ᠲᠦᠮᠡᠳ ᠵᠡᠭᠦᠨ ᠬᠤᠰᠢᠭᠤᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ 2023 ᠣᠨ ᠳᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠲᠣᠭᠲᠠᠭᠠᠯ  ᠠᠴᠠ ᠵᠥᠷᠢᠴᠡᠭᠰᠡᠨ ᠰᠠᠭᠤᠷᠢ ᠮᠥᠩᠭᠦ ᠶᠢ ᠳᠡᠭᠡᠭᠰᠢ ᠲᠤᠰᠢᠶᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/17
ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ᠂ ᠡᠯ᠎ᠡ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ᠄      ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ︽2023 ᠣᠨ ᠤ ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠮᠡᠬᠡᠯᠡᠨ ᠬᠢᠬᠠᠬᠤ ᠳᠠᠭᠠᠳᠬᠠᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ ᠪᠣᠯᠲᠠᠯ᠎ᠠ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠮᠡᠬᠡᠯᠡᠨ ᠬᠢᠬᠠᠬᠤ ᠳᠠᠭᠠᠳᠬᠠᠯ ᠳᠤ ᠴᠣᠬᠢᠯᠲᠠ ᠥᠭᠴᠦ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠥᠷᠨᠢᠭᠦᠯᠦᠨ᠎ᠡ᠃ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢᠭᠡᠨᠲᠡ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠲᠣᠭᠲᠠᠭᠠᠯ ᠠᠴᠠ ᠵᠥᠷᠢᠴᠡᠭᠰᠡᠨ ᠰᠠᠭᠤᠷᠢ ᠮᠥᠩᠭᠦᠨ ᠤ ᠪᠦᠷᠢᠳᠬᠡᠯ ᠤᠨ ᠬᠦᠰᠦᠨᠦᠭᠲᠦ ᠶᠢ ᠮᠡᠳᠡᠭᠦᠯᠦᠨ ᠬᠦᠷᠭᠡᠭᠰᠡᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠳᠠᠬᠢᠨ ᠬᠢᠨᠠᠨ ᠪᠠᠶᠢᠴᠠᠭᠠᠯᠲᠠ ᠬᠢᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠵᠢᠵᠢᠭᠯᠡᠨ ᠮᠡᠳᠡᠭᠦᠯᠬᠦ᠂ ᠮᠡᠳᠡᠭᠦᠯᠬᠦ ᠦᠭᠡᠢ ᠪᠤᠶᠤ ᠲᠤᠶᠢᠯᠪᠤᠷᠢᠲᠠᠢ ᠪᠠᠶᠢᠴᠠᠭᠠᠭᠰᠠᠨ ᠦᠭᠡᠢ ᠪᠠᠶᠢᠪᠠᠯ᠂ ᠮᠠᠨ ᠤ ᠲᠣᠪᠴᠢᠶ᠎ᠠ ᠲᠠᠷᠠᠭᠠᠴᠢ ᠶᠢᠨ ᠠᠯᠬᠤᠮ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠴᠢᠩᠭ᠎ᠠ ᠰᠢᠢᠳᠪᠦᠷᠢᠯᠡᠨ᠎ᠡ᠃ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠨᠢ ᠦᠨᠡᠨ ᠪᠣᠳᠠᠲᠠᠢ ᠪᠠᠶᠢᠬᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠳᠠᠬᠢᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ ᠵᠠᠷᠯᠢᠭᠳᠠᠵᠤ ᠪᠠᠶᠢᠭᠠᠳ ᠲᠣᠭᠲᠠᠭᠠᠯ  ᠠᠴᠠ ᠵᠥᠷᠢᠴᠡᠭᠰᠡᠨ ᠰᠠᠭᠤᠷᠢ ᠮᠥᠩᠭᠦ ᠶᠢ ᠨᠢ ᠪᠤᠴᠠᠭᠠᠯᠭᠠᠵᠤ ᠰᠢᠢᠳᠪᠦᠷᠢᠯᠡᠭᠦᠯᠦᠨ᠎ᠡ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄     1. ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠪᠦᠷᠢᠳᠬᠡᠯ ᠤᠨ ᠬᠦᠰᠦᠨᠦᠭᠲᠦ ᠵᠢᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠦᠭᠰᠡᠨ ᠦᠭᠡᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠬᠤᠭᠤᠴᠠᠭ᠎ᠠ ᠬᠢᠵᠠᠭᠠᠷᠯᠠᠨ ᠨᠢᠭᠡ ᠭᠠᠷᠠᠭ ᠤᠨ ᠳᠣᠲᠣᠷ᠎ᠠ ᠳᠡᠭᠡᠭᠰᠢ ᠮᠡᠳᠡᠭᠦᠯᠬᠦ ᠶᠢ ᠪᠡᠶᠡᠯᠡᠭᠦᠯᠦᠨ᠎ᠡ᠃     2. ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠮᠠᠲᠧᠷᠢᠶᠠᠯ ᠢᠶᠠᠨ ᠳᠡᠭᠡᠭᠰᠢ ᠮᠡᠳᠡᠭᠦᠯᠦᠭᠰᠡᠨ 27 ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ 154 ᠲᠣᠭᠲᠠᠮᠠᠯ ᠴᠡᠭ ᠤᠨ ᠡᠮ ᠤᠨ ᠳᠡᠯᠭᠡᠭᠦᠷ ᠲᠤ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠪᠠᠷ ᠬᠢᠨᠠᠨ ᠬᠠᠷᠭᠤᠭᠤᠯᠤᠭᠠᠳ᠂ ᠲᠣᠭᠲᠠᠭᠠᠯ ᠢ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ 18 ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠲᠣᠭᠲᠠᠭᠠᠯ ᠢ ᠵᠥᠷᠢᠴᠡᠭᠰᠡᠨ 3719.05 ᠲᠥᠭᠦᠷᠢᠭ ︵ᠳᠠᠭᠠᠯᠳᠤᠭᠤᠯᠤᠯ 1 ᠢ ᠦᠵᠡ︶ ᠪᠤᠴᠠᠭᠠᠯᠭᠠᠵᠤ᠂ ᠲᠣᠭᠲᠠᠭᠠᠯ ᠢ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ 105 ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠵᠠᠷᠯᠢᠭᠳᠠᠵᠤ ᠪᠠᠶᠢᠭᠠᠳ ᠲᠣᠭᠲᠠᠭᠠᠯ ᠢ ᠵᠥᠷᠢᠴᠡᠭᠰᠡᠨ 12291 ᠲᠥᠭᠦᠷᠢᠭ ︵ᠳᠠᠭᠠᠯᠳᠤᠭᠤᠯᠤᠯ 2 ᠢ ᠦᠵᠡ︶ ᠢ ᠪᠤᠴᠠᠭᠠᠯᠭᠠᠬᠤ ᠲᠣᠭᠲᠠᠭᠠᠯ ᠭᠠᠷᠭᠠᠪᠠ᠃     3. ᠲᠣᠭᠲᠠᠭᠠᠯ ᠠᠴᠠ ᠵᠥᠷᠢᠴᠡᠭᠰᠡᠨ ᠡᠮ ᠡᠮᠨᠡᠯᠭᠡ ᠶᠢᠨ ᠪᠠᠶᠢᠭᠤᠯᠤᠮᠵᠢ ᠠᠴᠠ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ 15 ᠠᠵᠢᠯᠯᠠᠬᠤ ᠡᠳᠦᠷ ᠤᠨ ᠳᠣᠲᠣᠷ᠎ᠠ ᠲᠦᠮᠡᠳ ᠵᠡᠭᠦᠨ ᠬᠤᠰᠢᠭᠤᠨ ᠤ ᠡᠮ ᠡᠮᠨᠡᠯᠭᠡ  ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠡᠮ ᠡᠮᠨᠡᠯᠭᠡ  ᠶᠢᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠳᠠᠩᠰᠠᠨ ᠡᠷᠦᠬᠡ ︵ᠳᠠᠭᠠᠯᠳᠤᠭᠤᠯᠤᠯ 3  ᠶᠢ ᠦᠵᠡ︶ ᠳᠤ ᠰᠠᠨᠠᠭᠠᠴᠢᠯᠠᠭ᠎ᠠ  ᠠᠴᠠ ᠪᠠᠨ ᠪᠤᠴᠠᠭᠠᠬᠤ  ᠶᠢᠨ ᠬᠠᠮᠲᠤ ᠶᠡᠷᠦᠩᠬᠡᠶᠢᠯᠡᠭᠰᠡᠨ ᠰᠲ᠋ᠣᠺ ᠲᠤ ᠮᠡᠳᠡᠭᠡ ᠵᠠᠩᠭᠢ ᠶᠢ ᠬᠠᠷᠢᠭᠤ ᠲᠤᠰᠬᠠᠨ᠎ᠠ᠃ ︵ᠪᠠᠩᠬᠢ ᠶᠢᠨ ᠭᠤᠪᠢᠭᠤᠯᠭ᠎ᠠ ᠶᠢᠨ ᠬᠠᠷᠢᠭᠤ ᠬᠠᠭᠤᠳᠠᠰᠤ ᠠᠴᠠ ᠶᠡᠷᠦᠩᠬᠡᠶᠢᠯᠡᠭᠰᠡᠨ ᠬᠤᠪᠢᠴᠠᠭᠠᠨ ᠤ ᠡᠮᠸᠢᠯ ᠲᠤ ᠬᠦᠷᠭᠡᠬᠦ᠄ tzqybj2023@163.com︶     4. ᠲᠣᠭᠲᠠᠭᠠᠯ  ᠠᠴᠠ ᠵᠥᠷᠢᠴᠡᠨ ᠵᠣᠭᠤᠰ ᠰᠠᠭᠤᠯᠭᠠᠨ ᠠᠪᠤᠭᠰᠠᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠺᠠᠷᠲ ᠬᠤᠪᠢᠶᠠᠷᠢᠯᠠᠨ ᠲᠠᠩᠰᠠ ᠲᠠᠶᠢᠯᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠡᠯ᠎ᠡ ᠲᠥᠷᠥᠯ ᠤᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃                            ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ                                          2023 ᠣᠨ ᠤ 11 ᠰᠠᠷ᠎ᠠ ᠶᠢᠨ 15ᠨᠠᠷᠢᠨ ᠠᠭᠤᠯᠭ᠎ᠠ ᠶᠢ ᠠᠳᠡ ᠲᠤᠪᠴᠢᠳᠠᠵᠤ ᠦᠵᠡᠭᠡᠷᠡᠢ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号