ᠪᠠᠢ ᠮᠢᠶᠣᠣ ᠽᠢ ᠪᠠᠯᠭᠠᠰᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/23
     11 ᠰᠠᠷ᠎ᠠ ᠶᠢᠨ 22  ᠤᠨ ᠦᠳᠡ ᠶᠢᠨ ᠡᠮᠦᠨ᠎ᠡ᠂ ᠪᠠᠢ ᠮᠢᠶᠣᠣ ᠽᠢ ᠪᠦᠬᠦ ᠪᠠᠯᠭᠠᠰᠤᠨ ᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ  ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠲᠤᠭ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠳ᠋ᠦ᠋ ᠰᠢᠤᠸᠠᠢ ᠹᠠᠩ ᠭᠤᠣᠯ ᠰᠡᠳᠦᠪᠲᠦ ᠬᠥᠮᠦᠵᠢᠯ ᠪᠣᠯᠣᠨ ᠭᠤᠷᠪᠠᠨ ᠶᠠᠪᠤᠳᠠᠯ ᠢ ᠢᠯᠡ ᠪᠣᠯᠭᠠᠬᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠵᠡᠷᠭᠡ ᠠᠵᠢᠯ ᠳᠤ ᠴᠢᠭᠯᠡᠭᠦᠯᠦᠨ ᠪᠠᠶᠢᠷᠢᠯᠠᠭᠤᠯᠤᠯᠲᠠ ᠬᠢᠵᠦ᠂ ᠬᠡᠰᠡᠭ ᠲᠠᠯ᠎ᠠ ᠶᠢ ᠳᠠᠭᠠᠭᠠᠭᠰᠠᠨ ᠤᠳᠤᠷᠢᠳᠤᠯᠭ᠎ᠠ᠂ ᠲᠣᠰᠬᠤᠨ ᠢ ᠳᠠᠭᠠᠭᠠᠴᠢᠯᠠᠭᠰᠠᠨ ᠺᠠᠳ᠋ᠷ ᠢ ᠲᠣᠰᠬᠤᠨ ᠳᠤ ᠪᠠᠭᠤᠵᠤ ᠨᠠᠷᠢᠨ ᠲᠠᠩᠰᠠ ᠲᠠᠢ ᠬᠠᠷᠢᠴᠠᠭᠤᠯᠤᠨ ᠵᠢᠯᠤᠭᠤᠳᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃     ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ ᠬᠠᠶᠢᠯᠤᠨᠨᠠ ᠪᠥᠬᠦ ᠪᠠᠯᠭᠠᠰᠤᠨ ᠤ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠵᠦ᠂ ᠲᠣᠰ ᠤᠳᠠᠭᠠᠨ ᠤ ᠲᠣᠬᠢᠷᠠᠭᠤᠯᠤᠯᠲᠠ ᠨᠢ ︽ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠵᠦᠢ ᠵᠣᠬᠢᠰᠲᠠᠢ ᠲᠣᠬᠢᠷᠠᠭᠤᠯᠵᠤ᠂ ᠴᠢᠳᠠᠪᠤᠷᠢ ᠳᠤᠨᠢ ᠲᠣᠬᠢᠷᠠᠭᠤᠯᠤᠨ ᠬᠡᠷᠡᠭᠯᠡᠵᠦ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ︾ ᠵᠠᠷᠴᠢᠮ ᠢ ᠭᠦᠢᠴᠡᠳ ᠢᠯᠡᠷᠡᠭᠦᠯᠵᠦ᠂ ᠬᠤᠯᠪᠣᠭᠳᠠᠯ ᠪᠦᠬᠦᠢ ᠠᠵᠢᠯ ᠤᠨ ᠪᠠᠶᠢᠷᠢ ᠶᠢᠨ ᠨᠥᠬᠦᠳ ᠠᠵᠢᠯ ᠢᠶᠠᠨ ᠲᠤᠰᠢᠶᠠᠬᠤ ᠪᠠ ᠭᠥᠯᠢᠶᠡᠨ ᠠᠪᠬᠤ ᠶᠢ ᠠᠯᠢ ᠲᠦᠷᠭᠡᠨ ᠢᠶᠠᠷ ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠽᠢ ᠰᠢᠶᠣᠣ ᠱᠠᠭᠠᠷᠳᠠᠭᠰᠠᠨ ᠨᠢ᠂ ᠨᠢᠭᠡ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠲᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠬᠤᠶᠠᠷ ᠲᠤ ᠡᠯ᠎ᠡ ᠲᠣᠰᠬᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠳᠦᠯ ᠢ ᠪᠠᠳᠠᠷᠠᠭᠤᠯᠵᠤ ᠵᠥᠷᠢᠴᠡᠯ ᠢ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠲᠦᠷ ᠴᠠᠭ ᠤᠨ ᠱᠠᠰᠢᠨ ᠰᠤᠷᠲᠠᠬᠤᠨ ᠤ ᠲᠠᠯᠠᠪᠤᠷ ᠲᠤ ᠴᠢᠭᠯᠡᠭᠦᠯᠦᠨ ᠵᠢᠭᠰᠠᠭᠠᠨ ᠪᠠᠶᠢᠴᠠᠭᠠᠵᠤ ᠳᠠᠩᠰᠠᠯᠠᠬᠤ ᠬᠡᠷᠡᠭᠲᠡᠢ᠃     ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠠᠨ ᠶᠤᠸᠠᠢ ᠰᠢᠨ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠭᠰᠡᠨ ᠪᠠᠯᠭᠠᠰᠤᠨ ᠤ ᠺᠠᠳ᠋ᠷᠴᠤᠳ ᠤᠨ ᠲᠤᠬᠠᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠥᠷᠨᠢᠭᠦᠯᠪᠡ᠃ ᠺᠠᠳ᠋ᠷᠴᠤᠳ ᠢ ᠰᠠᠨᠠᠭᠤᠯᠬᠤ ᠪᠠ ᠰᠡᠷᠡᠮᠵᠢᠯᠡᠭᠦᠯᠬᠦ ᠪᠠᠷ ᠳᠠᠮᠵᠢᠭᠤᠯᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠨᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠠᠯ᠎ᠠ ᠪᠠᠷ ᠰᠠᠶᠢᠨ ᠡᠬᠢᠯᠡᠵᠦ᠂ ᠰᠠᠶᠢᠨ ᠠᠯᠬᠤᠮ ᠤᠨ ᠦᠢᠯᠡᠳᠦᠯ ᠭᠠᠷᠭᠠᠬᠤ ᠬᠡᠷᠡᠭᠲᠡᠢ᠃     ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠲᠤᠤ ᠺᠸ ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ︵ᠴᠠᠬᠢᠯᠭᠠᠨ︶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ 2024 ᠣᠨ ᠳᠤ ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ ︵ᠴᠠᠬᠢᠯᠭᠠᠨ︶ ᠶᠢ ᠪᠠᠶᠢᠴᠠᠭᠠᠨ ᠭᠠᠷᠭᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠨᠡᠷᠡᠰ ᠤᠨ ᠬᠦᠰᠦᠨᠦᠭᠲᠦ ᠶᠢ ᠰᠠᠶᠢᠲᠤᠷ ᠬᠠᠷᠭᠤᠭᠤᠯᠵᠤ᠂ ᠭᠤᠭᠤᠵᠢᠭᠰᠠᠨ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ ᠶᠢᠨ ᠬᠠᠮᠲᠤ ᠡᠨᠡ ᠵᠢᠯ ᠤᠨ ᠰᠡᠬᠦᠯ ᠬᠤᠷᠢᠶᠠᠬᠤ ᠠᠵᠢᠯ ᠳᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠬᠡᠷᠡᠭᠲᠡᠢ᠃     ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠪᠠᠯᠭᠠᠰᠤᠨ ᠤ ᠳᠠᠷᠤᠭ᠎ᠠ ᠳ᠋ᠠᠢ ᠰᠢᠨ ᠯᠸ 2023 ᠣᠨ ᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠦᠷ᠎ᠡ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷᠲᠠᠢ ᠪᠠᠷ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠢ ᠴᠠᠭ ᠲᠤᠬᠠᠢ ᠳᠤᠨᠢ ᠳᠠᠭᠠᠵᠤ᠂ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠠᠩᠰᠠ ᠡᠪᠬᠡᠮᠡᠯ ᠤᠨ ᠬᠠᠮᠢᠶᠠᠷᠤᠯᠲᠠ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ᠂ ᠲᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠡᠷᠭᠡᠶᠢᠯᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠪᠠᠬᠢᠵᠢᠭᠦᠯᠬᠦ ᠵᠡᠷᠭᠡ ᠠᠵᠢᠯ ᠳᠤ ᠴᠢᠭᠯᠡᠭᠦᠯᠦᠨ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃     ᠪᠠᠯᠭᠠᠰᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠸᠠᠩ ᠵᠢᠶᠠᠨ ᠴᠤᠤ ᠡᠰᠢ ᠰᠦᠷᠡᠯ ᠢ ᠲᠠᠷᠢᠶᠠᠨ ᠠᠴᠠ ᠰᠠᠯᠭᠠᠬᠤ ᠠᠵᠢᠯ᠂ ᠠᠲᠠᠷᠰᠢᠭᠤᠯᠤᠭᠰᠠᠨ ᠭᠠᠵᠠᠷ ᠢ ᠵᠢᠭᠰᠠᠭᠠᠨ ᠪᠠᠶᠢᠴᠠᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠲᠠᠭᠤᠷᠠᠭᠤᠯᠤᠭᠰᠠᠨ ᠤᠩᠭᠤᠨ ᠢ ᠴᠡᠭᠴᠡᠯᠡᠨ ᠵᠠᠰᠠᠬᠤ᠂ ᠤᠢ ᠰᠢᠭᠤᠢ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠭ᠎ᠠ ᠶᠢᠨ ᠭᠡᠰᠢᠭᠦᠨ ᠶᠦᠨ ᠱᠠ ᠱᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠲᠠᠯ᠎ᠠ ᠨᠤᠲᠤᠭ ᠤᠨ ᠨᠣᠮ ᠤᠨ ᠦᠷᠦᠭᠡ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠪᠠᠯᠭᠠᠰᠤ ᠲᠣᠰᠬᠤᠨ ᠤ ᠺᠠᠳ᠋ᠷᠴᠤᠳ ᠡᠯ᠎ᠡ ᠵᠦᠢᠯ ᠤᠨ ᠴᠢᠬᠤᠯᠠ ᠴᠢᠨᠠᠷ ᠪᠣᠯᠣᠨ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ ᠪᠠᠷ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠤᠨ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠡᠯ᠎ᠡ ᠲᠣᠰᠬᠤᠨ ᠳᠤ ᠬᠠᠷᠢᠭᠤ ᠲᠤᠰᠬᠠᠬᠤ ᠶᠢᠨ ᠬᠠᠮᠲᠤ ᠡᠯ᠎ᠡ ᠲᠣᠰᠬᠤᠨ ᠤ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠵᠤ᠂ ᠣᠯᠠᠨ ᠢᠶᠠᠷ ᠢᠶᠠᠨ ︽ᠮᠣᠷᠠᠯ᠂ ᠴᠢᠳᠠᠪᠤᠷᠢ᠂ ᠠᠵᠢᠯᠴᠢ᠂ ᠪᠦᠲᠦᠮᠵᠢ᠂ ᠠᠷᠢᠭᠤᠨ ᠴᠢᠬᠡᠴᠢ︾ ᠲᠠᠪᠤᠨ ᠲᠠᠯ᠎ᠠ ᠶᠢᠨ ᠱᠠᠭᠠᠷᠳᠠᠯᠭ᠎ᠠ ᠪᠠᠷ ᠦᠭᠡ ᠶᠠᠷᠢᠶ᠎ᠠ ᠦᠶᠯᠡ ᠠᠵᠢᠯᠯᠠᠭ᠎ᠠ ᠪᠠᠨ ᠵᠢᠷᠤᠮᠵᠢᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ 
 
ᠢᠷᠡᠯᠲᠡ᠄ ᠪᠠᠢ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号