11 ᠰᠠᠷ᠎ᠠ ᠶᠢᠨ 21 ᠤ ᠡᠳᠦᠷ᠂ ᠬᠤᠶᠢᠲᠤ ᠰᠢᠷ᠎ᠠ ᠵᠤᠤ ᠰᠢᠶᠠᠩ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠵᠡᠭᠡᠯᠢ ᠳᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠭᠤᠣᠯᠳᠠᠭᠤ ᠬᠤᠳᠠᠯᠳᠤᠭᠠᠨ ᠤ ᠵᠡᠭᠡᠯᠢ ᠳᠠᠭᠠᠤ ᠶᠢᠨ ᠬᠤᠳᠠᠯᠳᠤᠭᠠᠨ ᠤ | ᠫᠦᠰᠡ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠡᠭᠦᠳᠡᠨ ᠡᠮᠦᠨᠡᠬᠢ ᠶᠠᠪᠠᠭᠠᠨ ᠬᠥᠮᠥᠨ ᠤ ᠶᠠᠪᠠᠭᠠᠨ ᠵᠠᠮ ᠢ ᠡᠵᠡᠯᠡᠨ ᠬᠤᠭ ᠨᠣᠪᠰᠢ ᠣᠪᠣᠭᠠᠯᠠᠬᠤ ᠵᠢᠴᠢ ᠢᠯᠡ | ᠭᠠᠷᠭᠠᠭᠰᠠᠨ ᠬᠤᠭ ᠨᠣᠪᠰᠢ ᠶᠢ ᠶᠡᠷᠦᠩᠬᠡᠶᠢᠯᠡᠨ ᠴᠡᠭᠴᠡᠯᠡᠨ ᠴᠡᠪᠡᠷᠯᠡᠵᠦ᠂ ᠬᠤᠳᠠᠯᠳᠤᠭᠠᠨ ᠤ ᠵᠡᠭᠡᠯᠢ ᠶᠢᠨ ᠵᠠᠮ ᠤᠨ | ᠬᠤᠶᠠᠷ ᠬᠠᠵᠠᠭᠤ ᠵᠢᠴᠢ ᠬᠠᠵᠠᠭᠤ ᠶᠢᠨ ᠭᠤᠤ ᠶᠢᠨ ᠳᠣᠲᠣᠷᠠᠬᠢ ᠬᠤᠭ ᠨᠣᠪᠰᠢ᠂ ᠬᠤᠭ ᠡᠪᠡᠰᠦ ᠵᠡᠷᠭᠡ | ᠣᠪᠣᠭᠠᠯᠠᠭᠰᠠᠨ ᠪᠣᠳᠠᠰ ᠢ ᠲᠥᠪᠯᠡᠷᠡᠭᠦᠯᠦᠨ ᠳᠠᠭᠠᠷᠢᠨ᠎ᠠ᠃ ᠴᠡᠭᠴᠡᠯᠡᠨ ᠵᠠᠰᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ | ᠠᠵᠢᠯᠲᠠᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠵᠠᠷᠴᠢᠮ ᠶᠣᠰᠣᠭᠠᠷ᠂ | ᠳᠡᠯᠭᠡᠭᠡ ᠮᠠᠶᠢᠮᠠᠢ ᠶᠢᠨ ᠡᠵᠡᠨ ᠢ ᠰᠢᠮᠳᠠᠭᠤᠯᠵᠤ ᠪᠠᠶᠢᠭᠠᠳ ᠲᠤᠬᠠᠢ ᠶᠢᠨ ᠲᠠᠯᠠᠪᠤᠷ ᠲᠤᠨᠢ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ᠂ ᠲᠡᠳᠡᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ | ᠂ ᠡᠵᠡᠩᠨᠡᠭᠴᠢᠳ ᠤᠨ ᠬᠠᠤᠯᠢ ᠴᠠᠭᠠᠵᠠ ᠶᠢ ᠵᠢᠷᠤᠮᠯᠠᠨ ᠰᠠᠬᠢᠬᠤ᠂ ᠣᠷᠴᠢᠨ ᠲᠣᠭᠤᠷᠢᠨ ᠤ ᠡᠮᠬᠢ ᠳᠢᠭᠯᠢᠮ ᠢ | ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠬᠠᠷᠢᠶ᠎ᠠ ᠣᠷᠣᠨ ᠤ ᠤᠯᠠᠨ | ᠲᠦᠮᠡᠨ ᠳᠤ ᠡᠷᠡᠭᠦᠯ ᠬᠠᠮᠠᠭᠠᠯᠠᠯ ᠤᠨ ᠬᠥᠮᠦᠵᠢᠯ ᠪᠠ ᠤᠬᠠᠭᠤᠯᠭ᠎ᠠ ᠬᠢᠵᠦ᠂ ᠤᠯᠠᠨ ᠲᠦᠮᠡᠨ ᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠬᠠᠮᠠᠭᠠᠯᠠᠬᠤ ᠳᠤ ᠣᠷᠣᠯᠴᠠᠬᠤ ᠤᠬᠠᠮᠰᠠᠷᠲᠤ ᠴᠢᠨᠠᠷ ᠪᠠ ᠢᠳᠡᠪᠬᠢᠵᠢᠯ ᠢ ᠲᠠᠶᠢᠴᠢᠯᠠᠪᠠ᠃ | ᠴᠡᠭᠴᠡᠯᠡᠨ ᠵᠠᠰᠠᠬᠤ ᠪᠠᠷ ᠳᠡᠮᠵᠢᠨ᠂ ᠵᠡᠭᠡᠯᠢ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠭᠡ ᠪᠠᠷ | ᠰᠠᠶᠢᠵᠢᠷᠠᠭᠤᠯᠵᠤ᠂ ᠬᠤᠶᠢᠰᠢᠳᠠ᠂ ᠬᠤᠶᠢᠲᠤ ᠰᠢᠷ᠎ᠠ ᠵᠣ ᠰᠢᠶᠠᠩ ᠬᠤᠳᠠᠯᠳᠤᠭᠠᠨ ᠤ ᠵᠡᠭᠡᠯᠢ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠳᠤ ᠦᠷᠭᠦᠯᠵᠢᠯᠡᠨ ᠪᠠᠶᠢᠴᠠᠭᠠᠯᠲᠠ ᠬᠢᠵᠦ᠂ ᠬᠤᠳᠠᠯᠳᠤᠭᠠᠨ ᠤ ᠡᠷᠦᠬᠡ ᠶᠢ ᠴᠠᠭ | ᠲᠤᠬᠠᠢ ᠳᠤᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠤᠳᠠᠯᠳᠤᠭᠠᠨ ᠤ ᠵᠡᠭᠡᠯᠢ ᠶᠢᠨ ᠡᠯ᠎ᠡ ᠵᠦᠢᠯ ᠤᠨ | ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠤᠳᠠᠯᠳᠤᠭᠠᠨ ᠤ ᠵᠡᠭᠡᠯᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠᠯᠳᠤᠭᠠᠨ ᠤ ᠡᠷᠦᠬᠡ ᠪᠣᠯᠣᠨ ᠰᠠᠭᠤᠭᠠᠯᠢ | ᠡᠷᠦᠬᠡ ᠶᠢᠨ ᠵᠡᠭᠡᠯᠢ ᠲᠣᠭᠤᠷᠢᠭ ᠤᠨ ᠪᠦᠬᠦ᠋ᠢᠯᠡ ᠣᠷᠴᠢᠨ ᠲᠣᠭᠤᠷᠢᠨ ᠤ ᠲᠤᠬᠠᠢ ᠬᠠᠨᠤᠮᠵᠢ ᠶᠢᠨ ᠬᠡᠮᠵᠢᠶ᠎ᠡ ᠪᠣᠯᠣᠨ | ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | |