ᠲᠥᠷᠥ ᠴᠠᠭ ᠬᠡᠷᠡᠭᠯᠡᠬᠦ  ᠭᠠᠵᠠᠷ ᠤᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2023/11/21
     ︽ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠤᠨ ᠲᠣᠭᠲᠠᠭᠠᠯ ﹇2021﹈ 2 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠳᠣᠣᠷᠠᠬᠢ ᠲᠦᠷ ᠬᠡᠷᠡᠭᠯᠡᠬᠦ ᠭᠠᠵᠠᠷ ᠤᠨ  ᠫᠷᠥᠭᠷᠡᠮ ᠢ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠦᠷ ᠬᠡᠷᠡᠭᠯᠡᠬᠦ ᠭᠠᠵᠠᠷ ᠤᠨ ᠠᠭᠤᠯᠭ᠎ᠠ ᠶᠢ ᠨᠡᠶᠢᠭᠡᠮ ᠳᠤ ᠢᠯᠡ ᠨᠡᠶᠢᠲᠡᠯᠡᠶ᠎ᠡ᠂ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠣᠳᠣᠷᠬᠠᠶᠢᠯᠠᠶ᠎ᠠ᠄     ᠫᠷᠥᠭᠷᠡᠮ ᠤᠨ ᠨᠡᠷᠡᠶᠢᠳᠦᠯ᠄ ᠬᠥᠬᠡᠬᠤᠲᠠ  ᠠᠴᠠ ᠲᠦᠸᠧᠴᠢᠩ ᠬᠦᠷᠬᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠳᠣ ᠳᠠᠮᠵᠢᠭᠤᠯᠬᠤ ᠳᠠᠬᠢᠯᠲᠠ ᠤᠰᠤᠨ ᠤ ᠬᠤᠭᠤᠯᠠᠢ ᠶᠢᠨ ᠱᠤᠭᠤᠮ ᠤᠨ ᠢᠨᠵᠧᠨᠧᠷᠢᠩ ︵ᠲᠦᠮᠡᠳ ᠵᠡᠭᠦᠨ ᠬᠤᠰᠢᠭᠤ᠂ ᠢᠦᠢ ᠴᠢᠤᠸᠠᠨ ᠬᠡᠰᠡᠭ︶᠂ ᠭᠠᠵᠠᠷ ᠬᠡᠷᠡᠭᠯᠡᠬᠦ ᠨᠢᠭᠡᠴᠡ ᠨᠢ ᠬᠥᠬᠡᠬᠤᠲᠠ ᠶᠢᠨ ᠴᠦᠨ ᠬᠤᠸᠠ ᠳᠠᠬᠢᠯᠲᠠ ᠤᠰᠤᠨ ᠤ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ᠎ᠠ᠃ ᠭᠠᠵᠠᠷ ᠰᠢᠷᠣᠢ ᠨᠢ ᠲᠦᠮᠡᠳ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤᠨ ᠤ ᠪᠧᠨ ᠲᠠᠨ ᠲᠣᠰᠬᠤᠨ᠂ ᠳ᠋ᠦᠩ ᠪᠠ ᠱᠢ ᠲᠣᠰᠬᠤᠨ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠰᠢᠶᠣᠣ ᠾᠧᠢ ᠾᠧ ᠪᠠᠯᠭᠠᠰᠤᠨ ᠤ ᠪᠠᠨ ᠳ᠋ᠢᠩ ᠶᠢᠩ ᠲᠣᠰᠬᠤᠨ᠂ ᠳ᠋ᠦᠩ ᠵᠢᠶᠠ ᠯᠠᠨ ᠲᠣᠰᠬᠤᠨ ᠳᠤ ᠪᠠᠶᠢᠷᠢᠯᠠᠳᠠᠭ᠃ ᠵᠥᠪᠰᠢᠶᠡᠷᠡᠭᠰᠡᠨ ᠲᠠᠯᠠᠪᠠᠶ ᠨᠢ 5.8860 ᠾᠧᠺᠲ᠋ᠠᠷ ᠪᠠᠶᠢᠵᠤ᠂ ᠬᠡᠷᠡᠭᠴᠡᠭᠡ ᠨᠢ ᠭᠠᠵᠠᠷ ᠳᠣᠣᠷᠠᠬᠢ ᠬᠤᠭᠤᠯᠠᠢ ᠤᠲᠠᠰᠤ ᠳᠡᠪᠢᠰᠬᠦ ᠠᠵᠢᠯ ᠪᠠ ᠮᠠᠲ᠋ᠧᠷᠢᠶᠠᠯ ᠣᠪᠣᠭᠠᠯᠠᠬᠤ ᠠᠵᠢᠯ ᠪᠣᠯᠣᠨ᠎ᠠ᠃ ᠵᠥᠪᠰᠢᠶᠡᠷᠡᠭᠰᠡᠨ ᠡᠳᠦᠷ ᠬᠤᠭᠤᠴᠠᠭ᠎ᠠ ᠨᠢ 2023 ᠣᠨ ᠤ 11 ᠰᠠᠷ᠎ᠠ ᠶᠢᠨ 7 ᠤ ᠡᠳᠦᠷ᠂ ᠴᠣᠬᠤᠯᠠᠪᠤᠷᠢᠯᠠᠭᠰᠠᠨ ᠪᠢᠴᠢᠭ ᠤᠨ ᠳ᠋ᠤᠭᠠᠷ᠄ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠴᠣᠬᠤᠯᠠᠪᠤᠷᠢᠯᠠᠭᠰᠠᠨ ᠥᠰᠥᠭ ﹇2023﹈ 23 ᠳ᠋ᠤᠭᠠᠷ ᠲᠣᠭᠠᠲᠤ᠃ ᠬᠡᠷᠡᠭᠯᠡᠬᠦ ᠬᠤᠭᠤᠴᠠᠭ᠎ᠠ ᠨᠢ ᠨᠢᠭᠡ ᠵᠢᠯ ᠪᠣᠯᠣᠨ᠎ᠠ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号