂ ᠵᠢᠯ ᠢᠶᠠᠷ ᠵᠡᠷᠭᠡ ᠵᠠᠩᠭᠢᠯᠠᠭ᠎ᠠ ᠶᠢᠨ ᠴᠡᠭ ᠲᠤ ᠰᠢᠨᠡᠳᠬᠡᠬᠦ ᠮᠡᠳᠡᠭᠡ ᠵᠠᠩᠭᠢ ᠶᠢᠨ ᠲᠥᠷᠥᠯ ᠢᠯᠭᠠᠯ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠪᠤᠯᠤᠩ ᠢ ᠴᠠᠭ ᠲᠤᠬᠠᠢ ᠳᠤᠨᠢ ᠰᠢᠨᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃     ︵ᠬᠤᠶᠠᠷ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠳᠦᠷ ᠲᠤᠲᠤᠮ ᠤᠨ ᠬᠢᠨᠠᠨ ᠬᠡᠮᠵᠢᠯᠲᠡ ᠶᠢ ᠲᠠᠰᠤᠷᠠᠯᠲᠠ ᠦᠭᠡᠢ ᠴᠢᠩᠭᠠᠳᠬᠠᠬᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠦᠯᠵᠢᠶᠡᠨ ᠤ ᠥᠷᠲᠡᠭᠡ ᠶᠢᠨ ᠴᠢᠳᠠᠮᠵᠢᠲᠤ ᠴᠢᠨᠠᠷ᠂ ᠲᠣᠭᠲᠠᠪᠤᠷᠢᠲᠤ ᠴᠢᠨᠠᠷ ᠪᠠ ᠡᠯ᠎ᠡ ᠲᠥᠷᠥᠯ ᠤᠨ ᠮᠡᠳᠡᠭᠡ ᠵᠠᠩᠭᠢ ᠨᠡᠶᠢᠲᠡᠯᠡᠬᠦ ᠶᠢᠨ ᠠᠮᠤᠷ ᠲᠦᠪᠰᠢᠨ ᠴᠢᠨᠠᠷ᠂ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ ᠵᠡᠷᠭᠡ ᠳᠤ ᠮᠡᠷᠭᠡᠵᠢᠯ ᠪᠠ ᠬᠥᠮᠥᠨ ᠤ ᠬᠦᠴᠦᠨ ᠤ ᠬᠢᠨᠠᠨ ᠬᠡᠮᠵᠢᠯᠲᠡ ᠬᠢᠬᠦ ᠶᠢ ᠪᠠᠭᠲᠠᠭᠠᠭᠰᠠᠨ ᠡᠳᠦᠷ ᠲᠤᠲᠤᠮ ᠤᠨ ᠠᠵᠢᠯᠯᠠᠭᠤᠯᠵᠤ ᠬᠠᠮᠠᠭᠠᠯᠠᠬᠤ ᠬᠢᠨᠠᠨ ᠬᠡᠮᠵᠢᠯᠲᠡ ᠶᠢ ᠥᠷᠨᠢᠭᠦᠯᠵᠦ᠂ ︽ᠮᠡᠷᠭᠡᠵᠢᠯ ᠢᠶᠠᠷ ᠰᠡᠷᠭᠡᠶᠢᠯᠡᠬᠦ᠂ ᠠᠷᠠᠳ ᠢᠶᠠᠷ ᠰᠡᠷᠭᠡᠶᠢᠯᠡᠬᠦ︾ ᠬᠤᠣᠰ ᠳᠠᠭᠠᠳᠬᠠᠯ ᠢ ᠭᠦᠢᠴᠡᠳᠬᠡᠨ᠎ᠡ᠃ ᠬᠤᠰᠢᠭᠤᠨ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠬᠦ ᠶᠢ ᠥᠷᠨᠢᠭᠦᠯᠵᠦ᠂ ᠵᠠᠷᠯᠠᠨ ᠮᠡᠳᠡᠭᠳᠡᠭᠰᠡᠨ ᠦᠷ᠎ᠡ ᠳ᠋ᠦᠩ ᠢᠶᠠᠷ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠦᠨᠳᠦᠰᠦᠯᠡᠯ ᠪᠣᠯᠭᠠᠨ᠎ᠠ᠃ᠳᠥᠷᠪᠡ᠂ ᠰᠢᠯᠭᠠᠨ ᠬᠢᠨᠠᠵᠤ ᠮᠡᠳᠡᠭᠡᠯᠡᠬᠦ ᠡᠷᠴᠢᠮ ᠢ ᠴᠢᠩᠭᠠᠷᠠᠭᠤᠯᠤᠨ᠎ᠠ     ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠮᠠᠨ ᠤ ᠬᠤᠰᠢᠭᠤ ᠵᠢᠯ ᠪᠦᠷᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠬᠡᠮᠵᠢᠶᠡᠵᠢᠭᠦᠯᠦᠭᠰᠡᠨ᠂ ᠨᠠᠷᠢᠯᠢᠭᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠰᠢᠯᠭᠠᠨ ᠬᠢᠨᠠᠬᠤ ᠠᠭᠤᠯᠭ᠎ᠠ ᠪᠠ ᠬᠤᠪᠢ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠪᠤᠰᠤᠳᠴᠢ᠂ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠪᠠᠲᠤᠯᠠᠨ᠎ᠠ᠃     ︵ ᠬᠤᠶᠠᠷ︶ ᠭᠤᠶᠤᠴᠢᠯᠠᠯ ᠢᠶᠠᠷ ᠢᠯᠡ ᠪᠠᠷ ᠰᠢᠯᠭᠠᠨ ᠬᠢᠨᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠭᠤᠶᠤᠴᠢᠯᠠᠯ ᠢᠶᠠᠷ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠦᠷᠢᠯᠡᠭᠰᠡᠨ ᠬᠠᠷᠢᠭᠤ ᠥᠭᠭᠦᠭᠰᠡᠨ ᠪᠠᠶᠢᠳᠠᠯ ᠢ ᠨᠢᠭᠡᠨᠲᠡ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ︵ᠡᠵᠡᠯᠡᠬᠦ ᠬᠠᠷᠢᠴᠠᠯ 10%︶ ᠳᠤ ᠣᠷᠣᠭᠤᠯᠵᠤ᠂ ᠬᠤᠪᠢ ᠶᠢᠨ ᠥᠷᠲᠡᠭ ᠤᠨ ᠡᠵᠡᠯᠡᠬᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠡᠳᠡᠭᠡ ᠵᠠᠩᠭᠢ ᠶᠢ ᠢᠯᠡ ᠪᠣᠯᠭᠠᠬᠤ  ᠠᠴᠠ ᠪᠣᠯᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠢᠯᠭᠡᠬᠦ ᠶᠢᠨ ᠬᠠᠮᠲᠤ ᠬᠦᠴᠦᠨ ᠦᠭᠡᠢ ᠪᠣᠯᠭᠠᠭᠳᠠᠭᠰᠠᠨ᠂ ᠬᠠᠤᠯᠢ  ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ ᠪᠤᠶᠤ ᠵᠠᠷᠯᠢᠭᠳᠠᠨ ᠭᠦᠢᠴᠡᠳᠬᠡᠭᠦᠯᠦᠭᠰᠡᠨ ᠬᠡᠷᠡᠭ ᠲᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠶᠣᠰᠣᠭᠠᠷ ᠵᠣᠬᠢᠬᠤ ᠬᠤᠪᠢ ᠶᠢᠨ ᠥᠷᠲᠡᠭ ᠢ ᠬᠠᠰᠤᠵᠤ ᠭᠠᠷᠭᠠᠨ᠎ᠠ᠃     ︵ᠭᠤᠷᠪᠠ︶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠮᠡᠳᠡᠭᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠭᠰᠡᠨ ᠦᠭᠡᠢ᠂ ᠭᠤᠶᠤᠴᠢᠯᠠᠭᠰᠠᠨ ᠮᠡᠳᠡᠭᠡ ᠵᠠᠩᠭᠢ ᠶᠢ ᠦᠨᠳᠦᠰᠦᠯᠡᠨ ᠬᠠᠷᠢᠭᠤ ᠥᠭᠭᠦᠭᠰᠡᠨ ᠨᠢ ᠴᠠᠭ ᠲᠤᠬᠠᠢ ᠳᠤᠨᠢ ᠵᠢᠷᠤᠮᠵᠢᠭᠤᠨ ᠪᠤᠰᠤ᠂ ᠴᠡᠭᠴᠡᠯᠡᠨ ᠰᠠᠶᠢᠵᠢᠷᠠᠭᠤᠯᠤᠭᠰᠠᠨ ᠨᠢ ᠪᠠᠷᠢᠮᠵᠢᠶ᠎ᠠ ᠳᠤ ᠭᠦᠷᠦᠭᠰᠡᠨ ᠦᠭᠡᠢ ᠠᠴᠠ ᠪᠣᠯᠵᠤ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠬᠢᠨᠠᠨ ᠰᠢᠯᠭᠠᠯᠲᠠ ᠳᠤ ᠬᠤᠪᠢ ᠠᠯᠳᠠᠭᠰᠠᠨ ᠪᠠᠶᠢᠪᠠᠯ᠂ ᠪᠥᠬᠦ ᠬᠤᠰᠢᠭᠤᠨ ᠤ ᠬᠡᠪᠴᠢᠶᠡᠨ ᠳᠤ ᠵᠠᠷᠯᠠᠨ ᠰᠢᠭᠦᠮᠵᠢᠯᠡᠨ᠎ᠡ᠃ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠦᠨᠡᠨᠬᠦ ᠴᠢᠩᠭᠠᠷᠠᠭᠤᠯᠬᠤ ᠬᠡᠷᠡᠭᠲᠡᠢ       ︵ᠨᠢᠭᠡ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠵᠢᠯ ᠪᠦᠷᠢ ᠠᠳᠠᠭ ᠲᠠᠭᠠᠨ 1 ᠤᠳᠠᠭ᠎ᠠ ᠰᠣᠨᠣᠰᠴᠤ᠂ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠬᠤ ᠬᠡᠷᠡᠭᠲᠡᠢ᠃1 ᠬᠠᠷᠢᠭᠤᠴᠠᠯᠭᠠᠲᠠᠨ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠤᠭᠤᠯᠬᠤ ᠪᠠᠷ ᠲᠣᠭᠲᠠᠭᠠᠬᠤ ᠶᠢᠨ ᠬᠠᠮᠲᠤ ᠭᠠᠳᠠᠭᠰᠢ ᠨᠡᠶᠢᠲᠡᠯᠡᠬᠦ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠣᠳᠠᠲᠠᠢ ᠡᠭᠦᠷᠭᠡᠯᠡᠵᠦ ᠪᠠᠶᠢᠭ᠎ᠠ ᠠᠵᠢᠯᠲᠠᠨ ᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠳᠦᠷ ᠲᠤᠲᠤᠮ ᠤᠨ ᠠᠵᠢᠯ ᠢ ᠥᠷᠨᠢᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠰᠢᠯᠤᠭᠤᠳᠬᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠵᠠᠷᠤᠳᠠᠯ ᠢ ᠪᠠᠲᠤᠯᠠᠨ᠂ ᠠᠵᠢᠯ ᠤᠨ ᠬᠦᠴᠦᠨ ᠢ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠦᠨ᠎ᠡ᠃     ︵ᠬᠤᠶᠠᠷ︶ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠣᠳᠣᠬᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠦᠨᠳᠦᠰᠦᠯᠡᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠪᠠ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ ᠠᠬᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃     ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠪᠣᠳᠠᠲᠠᠢ ᠰᠠᠯᠠᠭ᠎ᠠ ᠮᠥᠴᠢᠷ ᠪᠠ ᠲᠠᠰᠤᠭ ᠲᠤ ᠨᠠᠶᠢᠳᠠᠪᠤᠷᠢᠵᠢᠭᠤᠯᠤᠨ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号