︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠤᠨ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ | ᠬᠠᠰᠬᠠᠢ ᠨᠠᠭᠤᠷ ᠤᠨ ᠴᠢᠬᠤᠯᠠ ᠨᠤᠭᠤ ᠭᠠᠵᠠᠷ ᠨᠢ ᠨᠢᠭᠡᠨᠲᠡ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠬᠤ ᠵᠡᠷᠭᠡ ᠲᠠᠰ ᠳᠠᠷᠠᠭᠠᠯᠠᠯ ᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠨᠤᠭᠤ ᠭᠠᠵᠠᠷ ᠢᠶᠠᠷ ᠮᠠᠭᠠᠳᠯᠠᠨ ᠲᠣᠭᠲᠠᠭᠠᠬᠤ ᠪᠠᠷ ᠪᠣᠶ᠃ ᠡᠳᠦᠭᠡ ᠴᠢᠬᠤᠯᠠ ᠨᠤᠭᠤ ᠭᠠᠵᠠᠷ ᠤᠨ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠶ᠎ᠡ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶᠃ | ᠨᠢᠭᠡ᠂ ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠄ 2023 ᠣᠨ ᠤ 11 ᠳ᠋ᠦᠭᠡᠷ ᠰᠠᠷ᠎ᠠ ᠶᠢᠨ 20 ᠤ | ᠡᠳᠦᠷ ᠠᠴᠠ 11 ᠳ᠋ᠦᠭᠡᠷ ᠰᠠᠷ᠎ᠠ ᠶᠢᠨ 28 ᠤ ᠡᠳᠦᠷ ᠪᠣᠯᠲᠠᠯ᠎ᠠ ︵7 ᠠᠵᠢᠯᠯᠠᠬᠤ ᠡᠳᠦᠷ︶᠃ | ᠬᠤᠶᠠᠷ᠂ ᠬᠡᠷᠪᠡ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠭᠤ ᠭᠠᠵᠠᠷ ᠪᠠ | ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠭᠠᠵᠠᠷ ︵ᠤᠲᠠᠰᠤ᠄ | 0471-3380388᠂ ᠰᠢᠤᠳᠠᠨ ᠤ ᠵᠦᠢᠯ᠄ sdysdzhwbh@163.com︶ ᠲᠤ ᠬᠠᠷᠢᠭᠤ | ᠮᠡᠳᠡᠭᠳᠡᠭᠡᠷᠡᠢ᠃ | ᠳᠠᠭᠠᠯᠳᠤᠭᠤᠯᠤᠯ᠄ 1. ᠥᠪᠥᠷ ᠮᠣᠩᠭᠤᠯ ᠤᠨ ᠬᠠᠰᠬᠠᠢ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ | ᠭᠠᠵᠠᠷ ᠤᠨ ᠨᠡᠷᠡᠰ ᠤᠨ ᠵᠢᠭᠰᠠᠭᠠᠯᠲᠠ | | | | | | | | | ᠲᠦᠮᠡᠳ ᠵᠡᠭᠦᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 2023 ᠣᠨ ᠤ 11 ᠰᠠᠷ᠎ᠠ ᠶᠢᠨ 20 ᠤ ᠡᠳᠦᠷ | | |