ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠦᠮᠡᠳ ᠵᠡᠭᠦᠨ ᠬᠤᠰᠢᠭᠤᠨ ᠤ ᠳᠥᠷᠪᠡᠳᠦᠭᠡᠷ ᠤᠯᠠᠷᠢᠯ ᠤᠨ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2023/11/17
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠤᠤᠭᠤᠬᠤ ᠤᠰᠤᠨ ᠤ ᠤᠰᠤᠨ ᠤ ᠴᠢᠨᠠᠷ ᠢ ᠬᠢᠨᠠᠨ ᠬᠡᠮᠵᠢᠬᠦ ᠮᠡᠳᠡᠭᠡ ᠵᠠᠩᠭᠢ ᠶᠢ ᠢᠯᠡ ᠪᠣᠯᠭᠠᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠪᠡᠳᠴᠢᠨ ᠡᠮᠭᠡᠭ ᠢ ᠬᠢᠵᠠᠭᠠᠷᠯᠠᠬᠤ ᠥᠰᠥᠭ ︿2019﹀ 132 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ 2023 ᠣᠨ ᠤ ᠳᠥᠷᠪᠡᠳᠦᠭᠡᠷ ᠤᠯᠠᠷᠢᠯ ᠤᠨ ᠬᠤᠲᠠ ᠶᠢᠨ ᠶᠠᠪᠤᠳᠠᠯ ᠤᠨ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠪᠡ᠃ ᠲᠣᠰ ᠤᠳᠠᠭ᠎ᠠ ᠳᠤ 7 ᠬᠤᠪᠢ ︵2 ᠬᠤᠪᠢ ᠦᠢᠯᠡᠳᠪᠦᠷᠢ ᠠᠴᠠ ᠭᠠᠷᠭᠠᠬᠤ ᠤᠰᠤ᠂ 5 ᠬᠤᠪᠢ ᠦᠵᠦᠭᠦᠷ ᠲᠠᠬᠢ ᠤᠰᠤ︶ ᠶᠢ ᠴᠤᠭᠯᠠᠭᠤᠯᠵᠤ ᠪᠠᠶᠢᠴᠠᠭᠠᠨ ᠰᠢᠯᠭᠠᠪᠠ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵GB5749 ︱ 2022︶ ᠳᠤ ᠨᠡᠶᠢᠴᠡᠪᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号