ᠸᠧᠢ ᠬᠤᠩ ᠵᠢᠶᠦ᠋ᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/11/14
     11 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠬᠤᠩ ᠵᠢᠶᠦ᠋ᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠵᠡᠪᠰᠡᠭ ᠲᠣᠨᠣᠭᠯᠠᠯ ᠤᠨ ᠲᠠᠶᠢᠨ ᠤ ᠪᠡᠯᠡᠳᠬᠡᠯ ᠤᠨ ᠪᠠᠭᠠᠵᠢ ᠬᠡᠷᠡᠭᠰᠡᠯ ᠤᠨ ᠬᠥᠮᠥᠷᠭᠡ ᠶᠢᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠬᠤ ᠬᠤᠷᠠᠯ ᠬᠢᠵᠦ᠂ ᠮᠠᠨ ᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠪᠠ᠃     ᠮᠠᠨ ᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠢ ᠴᠡᠭᠴᠡᠯᠡᠨ ᠵᠠᠰᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠯᠳᠠ ᠬᠦᠴᠦᠨ ᠤ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠮᠲᠤ ᠪᠠᠷ ᠬᠠᠮᠢᠶᠠᠷᠴᠤ ᠬᠠᠮᠲᠤ ᠪᠠᠷ ᠬᠡᠷᠡᠭᠯᠡᠬᠦ ᠵᠡᠷᠭᠡ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠸᠧᠢ ᠬᠤᠩ ᠵᠢᠶᠦ᠋ᠨ ᠴᠢᠬᠤᠯᠠᠴᠢᠯᠠᠬᠤ ᠳᠠᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠬᠤ ᠴᠢᠬᠤᠯᠠ ᠠᠭᠤᠯᠭ᠎ᠠ ᠮᠥᠨ᠃ ᠬᠤᠰᠢᠭᠤᠨ ᠤᠯᠤᠰ ᠤᠨ ᠬᠥᠳᠡᠯᠭᠡᠬᠦ ᠬᠦᠴᠦᠨ ᠤ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠠᠷᠢᠯᠴᠠᠨ ᠵᠣᠬᠢᠴᠠᠭᠤᠯᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠰᠠᠶᠢᠲᠤᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠵᠦᠢᠯᠡᠰ ᠤᠨ ᠵᠠᠷᠤᠳᠠᠯ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠬᠦ ᠬᠡᠷᠡᠭᠲᠡᠢ᠃ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠪᠣᠯᠣᠨ ᠲᠤᠰᠬᠠᠢ ᠮᠡᠷᠭᠡᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠦᠭᠡ ᠶᠢᠨ ᠴᠡᠷᠢᠭ ᠤᠨ ᠲᠠᠶᠢᠨ ᠳᠤ ᠣᠷᠣᠯᠴᠠᠵᠤ ᠲᠠᠶᠢᠨ ᠳᠤ ᠲᠤᠰᠠᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠭᠠᠵᠠᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠤ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠲᠠᠷᠬᠠᠯᠲᠠ ᠶᠢᠨ ᠪᠠᠶᠢᠳᠠᠯ ᠵᠡᠷᠭᠡ ᠶᠢ ᠣᠶᠢᠯᠠᠭᠠᠵᠤ᠂ ᠵᠠᠩᠭᠢᠯᠠᠭ᠎ᠠ ᠶᠢᠨ ᠦᠶ᠎ᠡ ᠳᠤ ᠡᠷᠢᠵᠦ ᠣᠯᠬᠤ᠂ ᠠᠪᠴᠤ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠬᠠᠷᠢᠯᠴᠠᠨ ᠪᠣᠳᠠᠲᠤ ᠶᠠᠪᠤᠳᠠᠯ ᠬᠢᠬᠦ︽ᠬᠤᠣᠰ ᠨᠠᠷᠢᠨ ᠳᠠᠩᠰᠠ︾ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠠᠶᠢᠨ ᠳᠤ ᠪᠡᠯᠡᠳᠬᠡᠬᠦ ᠪᠠᠴᠢᠮ ᠬᠡᠷᠡᠭᠴᠡᠭᠡ᠂ ᠳᠠᠷᠤᠭ᠎ᠠ ᠪᠠᠶᠢᠯᠳᠤᠭᠴᠢᠳ ᠤᠨ ᠪᠠᠴᠢᠮ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠳ᠋ ᠪᠣᠳᠠᠰ ᠪᠠ ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃     ᠬᠤᠰᠢᠭᠤᠨ ᠤ ᠤᠳᠤᠷᠢᠳᠤᠯᠭ᠎ᠠ ᠭᠦᠸᠧ ᠵᠢᠶᠦ᠋ᠨ ᠯᠦᠩ᠂ ᠯᠢ ᠶᠤᠸᠠᠢ ᠴᠢᠩ᠂ ᠸᠠᠩ ᠵᠧᠨ ᠰᠢᠶᠠᠩ᠂ ᠸᠠᠩ ᠵᠢᠶᠠ ᠪᠥᠸᠧ ᠨᠠᠷ ᠣᠷᠣᠯᠴᠠᠵᠠᠢ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号